10 ᠰᠠᠷ᠎ᠠ ᠶᠢᠨ 6 ᠤ ᠡᠳᠦᠷ᠂ ᠵᠢᠭᠤᠯᠴᠢᠯᠠᠬᠰᠠᠳ ᠠᠯᠠᠱᠠ ᠠᠶᠢᠮᠠᠬ ᠤᠨ ᠡᠵᠡᠨ᠎ᠠ ᠬᠤᠰᠢᠭᠤᠨ ᠳᠤ ᠲᠤᠤᠷᠠᠢ ᠶᠢᠨ ᠤᠢ ᠶᠢᠨ ᠦᠵᠡᠮᠵᠢ ᠶᠢ ᠰᠤᠨᠢᠷᠬᠠᠨ᠎ᠠ᠃ ᠠᠯᠳᠠᠨ ᠨᠠᠮᠤᠷ ᠤᠨ 10 ᠰᠠᠷ᠎ᠠ ᠳᠤ᠂ 2020 ᠡᠵᠡᠨ᠎ᠠ ᠶᠢᠨ ᠬᠤᠷᠢᠨ ᠨᠢᠭᠡᠳᠦᠭᠡᠷ ᠬᠤᠭᠤᠴᠠᠭᠠᠨ ᠤ ᠠᠯᠳᠠᠨ ᠨᠠᠮᠤᠷ ᠤᠨ ᠲᠤᠤᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠡᠬᠢᠯᠡᠪᠡ᠃ ᠲᠤᠰ ᠬᠤᠭᠤᠴᠠᠭᠠᠨ ᠤ ᠵᠢᠭᠤᠯᠴᠢᠯᠠᠯ ᠤᠨ ᠨᠠᠶᠢᠷ ᠤᠨ ᠬᠤᠭᠤᠴᠠᠭᠠᠨ ᠳᠤ ᠲᠤᠤᠷᠠᠢ ᠶᠢᠨ ᠭᠤᠴᠤ ᠦᠵᠡᠮᠵᠢ ᠶᠢᠨ ᠳᠤᠮᠳᠠ ᠪᠠᠶᠠᠯᠢᠭ ᠰᠠᠶᠢᠬᠠᠨ ᠠᠭᠤᠯᠭ᠎ᠠ ᠲᠠᠢ ᠰᠤᠶᠤᠯ ᠪᠡᠶ᠎ᠠ ᠶᠢᠨ ᠲᠠᠮᠢᠷ ᠤᠨ ᠤᠷᠤᠯᠳᠤᠭᠠᠨ ᠡᠷᠬᠢᠯᠡᠵᠦ᠂ ᠨᠠᠢᠮᠠᠨ ᠵᠦᠭ ᠤᠨ ᠵᠤᠴᠢᠳ ᠲᠤ ᠦᠵᠡᠰᠬᠦᠯᠡᠩᠳᠦ ᠰᠠᠶᠢᠬᠠᠨ ᠡᠵᠡᠨ᠎ᠠ ᠶᠢᠨ ᠲᠤᠤᠷᠠᠢ ᠶᠢᠨ ᠷᠢᠳᠢ ᠰᠢᠳᠢ ᠶᠢ ᠮᠡᠳᠡᠷᠡᠬᠦᠯᠬᠦ ᠪᠤᠯᠤᠨ᠎ᠠ᠃︵ ᠠᠯᠠᠱᠠ ᠮᠤᠠᠭ᠍ᠭᠤᠯ ᠰᠦᠯᠵᠢᠶ᠎ᠠ︶