-
1771972
︽ᠡᠶᠢᠮᠦ ᠬᠦᠴᠦᠷᠬᠡᠭ ᠤᠯᠤᠰ ᠲᠤ ᠠᠮᠢᠳᠤᠷᠠᠵᠦ ᠪᠠᠶᠢᠭ᠎ᠠ ᠳᠠᠭᠠᠨ ᠲᠦᠢᠯ ᠤᠨ ᠶᠡᠭᠡ ᠠᠵᠡ ᠵᠢᠷᠭᠠᠯ ᠲᠠᠢ ᠰᠠᠨᠠᠬᠳᠠᠵᠤ ᠪᠠᠶᠢᠨ᠎ᠠ︾
2019-10-05 20:20
71
0
— ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ
ᠤᠢ ᠶᠢ ᠪᠡᠯᠬᠡᠯᠡᠭᠦ ᠶᠡᠭᠡ ᠬᠤᠷᠠᠯ ᠬᠢᠨᠭ᠍ᠭᠠᠨ ᠠᠶᠢᠮᠠᠭ ᠲᠤ ᠴᠢᠩᠭ᠎ᠠ ᠲᠤᠰᠬᠠᠯ ᠭᠠᠷᠪᠠ
10 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨᠠᠬᠢ 10 ᠴᠠᠭ ᠤᠨ ᠦᠶ᠎ᠠ ᠪᠠᠷ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠪᠡᠬᠡᠵᠢᠩ ᠤᠨ ᠲᠢᠶᠠᠨ ᠠᠨ ᠮᠧᠨ ᠲᠠᠯᠠᠪᠠᠢ ᠳᠤ ᠦᠪᠡᠳᠡᠭᠰᠢ ᠶᠡᠭᠡ ᠪᠠᠷ
ᠶᠠᠪᠤᠬᠳᠠᠵᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠬᠢᠨᠭ᠍ᠭᠠᠨ ᠠᠶᠢᠮᠠᠭ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠲᠧᠯᠧᠢᠰ᠂ ᠰᠦᠯᠵᠢᠶ᠎ᠠ᠂ ᠷᠠᠳᠢᠣ᠋ ᠵᠡᠷᠬᠡ ᠡᠯ ᠠ ᠵᠦᠢᠯ ᠤᠨ ᠠᠷᠭ᠎ᠠ ᠬᠡᠯᠪᠡᠷᠢ ᠪᠠᠷ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠬᠢᠬᠡᠳ ᠴᠡᠷᠢᠭ ᠤᠨ ᠵᠢᠭᠰᠠᠭᠠᠯ ᠰᠢᠯᠭᠠᠨ ᠥᠵᠡᠬᠦ ᠶᠤᠰᠤᠯᠡᠯ ᠤᠨ ᠦᠪᠡᠳᠡᠭᠰᠢ ᠪᠠᠶᠢᠳᠠᠯ ᠢ ᠬᠦᠯᠢᠶᠠᠨ ᠠᠪᠴᠦ ᠰᠤᠨᠢᠷᠬᠠᠵᠠᠢ᠃
︽ᠴᠡᠷᠢᠭ ᠤᠨ ᠵᠢᠭᠰᠠᠭᠠᠯ ᠰᠢᠯᠭᠠᠨ ᠥᠵᠡᠬᠦ ᠶᠤᠰᠤᠯᠠᠯ ᠠᠴᠠ ᠤᠯᠤᠰ ᠤᠷᠤᠨ ᠤ ᠴᠡᠷᠢᠭ ᠠᠩᠬᠢ ᠶᠢᠨ ᠬᠦᠴᠦᠷᠬᠡᠭ ᠢ ᠤᠯᠵᠤ ᠮᠡᠲᠡᠷᠡᠯᠠ᠃ ᠨᠠᠩ ᠴᠤ ᠶᠡᠷᠤᠩᠬᠡᠢ ᠱᠦᠵᠢ ᠰᠢ ᠶᠢᠨ ᠫᠢᠩ ᠤᠨ ᠶᠠᠷᠢᠶ᠎ᠠ ᠶᠢ ᠰᠤᠨᠤᠰᠬᠤ ᠪᠠᠷ ᠲᠠᠮᠵᠢᠵᠦ ᠦᠨᠳᠦᠰᠤᠳᠠᠠ ᠤ ᠦᠪᠡᠷ ᠢ ᠪᠠᠨ ᠬᠦᠨᠳᠦᠳᠬᠡᠬᠦ ᠰᠡᠳᠬᠢᠯᠬᠡ᠂ ᠦᠪᠡᠷ ᠢ ᠪᠠᠨ ᠢᠲᠡᠭᠡᠬᠦ ᠰᠡᠳᠬᠢᠯᠬᠡ ᠬᠢᠬᠡᠳ ᠤᠮᠤᠬᠰᠢᠬᠤ ᠰᠡᠳᠬᠢᠯᠬᠡ ᠤᠯᠠᠮ ᠨᠢᠬᠡ ᠠᠯᠬᠤᠮ ᠪᠠᠳᠠᠷᠠᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠤᠷᠮᠠᠰ ᠨᠡᠮᠡᠭᠳᠡᠵᠡᠢ᠃ ᠡᠬᠦᠨ ᠠᠴᠠ ᠬᠤᠶᠢᠰᠢᠬᠢ ᠠᠵᠢᠯ ᠤᠨ ᠲᠤᠮᠳᠠ ᠪᠠᠨ ᠪᠢᠳᠡ ᠡᠷᠴᠢ ᠵᠤᠷᠢᠭ ᠢᠶᠠᠨ ᠬᠦᠪᠴᠢᠯᠠᠵᠦ᠂ ᠤᠯᠠᠭᠠᠨᠬᠤᠳᠠ ᠶᠢᠨ ᠲᠠᠪᠠᠯᠳᠠ ᠶᠢᠨ ᠴᠢᠨᠠᠷᠳᠠᠢ ᠬᠦᠭᠵᠢᠯᠳᠠ ᠶᠢ ᠪᠡᠶᠡᠯᠡᠬᠦᠯᠬᠦ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠤᠨ᠎ᠠ︾ ᠬᠡᠵᠦ ᠤᠯᠠᠭᠠᠠᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠬᠤᠲᠠ ᠶᠢᠨ ᠲᠡᠳ᠋ ᠲᠠᠷᠤᠭ᠎ᠠ ᠯᠢᠶᠠᠩ ᠶᠠᠨ ᠵᠢᠶᠦ᠋ᠨ ᠬᠡᠯᠡᠨ᠎ᠠ᠃
ᠡᠮᠳᠤ ᠶᠢᠨ ᠭᠤᠤᠯ ᠰᠤᠮᠤ ᠶᠢᠨ ᠪᠠᠶ᠋ᠬᠠᠤᠪᠤᠭ᠎ᠠ ᠭᠠᠴᠠᠭᠠᠨ ᠤ ᠨᠠᠮ ᠤᠨ ᠡᠬᠦᠷ ᠤᠨ ᠱᠦᠵᠢ ᠵᠠᠩ ᠵᠢᠶᠦ᠋ᠨ᠄ ︽ᠲᠤᠬᠠᠢ ᠶᠢᠨ ᠲᠠᠯᠠᠪᠠᠢ ᠳᠤ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠤᠨᠤᠰᠤᠭᠠᠳ᠂ ᠦᠪᠡᠳᠡᠭᠰᠢ ᠶᠡᠭᠡ ᠴᠡᠷᠢᠭ ᠤᠨ ᠵᠢᠭᠰᠠᠭᠠᠯ ᠰᠢᠯᠭᠠᠨ ᠥᠵᠡᠬᠦ ᠶᠤᠰᠤᠯᠠᠯ ᠬᠢᠬᠡᠳ ᠤᠯᠠᠨ ᠲᠦᠮᠡᠨ ᠤ ᠵᠢᠭᠰᠠᠭᠠᠯ ᠢ ᠨᠢᠳᠤ ᠪᠠᠷ ᠢᠶᠠᠨ ᠦᠵᠡᠬᠡᠳ ᠬᠢᠵᠠᠭᠠᠯᠠᠰᠢ ᠦᠬᠡᠢ ᠦᠡᠭᠬᠡ ᠬᠡᠷᠡᠯᠳᠡᠢ ᠪᠦᠬᠡᠳ ᠤᠮᠤᠬᠰᠢᠯ ᠲᠠᠢ ᠰᠠᠨᠠᠭᠳᠠᠵᠠᠢ︾
ᠬᠡᠯ᠎ᠠ᠃ ᠤᠤᠯ ᠨᠢ ᠡᠮᠳᠤ ᠶᠢᠨ ᠭᠤᠤᠯ ᠰᠤᠮᠤ ᠶᠢᠨ ᠪᠠᠶ᠋ᠬᠠᠤᠪᠤᠭ᠎ᠠ ᠭᠠᠴᠠᠭ᠎ᠠ ᠨᠢ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶᠡᠴᠢ ᠬᠠᠮᠳᠤ ᠨᠡᠶᠢᠳᠡ︾ ᠪᠠᠷ ᠦᠨᠡᠯᠡᠭᠳᠡᠵᠦ᠂ ᠱᠠᠩᠨᠠᠯ ᠲᠤᠰᠬᠤ ᠲᠦᠯᠦᠬᠡᠯᠡᠭᠴᠢ ᠶᠢᠨ ᠬᠤᠪᠢ ᠪᠠᠷ ᠵᠠᠩ ᠵᠢᠶᠦ᠋ᠨ ᠨᠡᠶᠢᠰᠯᠡᠯ ᠪᠡᠬᠡᠵᠢᠩ ᠳᠤ ᠬᠥᠷᠴᠤ᠂ ᠬᠤᠷᠠᠯ ᠳᠤ ᠤᠷᠤᠯᠴᠠᠨ ᠲᠤᠬᠠᠢ ᠶᠢᠨ ᠲᠠᠯᠠᠪᠠᠢ ᠳᠤ ᠴᠡᠷᠢᠭ ᠤᠨ ᠵᠢᠭᠰᠠᠭᠠᠯ ᠰᠢᠯᠭᠠᠨ ᠥᠵᠡᠬᠦ ᠶᠤᠰᠤᠯᠠᠯ ᠢ ᠰᠤᠨᠢᠷᠬᠠᠨ ᠤᠷᠬᠢᠯᠥᠮ᠎ᠠ ᠰᠡᠳᠬᠢᠯᠬᠡ ᠨᠢ ᠪᠤᠴᠠᠯᠤᠨ᠎ᠠ᠃ ᠲᠡᠷᠡ ᠪᠠᠷ᠄ ︽ᠶᠡᠷᠤᠩᠬᠡᠢ ᠱᠦᠵᠢ ᠶᠢᠨ ᠴᠢᠬᠤᠯᠠ ᠶᠠᠷᠢᠶ᠎ᠠ᠂ ᠬᠦᠮᠦᠰ ᠢ ᠤᠷᠮᠠᠰᠢᠭᠤᠯᠵᠦ᠂ ᠡᠷᠡᠮᠡᠬᠡᠶᠢᠯᠡᠨ ᠤᠷᠤᠭᠰᠢᠯᠠᠬᠤ ᠶᠢ ᠱᠠᠭᠠᠷᠳᠠᠨ᠎ᠠ᠃ 70 ᠵᠢᠯ ᠢᠶᠠᠨ ᠡᠷᠬᠢᠴᠡᠬᠦᠯᠬᠦᠶᠠ᠂ ᠬᠦᠳᠡᠭᠡ ᠲᠤᠰᠬᠤᠨ ᠲᠡᠭᠷᠢ ᠭᠠᠵᠠᠷ ᠢ ᠲᠤᠩᠰᠤᠯᠭᠠᠮ᠎ᠠ ᠯᠤᠳᠤ ᠶᠡᠭᠡ ᠬᠤᠪᠢᠷᠠᠯᠳᠠ ᠭᠠᠷᠴᠠᠢ᠂ ᠲᠠᠷᠢᠶᠠᠴᠢᠳ ᠤᠨ ᠠᠮᠢᠳᠤᠷᠠᠯ ᠡᠳᠦᠷ ᠠᠴᠠ ᠡᠳᠦᠷ ᠦᠬᠡᠳᠡᠯᠡᠨ ᠰᠠᠶᠢᠵᠢᠷᠠᠵᠠᠢ᠂ ᠠᠳᠡ ᠤᠨᠴᠠᠭᠠᠢᠢᠯᠠᠨ ᠡᠪ ᠬᠠᠮᠳᠤ ᠨᠠᠮ ᠳᠠᠭᠠᠨ ᠲᠠᠯᠠᠷᠬᠠᠨ᠎ᠠ᠂ ᠡᠬᠡ ᠤᠯᠤᠰ ᠲᠠᠭᠠᠨ ᠲᠠᠯᠠᠷᠬᠠᠨ᠎ᠠ᠃ ᠪᠢᠳᠡ ᠡᠷᠬᠡᠪᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠠᠵᠦ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠦᠢᠯᠡᠰ ᠢ ᠬᠠᠮᠳᠤ ᠪᠠᠷ ᠲᠦᠯᠬᠢᠨ ᠠᠬᠢᠭᠤᠯᠵᠦ᠂ ᠰᠠᠶᠢᠨ ᠰᠠᠶᠢᠬᠠᠨ ᠵᠤᠯ ᠵᠢᠷᠭᠠᠯᠳᠤ ᠠᠮᠢᠳᠤᠷᠠᠯ ᠢᠶᠠᠨ ᠬᠠᠮᠳᠤ ᠪᠠᠷ ᠴᠤᠬᠴᠠᠯᠠᠨ᠎ᠠ︾ ᠬᠡᠵᠡᠢ᠃
︽ᠴᠡᠷᠢᠭ ᠤᠨ ᠵᠢᠭᠰᠠᠭᠠᠯ ᠰᠢᠯᠭᠠᠨ ᠥᠵᠡᠬᠦ ᠶᠤᠰᠤᠯᠠᠯ ᠢ ᠦᠵᠡᠬᠡᠳ ᠰᠡᠳᠬᠢᠯ ᠬᠦᠭᠰᠡᠵᠦ᠂ ᠪᠢᠳᠡᠨ ᠤ ᠤᠳᠤ ᠶᠢᠨ ᠠᠮᠢᠳᠤᠷᠠᠯ ᠤᠯᠠᠮ ᠠᠴᠠ ᠤᠯᠠᠮ ᠦᠬᠡᠳᠡᠯᠡᠨ ᠰᠠᠶᠢᠵᠢᠷᠠᠵᠦ ᠪᠠᠶᠢᠨ᠎ᠠ᠂ ᠡᠷᠬᠡᠪᠰᠢ ᠡᠪ ᠬᠠᠮᠳᠤ ᠨᠠᠮ ᠳᠠᠭᠠᠨ ᠲᠠᠯᠠᠷᠬᠠᠬᠤ ᠰᠡᠳᠬᠢᠯᠬᠡ ᠪᠠᠶᠢᠬᠤ ᠬᠡᠷᠡᠭᠳᠡᠢ᠂ ᠨᠠᠮ ᠢᠶᠠᠨ ᠲᠠᠭᠠᠵᠦ᠂ ᠨᠠᠮ ᠤᠨ ᠦᠬᠡ ᠶᠢ ᠰᠤᠨᠤᠰᠬᠤ ᠬᠡᠷᠡᠭᠳᠡᠢ᠂ ᠬᠡᠳᠦ᠋ᠢᠪᠡᠷ ᠪᠢ ᠨᠢᠬᠡᠨᠳᠡ ᠨᠡᠰᠤᠨ ᠤ ᠠᠮᠠᠷᠠᠯᠳᠠ ᠪᠠᠨ ᠠᠪᠤᠭᠰᠠᠨ ᠪᠤᠯᠪᠠᠴᠦ ᠮᠦᠨ ᠯᠠ ᠰᠠᠶᠢᠨ ᠲᠠᠭᠤᠷᠢᠶᠠᠯ ᠪᠤᠯᠵᠤ᠂ ᠨᠠᠮ ᠤᠨ ᠰᠢᠯᠢᠳᠡᠭ ᠤᠯᠠᠮᠵᠢᠯᠠᠯ ᠬᠢᠬᠡᠳ ᠰᠢᠯᠢᠳᠡᠭ ᠬᠡᠪ ᠰᠤᠷᠳᠠᠯ ᠢᠶᠠᠨ ᠦᠷᠬᠦᠯᠵᠢᠯᠠᠨ ᠤᠯᠠᠨ ᠲᠦᠮᠡᠨ ᠤ ᠲᠤᠮᠳᠠ ᠪᠠᠳᠠᠷᠠᠭᠤᠯᠤᠨ᠎ᠠ᠃ ᠶᠡᠷᠤᠩᠬᠡᠢ ᠱᠦᠵᠢ ᠰᠢ ᠶᠢᠨ ᠫᠢᠩ ᠤᠨ ᠶᠠᠷᠢᠶ᠎ᠠ ᠪᠢᠳᠡᠨ ᠤ ᠡᠷᠴᠢ ᠵᠤᠷᠢᠭ ᠢ ᠨᠡᠩᠳᠡ ᠬᠦᠪᠴᠢᠯᠠᠵᠦ᠂ ᠪᠢᠳᠡ ᠡᠶᠢᠮᠦ ᠬᠦᠴᠦᠷᠬᠡᠭ ᠤᠯᠤᠰ ᠲᠤ ᠠᠮᠢᠳᠤᠷᠠᠵᠦ ᠪᠠᠶᠢᠭ᠎ᠠ ᠳᠠᠭᠠᠨ ᠲᠦᠢᠯ ᠤᠨ ᠶᠡᠭᠡ ᠠᠵᠡ ᠵᠢᠷᠭᠠᠯ ᠲᠠᠢ ᠰᠠᠨᠠᠬᠳᠠᠵᠤ ᠪᠠᠶᠢᠨ᠎ᠠ᠃ ᠭᠠᠭᠴᠠᠬᠦ ᠡᠬᠡ ᠤᠯᠤᠰ ᠬᠦᠴᠦᠷᠬᠡᠭᠵᠢᠪᠡᠯ ᠰᠠᠶ᠋ᠢ ᠲᠤᠮᠳᠠᠳᠤ ᠶᠢᠨ ᠦᠨᠳᠦᠰᠦᠳᠡᠨ ᠨᠦᠭᠦᠳ ᠤᠨ ᠦᠷ᠎ᠠ ᠬᠤᠶᠢᠴᠢᠰ ᠰᠠᠶ᠋ᠢ ᠰᠠᠶᠢᠨ ᠰᠠᠶᠢᠬᠠᠨ ᠵᠤᠯ ᠵᠢᠷᠭᠠᠯᠳᠤ ᠠᠮᠢᠳᠤᠷᠠᠯ ᠲᠠᠢ ᠪᠠᠶᠢᠵᠦ ᠴᠢᠳᠠᠨ᠎ᠠ︾ ᠬᠡᠵᠦ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠰᠢᠩ ᠺᠧ ᠰᠠᠭᠤᠭᠠᠯᠢ ᠠᠷᠠᠳ ᠤᠨ ᠨᠡᠶᠢᠬᠡᠮ ᠲᠤᠭᠤᠷᠢᠭ ᠤᠨ ᠠᠷᠠᠳ ᠯᠢᠦ ᠵᠢᠶᠦ᠋ᠨ ᡁᠢ ᠬᠡᠯᠡᠨ᠎ᠠ᠃ ᠵᠣᠬᠢᠶᠠᠭᠴᠢ᠄ ᠬᠡᠰᠢᠭᠪᠦᠶᠠᠨ