 

︽ᠬᠤᠨ ᠭᠠᠯᠠᠭᠤ ᠠᠵᠢᠯᠯᠠᠭ᠎ᠠ︾ ᠨᠢ ᠮᠠᠨ ᠤ ᠣᠷᠣᠨ ᠤ ᠴᠢᠳᠠᠪᠤᠷᠢᠳᠠᠨ ᠤᠷᠢᠵᠤ ᠠᠪᠴᠢᠷᠠᠬᠤ ᠴᠢᠬᠤᠯᠠ ᠠᠴᠢᠶᠠᠯᠠᠪᠣᠷᠢ ᠪᠣᠯᠪᠠ

2019-09-16 17:37
  329
  0
 
  ᠤᠢᠢᠷ᠎ᠠ ᠶᠢᠨ ᠵᠢᠯ ᠠᠴᠠ ᠨᠠᠭᠠᠰᠢ᠂ ᠮᠠᠨ ᠤ ᠤᠷᠤᠨ ᠴᠢᠳᠠᠪᠤᠷᠢᠳᠠᠨ ᠢ ᠤᠷᠢᠳ ᠢᠶᠠᠷ ᠪᠤᠳᠤᠯᠬᠢᠯᠠᠭᠰᠠᠨ ᠬᠦᠭᠵᠢᠯᠳᠠ ᠶᠢ ᠤᠷᠤᠨ ᠢᠶᠠᠨ ᠬᠦᠴᠤᠷᠭᠡᠭᠵᠢᠬᠦᠯᠵᠤ ᠠᠷᠠᠳ ᠢᠶᠠᠨ ᠪᠠᠶᠠᠵᠢᠭᠤᠯᠬᠤ ᠴᠢᠬᠤᠯᠠ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠪᠤᠯᠭᠠᠵᠤ᠂ ᠴᠢᠳᠠᠪᠤᠷᠢᠳᠠᠨ ᠤᠷᠢᠵᠤ ᠠᠪᠴᠢᠷᠠᠬᠤ ᠠᠵᠢᠯ ᠢ ᠢᠳᠡᠪᠬᠢᠳᠠᠢ ᠦᠷᠨᠢᠬᠦᠯᠵᠤ᠂ ᠴᠢᠳᠠᠪᠤᠷᠢᠳᠠᠨ ᠬᠦᠮᠦᠵᠢᠭᠦᠯᠭᠦ ᠴᠢᠳᠠᠪᠤᠷᠢᠳᠠᠨ ᠤᠷᠢᠵᠤ ᠠᠪᠴᠢᠷᠠᠬᠤ ᠴᠢᠳᠠᠪᠤᠷᠢᠳᠠᠨ ᠬᠡᠷᠡᠭᠯᠡᠭᠦ ᠲᠤᠬᠳᠠᠴᠠ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠢᠯᠡᠳᠳᠡ ᠠᠮᠵᠢᠯᠳᠠ ᠤᠯᠤᠭᠰᠠᠨ ᠪᠠᠶᠢᠨ᠎ᠠ᠃
  2011 ᠤᠨ ᠠᠴᠠ ᠡᠬᠢᠯᠡᠵᠤ᠂ ᠮᠠᠨ ᠤ ᠤᠷᠤᠨ ᠪᠡᠭᠡᠵᠢᠩ ᠬᠤᠳᠠ ᠲᠠᠢ ᠠᠵᠢᠯ ᠲᠦᠷᠦᠯ ᠢᠶᠠᠷ ᠬᠠᠪᠰᠤᠷᠤᠨ ᠲᠠᠳᠬᠦᠬᠦ ᠬᠠᠮᠵᠢᠯᠴᠠᠭᠠᠨ ᠤ ᠠᠵᠢᠯ ᠢ ᠦᠷᠨᠢᠬᠦᠯᠪᠠ᠃ ᠡᠨᠡ ᠬᠦ ᠠᠵᠠ ᠲᠤᠬᠢᠶᠠᠯ ᠢ ᠠᠮᠵᠢᠵᠤ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠪᠡᠭᠡᠵᠢᠩ ᠦᠪᠤᠷ ᠮᠤᠩᠭᠤᠯ ᠤᠨ ᠴᠢᠳᠠᠪᠤᠷᠢᠳᠠᠨ ᠤ ᠰᠤᠯᠢᠯᠴᠠᠭ᠎ᠠ ᠬᠠᠮᠳᠤᠷᠠᠯᠴᠠᠭᠠᠨ ᠤ ᠲᠠᠪᠴᠠᠩ ᠢ ᠠᠰᠢᠬᠯᠠᠵᠤ᠂ ᠤᠶᠠᠨ ᠬᠠᠳᠠᠨ ᠢᠶᠠᠷ ᠴᠢᠳᠠᠪᠤᠷᠢᠳᠠᠨ ᠤᠷᠢᠵᠤ ᠠᠪᠴᠢᠷᠠᠬᠤ ᠲᠦᠯᠦᠪᠯᠡᠭᠡ ︽ᠬᠤᠨ ᠭᠠᠯᠠᠭᠤ ᠠᠵᠢᠯᠯᠠᠭ᠎ᠠ︾ ᠶᠢ ᠡᠬᠢᠯᠡᠨ ᠭᠡᠷᠡᠭᠵᠢᠬᠦᠯᠵᠠᠢ᠃ 2015 ᠤᠨ ᠤ 9 ᠰᠠᠷ᠎ᠠ ᠳᠤ᠂ ᠪᠡᠭᠡᠵᠢᠩ ᠳᠤ ︽ᠬᠤᠨ ᠭᠠᠯᠠᠭᠤ ᠠᠵᠢᠯᠯᠠᠭ᠎ᠠ︾ ᠶᠢᠨ ᠵᠤᠬᠢᠶᠠᠨ ᠪᠠᠶᠢᠭᠤᠯᠬᠤ ᠺᠤᠮᠢᠰ ᠪᠠᠶᠢᠭᠤᠯᠵᠤ᠂ ᠦᠪᠦᠷ ᠮᠤᠩᠭᠤᠯ ᠤᠨ ᠶᠡᠭᠡ ᠲᠡᠭᠡᠳᠤ ᠰᠤᠷᠭᠠᠭᠤᠯᠢ᠂ ᠡᠯ᠎ᠠ ᠭᠠᠵᠠᠷ ᠤᠨ ᠬᠤᠳᠠᠯᠳᠤᠭᠠᠴᠢᠨ ᠤ ᠡᠪᠯᠠᠯ ᠤᠨ ᠵᠤᠬᠢᠶᠠᠨ ᠪᠠᠶᠢᠭᠤᠯᠤᠯᠳᠠ ᠶᠢ ᠰᠤᠩᠭᠤᠨ ︽ᠬᠤᠨ ᠭᠠᠯᠠᠭᠤ  ᠠᠵᠢᠯᠯᠠᠭ᠎ᠠ︾ ᠳᠤ ᠤᠷᠤᠯᠴᠠᠭᠤᠯᠵᠤ᠂ ᠪᠡᠭᠡᠵᠢᠩ ᠱᠠᠩᠬᠠᠢ ᠳᠤ ︽ᠬᠤᠨ ᠭᠠᠯᠠᠭᠤ ᠠᠵᠢᠯᠯᠠᠭ᠎ᠠ︾ ᠶᠢᠨ ᠠᠵᠢᠯ ᠤᠨ ᠬᠤᠷᠠᠯ᠂ ᠵᠤᠯᠭᠠᠯᠴᠠᠭᠤᠯᠬᠤ ᠬᠤᠷᠠᠯ ᠢ 5 ᠤᠳᠠᠭ᠎ᠠ ᠬᠤᠷᠠᠯᠳᠤᠭᠤᠯᠤᠨ᠂ ᠠᠵᠢᠯᠯᠠᠭ᠎ᠠ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠪᠠ᠃ 2017 ᠤᠨ ᠠᠴᠠ ᠨᠠᠭᠠᠰᠢ᠂ ᠮᠠᠨ ᠤ ᠤᠷᠤᠨ ᠴᠢᠳᠡᠪᠤᠷᠢᠳᠠᠨ ᠤ ᠬᠦᠭᠵᠢᠯᠳᠡ ᠶᠢᠨ ᠲᠤᠭᠳᠠᠴᠠ ᠪᠠᠶᠢᠭᠤᠯᠤᠮᠵᠢ ᠶᠢᠨ ᠦᠬᠡᠷᠡᠴᠢᠯᠡᠯᠳᠠ ᠶᠢ ᠬᠦᠨᠵᠡᠭᠡᠶᠢᠷᠡᠬᠦᠯᠬᠦ ᠪᠠᠷ ᠭᠤᠤᠯ ᠱᠤᠭᠤᠮ ᠪᠤᠯᠭᠠᠵᠤ᠂ ︽1+N+X︾ ᠴᠢᠳᠠᠪᠤᠷᠢᠳᠠᠨ ᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠤ᠂ 2017 ᠤᠨ ᠳᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠤᠷᠢᠵᠤ ᠠᠪᠴᠢᠷᠠᠬᠰᠠᠨ ᠴᠢᠳᠠᠪᠤᠷᠢᠳᠠᠨ 381 ᠬᠦᠮᠦᠨ ᠪᠠᠶᠢᠵᠤ᠂ 2016 ᠤᠨ ᠤ ᠬᠢ ᠠᠴᠠ 3 ᠲᠠᠬᠢᠨ ᠢᠶᠠᠷ ᠨᠡᠮᠡᠭᠳᠡᠵᠡᠢ᠃ 2018 ᠤᠨ ᠤ 9 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ︽ᠤᠶᠠᠨ ᠬᠠᠳᠠᠨ ᠢᠶᠠᠷ ᠴᠢᠳᠠᠪᠤᠷᠢᠳᠠᠨ ᠤᠷᠢᠵᠤ ᠠᠪᠴᠢᠷᠠᠬᠤ ︿ᠬᠤᠨ ᠭᠠᠯᠠᠭᠤ ᠠᠵᠢᠯᠯᠠᠭ᠎ᠠ﹀ ᠶᠢ ᠦᠷᠨᠢᠬᠦᠯᠬᠦ ᠲᠤᠬᠠᠢ ᠭᠡᠷᠡᠭᠵᠢᠬᠦᠯᠬᠦ ᠰᠠᠨᠠᠯ︾ ᠢ ᠨᠠᠶᠢᠳᠡᠯᠡᠵᠤ᠂ ᠲᠦᠷᠦᠯ ᠵᠦᠢᠯ ᠤᠨ ᠬᠠᠮᠳᠤᠷᠠᠯᠴᠠᠭ᠎ᠠ᠂ ᠲᠤᠰᠢᠶᠠᠯ ᠬᠠᠪᠰᠤᠷᠭᠠᠨ ᠦᠢᠯᠡᠴᠢᠯᠡᠬᠦ᠂ ᠵᠦᠪᠳᠡᠯᠴᠡᠨ ᠵᠢᠯᠤᠭᠤᠳᠬᠤ᠂ ᠠᠵᠢᠯ ᠲᠦᠷᠦᠯ ᠢᠶᠠᠷ ᠲᠡᠮᠵᠢᠬᠦ᠂ ᠮᠡᠷᠭᠡᠵᠢᠯ ᠢᠶᠠᠷ ᠬᠤᠪᠢ ᠤᠷᠤᠭᠤᠯᠬᠤ ᠵᠡᠷᠭᠡ ᠵᠢᠷᠭᠤᠭᠠᠨ ᠲᠦᠷᠦᠯ ᠢ ᠭᠤᠤᠯᠳᠠᠯᠭ᠎ᠠ ᠪᠤᠯᠭᠠᠵᠤ ᠤᠶᠠᠨ ᠬᠠᠳᠠᠨ ᠢᠶᠠᠷ ᠴᠢᠳᠠᠪᠤᠷᠢᠳᠠᠨ ᠤᠷᠢᠵᠤ ᠠᠪᠴᠢᠷᠠᠬᠤ ᠪᠠᠷ ᠲᠤᠭᠳᠠᠵᠠᠢ᠃
  ︽ᠬᠤᠨ ᠭᠠᠯᠠᠭᠤ ᠠᠵᠢᠯᠯᠠᠭ᠎ᠠ︾ ᠨᠢ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠡᠸᠦ᠋ᠷᠦᠫᠡ ᠠᠮᠧᠷᠢᠺᠠ ᠶᠢᠨ ᠬᠡᠰᠡᠭ ᠤᠯᠤᠰ ᠵᠢᠴᠢ ᠳ᠋ᠤᠺᠲ᠋ᠤᠷ ᠤᠨ ᠦᠢᠯᠡᠴᠢᠯᠡᠭᠡᠨ ᠤ ᠪᠦᠯᠬᠦᠮ ᠵᠡᠷᠭᠡ ᠶᠢ ᠬᠠᠮᠤᠷᠴᠤ᠂ 1548 ᠲᠡᠭᠡᠳᠦ ᠲᠡᠰ ᠤᠨ ᠴᠢᠳᠠᠪᠤᠷᠢᠳᠠᠨ ᠤᠷᠢᠵᠤ ᠠᠪᠴᠢᠷᠠᠬᠤ ᠶᠢᠨ ᠬᠠᠮᠳᠤ ᠪᠡᠭᠡᠵᠢᠩ᠂ ᠱᠠᠩᠬᠠᠢ᠂ ᠱᠧᠨᠵᠧᠨ ᠤ ᠠᠵᠢᠯ ᠠᠬᠢᠭᠤᠯᠬᠤ ᠬᠤᠷᠠᠯ ᠪᠠ ᠤᠯᠠᠭᠠᠨᠴᠠᠪ᠂ ᠪᠤᠭᠤᠳᠤ᠂ ᠰᠢᠯᠢ ᠶᠢᠨ ᠭᠤᠤᠯ ᠤᠨ ᠴᠢᠳᠠᠪᠤᠷᠢᠳᠠᠨ ᠤᠷᠢᠵᠤ ᠵᠤᠯᠭᠠᠯᠴᠠᠭᠤᠯᠬᠤ ᠬᠤᠷᠠᠯ ᠢ ᠠᠮᠵᠢᠯᠳᠡ ᠲᠠᠢ ᠡᠷᠬᠢᠯᠡᠵᠤ᠂ ᠮᠠᠨ ᠤ ᠤᠷᠤᠨ ᠤ ᠤᠶᠠᠨ ᠬᠠᠳᠠᠨ ᠢᠶᠠᠷ ᠴᠢᠳᠠᠪᠤᠷᠢᠳᠠᠨ ᠤᠷᠢᠵᠤ ᠠᠪᠴᠢᠷᠠᠬᠤ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃ ᠡᠭᠦᠨ ᠤ ᠬᠠᠮᠳᠤ᠂ ᠮᠠᠨ ᠤ ᠤᠷᠤᠨ ᠪᠡᠭᠡᠵᠢᠩ ᠦᠪᠦᠷ ᠮᠤᠩᠭᠤᠯ ᠤᠨ ᠴᠢᠳᠠᠪᠤᠷᠢᠳᠠᠨ ᠤ ᠰᠤᠯᠢᠯᠴᠠᠭᠠᠨ ᠤ ᠲᠠᠪᠴᠠᠩ ᠢ ᠨᠠᠩ ᠦᠷᠭᠡᠳᠭᠡᠵᠤ᠂ ᠪᠡᠭᠡᠵᠢᠩ ᠬᠤᠳᠠ ᠶᠢᠨ ᠲᠠᠪᠠᠭᠤᠯᠢᠭ ᠲᠤ ᠲᠦᠰᠢᠭᠯᠡᠨ᠂ ᠮᠠᠨ ᠤ ᠤᠷᠤᠨ ᠤ ᠰᠤᠷᠭᠠᠨ ᠬᠦᠮᠦᠵᠢᠯ᠂ ᠰᠤᠶᠤᠯ ᠪᠡᠶ᠎ᠠ ᠶᠢᠨ ᠲᠠᠮᠢᠷ᠂ ᠡᠳ᠋ ᠤᠨ ᠵᠠᠰᠠᠭ ᠬᠠᠦᠯᠢ ᠴᠠᠭᠠᠵᠠ᠂ ᠡᠮ ᠡᠮᠨᠡᠯᠭᠡ ᠡᠷᠡᠭᠦᠯ ᠬᠠᠮᠠᠭᠠᠯᠠᠯ᠂ ᠮᠠᠯ ᠠᠵᠤ ᠠᠬᠤᠢ ᠲᠠᠷᠢᠶᠠᠯᠠᠩ ᠠᠮᠢ ᠠᠬᠤᠢ ᠵᠢᠭᠤᠯᠴᠢᠯᠠᠯ ᠵᠡᠷᠭᠡ 10 ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠺᠠᠳ᠋ᠷ ᠪᠤᠯᠤᠨ ᠲᠤᠰᠬᠠᠢ ᠮᠡᠷᠭᠡᠵᠢᠯ ᠤᠨ ᠬᠦᠮᠦᠰ ᠲᠤ ᠪᠤᠯᠪᠠᠰᠤᠷᠠᠯ ᠬᠦᠷᠳᠡᠭᠡᠵᠤ᠂ ᠲᠤᠰᠬᠠᠢ ᠮᠡᠷᠭᠡᠵᠢᠯ ᠪᠦᠷᠢ ᠠᠴᠠ 100 ᠴᠢᠳᠠᠪᠤᠷᠢᠳᠠᠨ ᠢ ᠬᠦᠮᠦᠵᠢᠭᠦᠯᠭᠦ ᠪᠠᠷ ᠬᠠᠷᠠᠯᠳᠠ ᠪᠤᠯᠭᠠᠵᠠᠢ᠃ ︽ᠬᠤᠨ ᠭᠠᠯᠠᠭᠤ ᠠᠵᠢᠯᠯᠠᠭ᠎ᠠ︾ ᠪᠠᠰᠠ ᠲᠡᠭᠡᠳᠤ ᠲᠡᠰ ᠤᠨ ᠴᠢᠳᠠᠪᠤᠷᠢᠳᠠᠨ᠂ ᠤᠨᠴᠠᠭᠠᠢ ᠴᠢᠳᠠᠪᠤᠷᠢᠳᠠᠨ᠂ ᠪᠠᠴᠢᠮ ᠱᠠᠭᠠᠷᠳᠠᠯᠭ᠎ᠠ ᠲᠠᠢ ᠴᠢᠳᠠᠪᠤᠷᠢᠳᠠᠨ ᠳᠤ ᠭᠠᠵᠠᠷ ᠤᠷᠤᠨ᠂ ᠡᠷᠦᠭᠡ ᠠᠮᠨ ᠶᠢᠨ ᠲᠠᠩᠰᠠ᠂ ᠪᠡᠶ᠎ᠠ ᠶᠢᠨ ᠭᠠᠷᠤᠯ᠂ ᠠᠵᠢᠯᠳᠠᠨ ᠤ ᠬᠠᠷᠢᠴᠠᠭ᠎ᠠ ᠵᠡᠷᠭᠡ ᠬᠢᠵᠠᠭᠠᠷᠯᠠᠯ ᠢ ᠡᠪᠳᠡᠵᠤ᠂ ᠵᠢᠭᠡᠯᠡᠨ ᠬᠡᠷᠡᠭᠯᠡᠵᠤ ᠤᠷᠢᠨ ᠬᠡᠷᠡᠭᠯᠡᠬᠦ᠂ ᠴᠠᠯᠢᠩ ᠲᠤᠰᠢᠶᠠᠯ ᠬᠠᠪᠰᠤᠷᠭᠠᠬᠤ᠂ ᠤᠨᠳᠤᠤ ᠭᠠᠵᠠᠷ ᠰᠤᠳᠤᠯᠭᠠᠨ ᠬᠢᠬᠦ ᠵᠡᠷᠭᠡ ᠤᠶᠠᠨ ᠬᠠᠳᠠᠨ ᠢᠶᠠᠷ ᠴᠢᠳᠠᠪᠤᠷᠢᠳᠠᠨ ᠤᠷᠢᠵᠤ ᠠᠪᠴᠢᠷᠠᠬᠤ ᠵᠠᠮ ᠢ ᠰᠠᠭᠠᠳ ᠦᠭᠡᠢ ᠨᠡᠪᠳᠡᠷᠡᠬᠦᠯᠪᠠ᠃
  ᠤᠳᠤ ︽ᠬᠤᠨ ᠭᠠᠯᠠᠭᠤ ᠠᠵᠢᠯᠯᠠᠭ᠎ᠠ︾ ᠨᠢ ᠮᠠᠨ ᠤ ᠤᠷᠤᠨ ᠤ ᠴᠢᠳᠠᠪᠤᠷᠢᠳᠠᠨ ᠤᠷᠢᠵᠤ ᠠᠪᠴᠢᠷᠠᠬᠤ ᠴᠢᠬᠤᠯᠠ ᠠᠴᠢᠶᠠᠯᠠᠪᠤᠷᠢ ᠪᠤᠯᠵᠠᠢ᠃ ︽ᠬᠤᠨ ᠭᠠᠯᠠᠭᠤ ᠠᠵᠢᠯᠯᠠᠭ᠎ᠠ︾ ᠶᠢᠨ ᠬᠦᠨᠳᠦᠳᠤ ᠵᠤᠴᠢᠨ ᠶᠠᠩ ᠳ᠋ᠧ ᠶᠦᠩ ᠬᠢᠭᠡᠳ ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠬᠠᠮᠳᠤᠷᠠᠵᠤ᠂ ᠬᠤᠪᠸᠢ ᠮᠤᠵᠢ ᠶᠢᠨ ᠬᠤᠰᠢᠭᠤ ᠰᠢᠶᠠᠨ ᠤ ᠠᠵᠤ ᠠᠬᠤᠢ ᠶᠢᠨ ᠰᠢᠨ᠎ᠠ ᠶᠢ ᠡᠭᠦᠳᠴᠤ ᠦᠭᠡᠷᠡᠴᠢᠯᠡᠯᠳᠠ ᠬᠢᠭᠰᠡᠨ ᠰᠤᠳᠤᠯᠭᠠᠨ ᠤ ᠦᠷ᠎ᠠ ᠪᠦᠳᠦᠭᠡᠯ ᠢ ᠮᠠᠨ ᠤ ᠤᠷᠤᠨ ᠳᠤ ᠬᠡᠷᠡᠭᠯᠡᠭᠦ ᠪᠠᠷ ᠪᠤᠯᠵᠠᠢ︔ ︽ᠬᠤᠨ ᠭᠠᠯᠠᠭᠤ ᠠᠵᠢᠯᠯᠠᠭ᠎ᠠ︾ ᠶᠢᠨ ᠬᠦᠨᠳᠦᠳᠤ ᠵᠤᠴᠢᠨ ᠮᠠ ᠬᠤᠩ ᠭᠠᠩ ᠠᠮᠢᠳᠤ ᠪᠤᠳᠠᠰ ᠤᠨ ᠮᠡᠷᠭᠡᠵᠢᠯ ᠤᠨ ᠬᠦᠷᠢᠶᠠᠨ ᠤ ᠦᠪᠦᠷ ᠮᠤᠩᠭᠤᠯ ᠳᠠᠬᠢ ᠪᠡᠯᠡ ᠤᠷᠤᠭᠤᠯᠬᠤ ᠬᠡᠪᠴᠢᠶ᠎ᠠ ᠪᠠᠨ ᠢᠳᠡᠪᠬᠢᠳᠡᠢ ᠥᠷᠭᠡᠳᠭᠡᠵᠥ ᠪᠤᠢ︔ ︽ᠬᠤᠨ ᠭᠠᠯᠠᠭᠤ ᠠᠵᠢᠯᠯᠠᠭ᠎ᠠ︾ ᠶᠢᠨ ᠱᠠᠩᠬᠠᠢ ᠶᠢᠨ ᠬᠦᠨᠳᠦᠳᠦ ᠵᠤᠴᠢᠨ ᠤ ᠪᠦᠯᠬᠦᠮ ᠴᠢᠩ ᠱᠦᠢ ᠾᠧ ᠰᠢᠶᠠᠨ ᠳᠤ ︽ᠡᠭᠡᠴᠤᠤᠯ ᠤᠨ ᠤᠰᠤᠨ ᠵᠤᠭᠤᠷᠢ︾ ᠶᠢ 33 ᠬᠠᠨᠳᠢᠪᠯᠡᠨ ᠪᠠᠶᠢᠭᠤᠯᠤᠬᠰᠠᠨ ᠪᠠ ᠹᠦᠳᠠᠨ ᠶᠡᠭᠡ ᠰᠤᠷᠭᠠᠭᠤᠯᠢ ᠶᠢᠨ ᠳ᠋ᠤᠺᠲ᠋ᠤᠷᠠᠨᠲ ᠤᠨ ᠡᠮᠴᠢᠯᠡᠭᠡᠨ ᠤ ᠪᠦᠯᠬᠦᠮ ᠰᠢᠯᠢ ᠶᠢᠨ ᠭᠤᠤᠯ ᠠᠶᠢᠮᠠᠭ ᠲᠤ ᠢᠷᠡᠵᠤ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠠᠵᠢᠯᠯᠠᠭ᠎ᠠ ᠦᠷᠨᠢᠭᠦᠯᠵᠠᠢ᠃ ᠡᠭᠦᠨ ᠠᠴᠠ ᠭᠠᠳᠠᠨ᠎ᠠ᠂ ᠮᠠᠨ ᠤ ᠤᠷᠤᠨ ᠭᠠᠳᠠᠨ᠎ᠠ ᠭᠠᠵᠠᠷ ᠲᠦᠷ ᠴᠠᠭ ᠲᠤᠰᠢᠶᠠᠯ ᠡᠭᠦᠷᠬᠡᠯᠡᠭᠦᠯᠭᠦ ᠬᠡᠯᠪᠡᠷᠢ ᠪᠠᠷ ᠨᠠᠮ ᠵᠠᠰᠠᠭ ᠤᠨ ᠴᠢᠳᠠᠪᠤᠷᠢᠳᠠᠨ ᠤ ᠡᠭᠦᠷᠭᠡ ᠲᠤᠰᠢᠶᠠᠯ ᠢᠶᠠᠨ ᠬᠦᠢᠴᠡᠳᠭᠡᠭᠦ ᠴᠢᠳᠠᠪᠤᠷᠢ ᠶᠢ ᠨᠢ ᠲᠡᠭᠡᠭᠰᠢᠯᠡᠭᠦᠯᠵᠦ᠂ ᠦᠪᠡᠷᠳᠡᠭᠡᠨ ᠵᠠᠰᠠᠬᠤ ᠤᠷᠤᠨ ᠬᠢᠭᠡᠳ ᠬᠦᠭᠵᠢᠭᠰᠡᠨ ᠭᠠᠵᠠᠷ ᠤᠷᠤᠨ ᠯᠤᠭ᠎ᠠ ᠶᠢᠨ ᠬᠠᠷᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠪᠠ᠃ ᠲᠡᠭᠡᠳᠦ ᠲᠡᠰ ᠤᠨ ᠴᠢᠳᠠᠪᠤᠷᠢᠳᠠᠨ ᠤ ᠦᠨᠳᠦᠰᠦᠨ ᠱᠠᠳᠤᠨ ᠳᠤ ᠦᠢᠯᠡᠰ ᠪᠤᠰᠬᠠᠬᠤ ᠪᠠ ᠦᠨᠳᠦᠰᠦᠨ ᠱᠠᠳᠤᠨ ᠳᠤ ᠲᠠᠪᠳᠠᠨ ᠪᠤᠯᠪᠠᠰᠤᠷᠠᠭᠤᠯᠬᠤ ᠶᠢ ᠠᠬᠢᠭᠤᠯᠵᠤ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ︽ᠳ᠋ᠤᠺᠲ᠋ᠤᠷᠠᠨᠲ ᠤᠨ ᠦᠢᠯᠡᠴᠢᠯᠡᠭᠡᠨ ᠤ ᠪᠦᠯᠬᠦᠮ︾ ᠤᠨ ᠪᠦᠷᠢᠯᠳᠦᠭᠦᠨ ᠪᠤᠯᠬᠤ 183 ᠴᠢᠳᠠᠪᠤᠷᠢᠳᠠᠨ ᠤᠷᠢᠵᠤ ᠠᠪᠴᠢᠷᠠᠵᠤ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠦᠢᠯᠡᠴᠢᠯᠡᠭᠦᠯᠪᠠ᠃ ᠦᠪᠦᠷ ᠮᠤᠩᠭᠤᠯ ᠤᠨ ︽ᠲᠠᠯ᠎ᠠ ᠨᠤᠳᠤᠭ ᠤᠨ ᠰᠤᠳᠤᠨ ᠴᠢᠳᠠᠪᠤᠷᠢᠳᠠᠨ︾ ᠲᠡᠭᠡᠳᠦ ᠲᠡᠰ ᠤᠨ ᠴᠢᠳᠠᠪᠤᠷᠢᠳᠠᠨ ᠤ ᠬᠠᠮᠳᠤᠷᠠᠯᠴᠠᠭ᠎ᠠ ᠰᠤᠯᠢᠯᠴᠠᠭᠠᠨ ᠤ ᠬᠤᠷᠠᠯ ᠵᠢᠴᠢ ᠬᠦᠬᠡᠬᠤᠳᠠ ᠪᠤᠭᠤᠳᠤ ᠤᠷᠳᠤᠰ ᠤᠨ ᠴᠢᠳᠠᠪᠤᠷᠢᠳᠠᠨ ᠤ ᠰᠢᠨ᠎ᠠ ᠶᠢ ᠡᠭᠦᠳᠭᠦ ᠦᠢᠯᠡᠰ ᠪᠤᠰᠬᠠᠬᠤ ᠭᠠᠷᠠᠭ ᠤᠨ ᠠᠵᠢᠯᠯᠠᠭ᠎ᠠ ᠶᠢ 7 ᠬᠤᠭᠤᠴᠠᠭ᠎ᠠ ᠠᠮᠵᠢᠯᠳᠡ ᠲᠠᠢ ᠡᠷᠬᠢᠯᠡᠭᠰᠡᠨ ᠪᠠ ︽ᠴᠢᠳᠠᠪᠤᠷᠢᠳᠠᠨ ᠢ ᠦᠷᠬᠡᠨ ᠢᠶᠠᠷ ᠤᠷᠢᠵᠤ ᠠᠪᠴᠢᠷᠠᠵᠤ ᠳᠠᠯ᠎ᠠ ᠨᠤᠳᠤᠬ ᠲᠤ ᠡᠷᠳᠡᠮᠳᠡᠨ ᠢ ᠬᠤᠷᠠᠨ ᠴᠤᠬᠯᠠᠭᠤᠯᠬᠤ︾ ᠠᠵᠢᠯᠯᠠᠭ᠎ᠠ ᠶᠢ ᠪᠡᠭᠡᠵᠢᠩ ᠶᠡᠭᠡ ᠰᠤᠷᠭᠠᠭᠤᠯᠢ ᠪᠠ ᠹᠦᠳᠡᠠ ᠶᠡᠭᠡ ᠰᠤᠷᠭᠠᠭᠤᠯᠢ ᠳᠤ ᠦᠷᠨᠢᠭᠦᠯᠵᠤ᠂ ᠮᠠᠨ ᠤ ᠤᠷᠤᠨ 4000 ᠭᠠᠷᠤᠢ ᠠᠵᠢᠯ ᠤᠨ ᠪᠠᠶᠢᠷᠢ ᠬᠠᠩᠭᠠᠨ ᠨᠡᠷᠡᠳᠦ ᠶᠡᠭᠡ ᠰᠤᠷᠭᠠᠭᠤᠯᠢ ᠶᠢᠨ ᠤᠶᠤᠳᠠᠨ ᠴᠢᠳᠠᠪᠦᠷᠢᠳᠠᠨ ᠤᠷᠢᠵᠤ ᠠᠪᠴᠢᠷᠠᠪᠠ᠃
  ᠦᠨᠢ ᠡᠬᠦᠷᠢᠳᠠ ᠶᠢᠨ ᠶᠡᠭᠡ ᠦᠢᠯᠡᠰ᠂ ᠴᠢᠳᠠᠪᠤᠷᠢᠳᠠᠨ ᠢᠶᠠᠷ ᠦᠨᠳᠤᠰᠤ ᠪᠤᠯᠭᠠᠳᠠᠭ᠃ ᠮᠠᠨ ᠤ ᠤᠷᠤᠨ ︽ᠬᠤᠨ ᠭᠠᠯᠠᠭᠤ    ᠠᠵᠢᠯᠯᠠᠭ᠎ᠠ︾ ᠶᠢᠨ ᠲᠦᠯᠦᠪᠯᠡᠭᠡ ᠶᠢ ᠡᠷᠴᠢᠮ ᠲᠠᠢ ᠭᠡᠷᠡᠭᠵᠢᠬᠦᠯᠵᠤ᠂ ᠡᠯ᠎ᠠ ᠠᠶᠢᠮᠠᠭ ᠬᠤᠳᠠ ᠬᠤᠰᠢᠭᠤ ᠰᠢᠶᠠᠨ᠂ ᠡᠯ᠎ᠠ ᠰᠠᠯᠠᠭ᠎ᠠ ᠮᠦᠴᠢᠷ ᠤᠨ ᠬᠢᠨ ᠢ ᠵᠤᠬᠢᠶᠠᠨ ᠪᠠᠶᠢᠭᠤᠯᠵᠤ ᠬᠠᠮᠳᠤ ᠪᠠᠷ ᠲᠦᠯᠦᠪᠯᠡᠵᠦ᠂ ᠬᠠᠮᠳᠤ ᠪᠠᠷ ᠬᠦᠴᠤᠯᠠᠨ ᠴᠢᠷᠮᠠᠶᠢᠵᠤ᠂ ᠦᠪᠤᠷ ᠮᠤᠩᠭᠤᠯ ᠨᠤᠳᠤᠭᠳᠠᠢ ᠭᠠᠳᠠᠨ᠎ᠠ ᠭᠠᠵᠠᠷ ᠠᠵᠢᠯᠯᠠᠵᠤ ᠪᠠᠶᠢᠭ᠎ᠠ ᠲᠠᠭᠡᠳᠤ ᠲᠠᠰ ᠤᠨ ᠴᠢᠳᠠᠪᠤᠷᠢᠳᠠᠨ ᠢ ᠡᠭᠡ ᠨᠤᠳᠤᠭ ᠲᠠᠭᠠᠨ ᠪᠤᠴᠠᠵᠤ ᠦᠢᠯᠡᠰ ᠪᠤᠰᠬᠠᠬᠤ ᠶᠢ ᠠᠬᠢᠭᠤᠯᠤᠨ᠂ ︽ᠬᠤᠨ ᠭᠠᠯᠠᠭᠤ ᠠᠵᠢᠯᠯᠠᠭ᠎ᠠ︾ ᠪᠠᠷ ︽ᠬᠤᠨ ᠭᠠᠯᠠᠭᠤ︾ ᠶᠢ ᠤᠷᠢᠵᠤ ᠠᠪᠴᠢᠷᠠᠵᠤ᠂ ᠦᠪᠤᠷ ᠮᠤᠩᠭᠤᠯ ᠤᠨ ᠴᠢᠳᠠᠪᠤᠷᠢᠳᠠᠨ ᠤ ᠠᠵᠢᠯ ᠤᠨ ᠰᠢᠨ᠎ᠠ ᠬᠠᠮᠳᠤᠷᠠᠯ ᠬᠦᠴᠤᠨ ᠢ ᠪᠦᠷᠢᠯᠳᠦᠬᠦᠯᠪᠡ᠃ ᠵᠣᠬᠢᠶᠠᠭᠴᠢ᠄  ᠰᠡᠴᠡᠨ 



  
     
     