 

ᠰᠤᠯᠤᠩᠭᠠᠷᠠᠨ ᠳᠡᠯᠭᠡᠷᠡᠭᠰᠡᠨ ᠦᠨᠳᠦᠰᠦᠳᠡᠨ ᠤ ᠰᠤᠷᠭᠠᠨ ᠬᠦᠮᠦᠵᠢᠯ ᠤᠨ ᠦᠩᠭᠡᠲᠦ ᠴᠡᠴᠡᠭᠡᠰ

2019-07-23 09:17
  853
  0
       
   ᠡᠪᠡᠰᠦᠨ ᠤ ᠨᠠᠮᠠᠭᠠᠨ ᠳᠤ ᠰᠢᠭᠦᠳᠡᠷᠢ ᠮᠡᠯᠳᠡᠭᠡᠨᠡᠵᠦ ᠤᠰᠤᠨ ᠤ ᠰᠢᠪᠠᠭᠤᠳ ᠭᠠᠨᠭ᠍ᠭᠠᠨᠠᠯᠳᠤᠬᠰᠡᠨ ᠲᠡᠯᠭᠡᠷ ᠰᠠᠶᠢᠬᠠᠨ ᠵᠤᠨ ᠤ ᠡᠳᠦᠷ᠂ ᠪᠢᠳᠠ ᠠᠷᠤ ᠬᠤᠷᠴᠢᠨ ᠬᠤᠰᠢᠭᠤᠨ ᠤ ᠬᠠᠨᠰᠦ᠋ᠮ᠎ᠠ ᠪᠠᠭ᠎ᠠ ᠰᠤᠷᠭᠠᠭᠤᠯᠢ ᠳᠤ ᠰᠤᠷᠪᠤᠯᠵᠢᠯᠠᠭ᠎ᠠ ᠪᠠᠷ ᠭᠦᠷᠦᠭᠡᠳ ᠬᠠᠨᠰᠦ᠋ᠮ᠎ᠠ ᠰᠤᠮᠤ ᠶᠢᠨ ᠤᠷᠢᠳᠤ ᠬᠦᠪ ᠭᠠᠴᠠᠭᠠᠨ ᠤ ᠵᠢᠱᠢᠶᠡᠴᠢ ᠮᠠᠯᠴᠢᠨ᠂ ᠬᠤᠰᠢᠭᠤᠨ ᠤ ᠠᠳᠤᠭᠤᠨ ᠰᠤᠶᠤᠯ ᠤᠨ ᠨᠡᠶᠢᠭᠡᠮᠯᠢᠭ ᠤᠨ ᠳᠡᠷᠢᠭᠦᠯᠡᠭᠴᠢ ᠰᠡᠷᠭᠦᠯᠡᠩ ᠤᠷᠭ᠎ᠠ ᠪᠠᠨ ᠪᠠᠷᠢᠨ ᠮᠤᠷᠢ ᠪᠠᠨ ᠬᠦᠳᠦᠯᠦᠨ ᠢᠷᠡᠵᠤ ᠰᠤᠷᠤᠭᠴᠢᠳ ᠲᠤ ᠠᠳᠤᠭᠤᠨ ᠰᠤᠶᠤᠯ ᠤᠨ ᠬᠢᠴᠢᠶᠡᠯ ᠬᠦᠮᠦᠵᠢᠯ ᠬᠢᠵᠤ ᠪᠠᠶᠢᠬᠤ ᠲᠠᠢ ᠬᠠᠷᠭᠤᠵᠡᠢ᠃ ᠭᠡᠤᠭᠡᠤᠨ ᠤᠳ ᠮᠠᠯᠴᠢᠨ ᠪᠠᠭᠰᠢ ᠶᠢᠨ ᠢᠶᠠᠨ ᠡᠮᠡᠭᠡᠯ ᠤᠨ ᠪᠦᠳᠦᠴᠠ ᠲᠠᠭᠤᠳᠡᠯᠭ᠎ᠠ ᠶᠢᠨ ᠲᠤᠬᠠᠢ ᠲᠡᠶᠢᠯᠪᠤᠷᠢᠯᠡᠯᠳᠠ ᠶᠢ ᠴᠢᠭᠢ ᠲᠠᠯᠪᠢᠨ ᠪᠠᠭ᠋ᠠᠳᠡᠢ ᠰᠤᠨᠤᠰᠤᠨ᠎ᠠ᠃ ᠤᠢᠢᠷ᠎ᠠ ᠶᠢᠨ ᠵᠢᠯ ᠠᠴᠠ᠂ ᠲᠤᠰ ᠰᠤᠷᠭᠠᠭᠤᠯᠢ ᠤᠯᠠᠮᠵᠢᠯᠠᠯᠳᠤ ᠨᠠᠭᠠᠳᠤᠮ ᠳᠤᠭᠯᠠᠭᠠᠮ ᠤᠨ ᠭᠢᠴᠢᠶᠡᠯ ᠭᠦᠮᠦᠵᠢᠯ ᠢᠶᠠᠷ ᠰᠤᠷᠤᠭᠴᠢᠤᠨ ᠤᠨ ᠰᠤᠷᠤᠯᠴᠠᠬᠤ ᠤᠷᠮ᠎ᠠ ᠪᠠᠬ᠎ᠠ ᠶᠢ ᠭᠦᠭᠵᠢᠭᠡᠨ᠂ ᠰᠡᠳᠬᠢᠭᠦᠢ ᠶᠢ ᠳᠡᠯᠡᠭᠦ ᠴᠢᠬᠤᠯᠠ ᠠᠷᠭ᠎ᠠ ᠠᠪᠴᠠᠯ ᠪᠤᠯᠭᠠᠵᠤ ᠦᠯᠡᠮᠵᠢ ᠠᠮᠵᠢᠯᠳᠠ ᠤᠯᠵᠤ ᠪᠤᠢ᠃ ᠬᠠᠨᠰᠦ᠋ᠮ᠎ᠠ ᠰᠤᠷᠭᠠᠭᠤᠯᠢ ᠶᠢᠨ ᠡᠨᠡ ᠭᠦ ᠭᠢᠳᠡᠯ ᠨᠢ ᠠᠷᠤ ᠬᠤᠷᠴᠢᠨ ᠬᠤᠰᠢᠭᠤᠨ ᠤ ᠦᠨᠳᠤᠰᠤᠳᠡᠨ ᠤ ᠰᠤᠷᠭᠠᠨ ᠭᠦᠮᠦᠵᠢᠯ ᠤᠨ ᠵᠢᠭᠠᠨ ᠰᠤᠷᠭᠠᠯᠳᠠ ᠪᠡ ᠤᠢᠢᠯᠡᠳᠤᠯᠭᠡ ᠶᠢ ᠪᠦᠳᠦᠮᠵᠢᠳᠡᠢ ᠤᠶᠡᠯᠳᠤᠭᠤᠯᠤᠬᠰᠡᠨ ᠬᠤᠷᠢᠶᠡᠩᠭᠤᠢᠢᠯᠡᠯ ᠲᠦᠷᠰᠤ ᠶᠤᠮ᠃ ᠨᠠᠮ ᠤᠨ ᠦᠨᠳᠤᠰᠤᠳᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠦᠨᠳᠦᠰᠦᠳᠡᠨ ᠤ ᠰᠤᠷᠭᠠᠨ ᠬᠦᠮᠦᠵᠢᠯ ᠢ ᠤᠷᠢᠤᠨ ᠢᠶᠠᠷ ᠭᠤᠤᠯᠳᠠᠯᠭ᠎ᠠ ᠲᠠᠢ ᠬᠦᠭᠵᠢᠭᠦᠯᠦᠨ᠂ ᠰᠢᠨ᠎ᠡ ᠰᠤᠷᠭᠠᠭᠤᠯᠢ᠂ ᠰᠢᠨ᠎ᠡ ᠴᠡᠴᠡᠷᠯᠢᠭ ᠪᠠᠶᠢᠭᠤᠯᠬᠤ᠂ ᠬᠠᠭᠤᠴᠢᠨ ᠰᠤᠷᠭᠠᠭᠤᠯᠢ ᠶᠢ ᠰᠢᠨᠡᠳᠭᠡᠨ ᠵᠠᠰᠠᠬᠤ ᠲᠠᠯ᠎ᠠ ᠪᠠᠷ ᠬᠢ ᠪᠡᠯᠡ ᠤᠷᠤᠭᠤᠯᠤᠯᠲᠠ ᠪᠠᠨ ᠴᠢᠩᠭᠠᠳᠬᠠᠵᠤ᠂ ᠤᠨᠴᠠᠯᠢᠭᠳᠤ ᠰᠤᠷᠭᠠᠨ ᠬᠦᠮᠦᠵᠢᠯ ᠢ ᠶᠡᠭᠡ ᠪᠠᠷ ᠴᠢᠬᠤᠯᠠᠴᠢᠯᠠᠵᠤ᠂ ᠦᠨᠳᠦᠰᠦᠳᠡᠨ ᠤ ᠦᠪ ᠰᠤᠶᠤᠯ ᠢᠶᠠᠨ ᠤᠯᠠᠮᠵᠢᠯᠠᠨ ᠬᠦᠭᠵᠢᠭᠦᠯᠬᠦ ᠶᠢ ᠭᠦᠴᠦᠯᠡᠨ ᠠᠤᠨᠬᠤᠬᠰᠡᠨ ᠠᠴᠠ ᠠᠷᠤ ᠬᠤᠷᠴᠢᠨ ᠤ ᠲᠠᠯ᠎ᠠ ᠨᠤᠳᠤᠬ ᠲᠤ ᠦᠨᠳᠦᠰᠦᠳᠡᠨ ᠤ ᠰᠤᠷᠭᠠᠨ ᠬᠦᠮᠦᠵᠢᠯ ᠤᠨ ᠦᠡᠭᠭᠡᠳᠤ ᠴᠡᠴᠡᠭᠡᠰ ᠰᠤᠯᠤᠩᠭᠠᠷᠡᠨ ᠲᠡᠯᠭᠡᠷᠡᠭᠰᠡᠨ ᠴᠤ᠋ ᠰᠢᠨ᠎ᠠ ᠪᠠᠶᠢᠳᠡᠯ ᠢᠯᠡᠷᠡᠭᠰᠡᠨ ᠪᠠᠶᠢᠨ᠎ᠠ᠃  
    ᠤᠯᠡᠨ ᠲᠦᠷᠦᠯᠵᠢᠭᠰᠡᠨ ᠵᠢᠭᠠᠨ ᠰᠤᠷᠭᠠᠯᠲᠠ ᠶᠢᠨ ᠰᠤᠳᠤᠯᠭᠠᠨ ᠤ ᠰᠡᠳᠦᠪ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠭᠦ ᠪᠠᠳᠤᠯᠠᠭ᠎ᠠ
   ᠠᠷᠤ ᠬᠤᠷᠴᠢᠨ ᠬᠤᠰᠢᠭᠤᠨ ᠤ ᠱᠤᠤ ᠨᠢᠭᠡᠳᠦᠭᠡᠷ ᠶᠡᠷᠦᠩᠬᠡᠢ ᠭᠤᠤᠯ ᠰᠤᠷᠭᠠᠭᠤᠯᠢ ᠶᠢᠨ ᠤᠤᠯ ᠤᠨ ᠬᠢᠴᠢᠶᠡᠯ ᠬᠦᠮᠦᠵᠢᠯ ᠤᠨ ᠡᠷᠬᠢᠯᠡᠭᠴᠢ ᠭᠠᠷᠪᠤᠮᠧᠳᠡᠭ ᠪᠠᠭᠰᠢ ᠪᠤᠯ ᠦᠨᠳᠦᠰᠦᠨ ᠱᠠᠳᠤᠨ ᠤ ᠮᠤᠩᠭᠤᠯ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠳᠤ ᠤᠳᠠᠭᠠᠨ ᠵᠢᠯ ᠵᠢᠳᠭᠦᠵᠦ᠂ ᠪᠦᠬᠦ ᠤᠷᠤᠨ ᠤ ᠡᠯ᠎ᠡ ᠭᠠᠵᠠᠷ ᠢᠶᠠᠷ ᠬᠢᠴᠢᠶᠡᠯ ᠪᠡᠯᠡᠳᠭᠡᠬᠦ᠂ ᠬᠢᠴᠢᠶᠡᠯ ᠵᠢᠭᠠᠬᠤ᠂ ᠬᠢᠴᠢᠶᠡᠯ ᠦᠨᠡᠯᠡᠬᠦ ᠵᠡᠷᠭᠡ ᠲᠠᠯ᠎ᠠ ᠪᠠᠷ ᠲᠤᠰᠬᠠᠢ ᠬᠢᠴᠢᠶᠡᠯ ᠤᠷᠤᠬᠤ ᠪᠤᠶᠤ ᠵᠢᠭᠠᠨ ᠵᠢᠯᠤᠭᠤᠳᠴᠤ ᠶᠠᠪᠤᠭᠰᠠᠠ ᠬᠠᠰᠢᠷ ᠲᠤᠷᠰᠢᠯᠭ᠎ᠠ ᠲᠠᠢ ᠪᠠᠭᠰᠢ ᠶᠤᠮ᠃ ᠤᠳᠤ ᠲᠡᠷᠡ ᠪᠠᠷ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠠᠩᠬᠢᠮ ᠤᠨ ᠵᠢᠭᠠᠬᠤ ᠶᠢ ᠰᠤᠳᠤᠯᠬᠤ ᠭᠠᠵᠠᠷ ᠠᠴᠠ ᠬᠡᠷᠡᠭᠵᠢᠭᠦᠯᠵᠦ ᠪᠠᠶᠢᠭ᠎ᠠ ᠮᠤᠩᠭᠤᠯ ᠬᠡᠯᠡ ᠪᠢᠴᠢᠭ ᠤᠨ ︽ᠲᠦᠷᠪᠡᠨ ᠪᠤᠭᠤᠮᠳᠠ ᠶᠢ ᠲᠠᠪᠠᠭᠤᠯᠬᠤ︾ ᠰᠤᠳᠤᠯᠭᠠᠨ ︵ᠰᠤᠨᠤᠰᠴᠤ ᠶᠠᠷᠢᠬᠤ᠂ ᠦᠰᠦᠭᠯᠡᠵᠦ ᠲᠠᠨᠢᠬᠤ᠂ ᠤᠡᠭᠰᠢᠯᠭ᠎ᠠ᠂ ᠪᠢᠴᠢᠯᠭᠡ︶ ᠢ ᠭᠠᠷᠳᠠᠨ ᠬᠢᠵᠦ ᠪᠤᠢ᠃ 2016 ᠤᠨ ᠤ 9 ᠰᠠᠷ᠎ᠠ ᠠᠴᠠ ︽ᠵᠡᠷᠭᠡᠴᠡᠭᠡ ᠪᠤᠯᠪᠠᠰᠤᠷᠠᠯ ᠢᠶᠠᠷ ᠤᠡᠭᠰᠢᠯᠭ᠎ᠠ ᠶᠢᠨ ᠪᠤᠭᠤᠮᠳᠠ ᠶᠢ ᠲᠠᠪᠠᠭᠤᠯᠬᠤ ᠰᠤᠳᠤᠯᠭᠠᠨ︾ ᠳᠤ ᠡᠬᠢᠯᠡᠨ ᠤᠷᠤᠯᠴᠠᠵᠤ᠂ 2018 ᠤᠨ ᠤ ᠰᠡᠭᠦᠯᠴᠢ ᠪᠤᠯᠳᠠᠯ᠎ᠠ ᠵᠠᠭᠤ ᠭᠠᠷᠤᠢ ᠵᠡᠷᠭᠡᠴᠡᠭᠡ ᠪᠤᠯᠪᠠᠰᠤᠷᠠᠯ ᠤᠨ ᠮᠠᠲ᠋ᠧᠷᠢᠶᠠᠯ ᠨᠠᠶᠢᠷᠠᠭᠤᠯᠤᠨ ᠬᠡᠤᠬᠡᠳ ᠤᠨ ᠪᠤᠳᠠᠳᠤ ᠪᠠᠶᠢᠳᠠᠯ ᠳᠤ ᠵᠤᠬᠢᠴᠠᠭᠤᠯᠤᠨ ᠵᠢᠭᠠᠭᠰᠠᠨ ᠠᠴᠠ ᠬᠡᠤᠬᠡᠳ ᠤᠨ ᠬᠢᠴᠢᠶᠡᠯ ᠢᠶᠠᠨ ᠲᠠᠪᠳᠠᠨ ᠪᠠᠳᠤᠳᠬᠠᠬᠤ ᠨᠢ ᠢᠯᠡᠳᠳᠡ ᠰᠠᠶᠢᠵᠢᠷᠠᠵᠤ᠂ ᠨᠤᠮ ᠢ ᠮᠡᠳᠡᠷᠡᠵᠦ ᠤᠡᠭᠰᠢᠬᠤ ᠪᠤᠯᠤᠭᠰᠠᠨ ᠪᠦᠭᠡᠳ ᠵᠤᠬᠢᠶᠠᠨ ᠪᠢᠴᠢᠯᠭᠡ ᠳᠤ ᠠᠰᠢᠬᠯᠠᠵᠤ ᠴᠢᠳᠠᠬᠤ ᠪᠤᠯᠪᠠ᠃ ᠭᠠᠷᠪᠤᠮᠧᠳᠡᠭ ᠪᠠᠭᠰᠢ ᠶᠢᠨ ᠰᠤᠷᠤᠭᠴᠢ ᠪᠠᠶᠢᠭᠰᠠᠨ ᠬᠠᠶᠢᠷᠬᠠᠨ ᠭᠤᠷᠪᠠᠳᠤᠭᠠᠷ ᠤᠨ ᠳᠠᠭᠠᠨ 3300 ᠦᠰᠦᠭ ᠪᠦᠬᠦᠢ ᠦᠭᠦᠯᠡᠯᠭᠡ ᠪᠢᠴᠢᠭᠰᠡᠨ ᠪᠦᠭᠡᠳ 32 ᠪᠦᠯᠦᠭᠳᠦ ᠲᠧᠯᠸᠢᠰ ᠵᠦᠴᠦᠭᠡ ᠪᠠᠨ ᠡᠬᠢᠯᠡᠨ ᠪᠢᠴᠢᠭᠰᠡᠨ ᠶᠠᠪᠤᠳᠠᠯ ᠨᠢ ᠲᠤᠰ ᠵᠢᠭᠠᠨ ᠰᠤᠷᠭᠠᠯᠲᠠ ᠶᠢᠨ ᠰᠤᠳᠤᠯᠭᠠᠨ ᠦᠨᠡᠨ ᠬᠦ ᠪᠡᠶᠡᠯᠡᠯ ᠢᠶᠠᠨ ᠤᠯᠤᠭᠰᠠᠨ ᠭᠡᠳᠡᠭ ᠢ ᠭᠦᠢᠴᠡᠳ ᠨᠤᠳᠠᠯᠠᠵᠤ ᠪᠠᠶᠢᠨ᠎ᠠ᠃
   ᠤᠳᠤᠬᠠᠨ ᠳᠤ᠂ ᠠᠷᠤ ᠬᠤᠷᠴᠢᠨ ᠬᠤᠰᠢᠭᠤᠨ ᠤ ᠤᠯᠠᠩᠭᠢ ᠮᠤᠩᠭᠤᠯ ᠰᠤᠷᠭᠠᠭᠤᠯᠢ ᠨᠢ ᠪᠦᠷ ᠦᠪᠡᠷᠳᠡᠭᠡᠨ ᠵᠠᠰᠠᠬᠤ ᠤᠷᠤᠨ ᠠᠴᠠ ᠮᠡᠳᠡᠷᠡᠭᠰᠡᠨ ᠵᠢᠭᠠᠨ ᠰᠤᠷᠭᠠᠯᠲᠠ ᠶᠢᠨ ᠰᠤᠳᠤᠯᠭᠠᠨ ᠤ ᠰᠡᠳᠦᠪ ᠲᠠᠢ ᠪᠦᠭᠡᠳ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠳᠤ ᠲᠤᠬᠢᠷᠠᠭᠤᠯᠤᠨ ᠬᠡᠷᠡᠭᠵᠢᠭᠦᠯᠵᠦ ᠪᠠᠶᠢᠵᠡᠢ᠃ ︽ᠮᠤᠩᠭᠤᠯ ᠦᠨᠳᠦᠰᠦᠳᠡᠨ ᠤ ᠤᠯᠠᠮᠵᠢᠯᠠᠯᠲᠤ ᠨᠠᠭᠠᠳᠤᠮ ᠲᠤᠭᠯᠠᠭᠠᠮ ᠢᠶᠠᠷ ᠬᠡᠤᠬᠡᠳ ᠤᠨ ᠤᠶᠤᠨ ᠢ ᠨᠡᠭᠡᠭᠡᠭᠳᠡᠭᠦᠯᠬᠦ ᠰᠤᠳᠤᠯᠭᠠᠨ︾᠂ ︽ᠨᠡᠭᠦᠳᠡᠯ ᠰᠤᠶᠤᠯ ᠤᠨ ᠵᠢᠭᠠᠨ ᠰᠤᠷᠭᠠᠯᠲᠠ ᠶᠢᠨ ᠰᠤᠳᠤᠯᠭᠠᠨ︾᠂ ︽ᠦᠰᠦᠭ ᠲᠠᠨᠢᠭᠤᠯᠬᠤ ᠠᠷᠭ᠎ᠠ︾᠂ ︽ᠮᠤᠩᠭᠤᠯ ᠠᠮᠢᠳᠤᠷᠠᠯ ᠤᠨ ᠬᠡᠷᠡᠭᠰᠡᠯ ᠢ ᠵᠠᠭᠪᠤᠷᠴᠢᠯᠠᠨ ᠦᠢᠯᠡᠳᠴᠦ᠂ ᠬᠡᠤᠬᠡᠳ ᠲᠤ ᠲᠠᠨᠢᠭᠤᠯᠬᠤ ᠰᠤᠳᠤᠯᠭᠠᠨ︾᠂ ︽ᠤᠯᠠᠮᠵᠢᠯᠠᠯᠲᠤ ᠮᠤᠩᠭᠤᠯ ᠰᠤᠶᠤᠯ ᠢᠶᠠᠷ ᠰᠤᠷᠤᠭᠴᠢᠳ ᠤᠨ ᠤᠶᠤᠨ ᠴᠢᠳᠠᠪᠤᠷᠢ ᠶᠢ ᠬᠦᠮᠦᠵᠢᠭᠦᠯᠬᠦ ᠰᠤᠳᠤᠯᠭᠠᠨ︾᠂ ︽ᠤᠷᠤᠯᠳᠤᠯᠭ᠎ᠠ ᠪᠠᠷ ᠲᠦᠷᠢ ᠪᠦᠳᠦᠭᠡᠬᠦ ᠰᠤᠳᠤᠯᠭᠠᠨ︾᠂ ︽ᠲᠠᠩᠬᠢᠮ ᠤᠨ ᠵᠢᠭᠠᠨ ᠰᠤᠷᠭᠠᠯᠲᠠ ᠳᠤ ᠰᠤᠷᠤᠭᠴᠢ ᠶᠢ ᠵᠤᠬᠢᠶᠠᠨ ᠪᠠᠶᠢᠭᠤᠯᠬᠤ ᠪᠠ ᠦᠢᠯᠡᠳᠦᠯᠭᠡᠵᠢᠭᠦᠯᠬᠦ ᠰᠤᠳᠤᠯᠭᠠᠨ︾ ᠵᠡᠷᠭᠡ ᠰᠤᠳᠤᠯᠭᠠᠨ ᠤ ᠰᠡᠳᠦᠪ ᠤᠳ ᠨᠢ ᠡᠯ᠎ᠠ ᠰᠤᠷᠭᠠᠭᠤᠯᠢ ᠨᠤᠭᠤᠳ ᠢᠶᠠᠷ ᠤᠷᠤᠬᠰᠢᠳᠡᠢ ᠶᠠᠪᠤᠬᠳᠠᠵᠤ᠂ ᠰᠤᠷᠤᠬᠴᠢᠤᠨ ᠤᠨ ᠤᠶᠤᠨ ᠢ ᠨᠡᠭᠡᠭᠳᠡᠭᠦᠯᠵᠤ᠂ ᠰᠤᠷᠤᠯᠴᠠᠬᠤ ᠤᠷᠮ ᠎ᠠ ᠶᠢ ᠭᠦᠭᠵᠢᠭᠡᠭᠰᠡᠨ ᠢᠶᠠᠷ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠨ ᠦᠭᠡᠷᠡᠴᠢᠯᠡᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠭᠡᠳᠠ ᠰᠠᠶᠢᠵᠢᠷᠠᠭᠤᠯᠵᠠᠢ᠃ ᠤᠢᠢᠷ᠎ᠠ ᠶᠢᠨ ᠵᠢᠯ ᠳᠤ ᠪᠦᠭᠦ ᠬᠤᠰᠢᠭᠤᠨ ᠤ ᠦᠨᠳᠦᠷ ᠲᠤᠮᠳᠠᠳᠤ ᠰᠤᠷᠭᠠᠭᠤᠯᠢ ᠲᠡᠭᠦᠰᠦᠭᠰᠡᠨ ᠰᠤᠷᠤᠬᠴᠢ 700 ᠭᠠᠷᠤᠢ ᠪᠠᠶᠢᠵᠤ᠂ ᠶᠡᠭᠡ ᠰᠤᠷᠭᠠᠭᠤᠯᠢ ᠶᠢᠨ ᠦᠨᠳᠦᠰᠦᠨ ᠠᠩᠭᠢ ᠶᠢᠨ ᠬᠤᠶᠠᠳᠤᠭᠠᠷ ᠪᠦᠯᠦᠭ ᠠᠴᠠ ᠲᠡᠭᠡᠭᠰᠢᠬᠢ ᠰᠤᠷᠭᠠᠭᠤᠯᠢ ᠳᠤ ᠡᠯᠰᠡᠭᠳᠡᠭᠰᠡᠨ ᠨᠤᠷᠮ᠎ᠠ 92% ᠲᠤ ᠬᠦᠷᠪᠠ᠃ ᠡᠭᠦᠨ ᠤ ᠬᠠᠮᠳᠤ ᠲᠤᠰ ᠬᠤᠰᠢᠭᠤ ᠨᠢ ᠨᠠᠷᠡᠳᠤ ᠪᠠᠭᠰᠢ ᠶᠢ ᠭᠦᠮᠦᠵᠢᠭᠦᠯᠭᠦ ᠪᠠᠷ ᠬᠠᠷᠡᠯᠳᠠ ᠪᠤᠯᠭᠠᠬᠰᠡᠨ ᠡᠩᠨᠡᠭᠡ ᠶᠢᠨ ᠪᠠᠶᠢᠭᠤᠯᠤᠯᠲᠠ ᠶᠢ ᠴᠢᠩᠭ᠎ᠠ ᠠᠤᠨᠬᠤᠵᠤ᠂ ᠭᠤᠤᠯᠳᠠᠭᠤ ᠢᠯᠡ ᠪᠠᠷ ᠴᠢᠳᠠᠪᠤᠷᠢᠳᠠᠨ ᠤᠷᠢᠵᠤ ᠡᠯᠰᠡᠬᠦ᠂ ᠤᠯᠤᠰ᠂ ᠤᠷᠤᠨ᠂ ᠬᠤᠲᠠ᠂ ᠬᠤᠰᠢᠭᠤᠨ ᠤ ᠲᠡᠰ ᠤᠨ ᠲᠦᠷᠪᠡᠨ ᠱᠠᠳᠤᠨ ᠤ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠂ ᠪᠦᠬᠦ ᠬᠢᠴᠢᠶᠡᠯ ᠲᠦᠷᠦᠯ ᠤᠨ ᠪᠠᠭᠰᠢ᠂ ᠠᠮᠤᠷ ᠢ ᠬᠠᠮᠠᠭᠠᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠠᠵᠢᠯᠲᠠᠨ ᠳᠤ ᠰᠦᠢᠤᠨᠭᠡᠯ ᠬᠤᠷᠢᠶᠠᠬᠤ ᠦᠭᠡᠢ ᠪᠠᠷ ᠪᠤᠯᠪᠠᠰᠤᠷᠠᠯ ᠬᠦᠷᠳᠡᠭᠡᠬᠦ ᠶᠢ ᠪᠠᠷᠢᠮᠳᠠᠯᠠᠭᠰᠠᠨ ᠪᠠ ᠪᠠᠭᠰᠢ ᠶᠢ ᠬᠠᠨᠳᠤᠯᠭ᠎ᠠ ᠲᠠᠢ ᠬᠦᠮᠦᠵᠢᠭᠦᠯᠵᠦ᠂ ᠲᠤᠷᠰᠢᠯᠭ᠎ᠠ ᠰᠤᠯᠢᠯᠴᠠᠨ᠂ ᠠᠵᠢᠯ ᠤᠨ ᠪᠠᠶᠢᠷᠢ ᠡᠭᠡᠯᠵᠢᠯᠡᠵᠤ᠂ ᠮᠡᠷᠭᠡᠵᠢᠯ ᠢ ᠨᠢ ᠲᠡᠭᠡᠭᠰᠢᠯᠡᠭᠦᠯᠦᠭᠰᠡᠨ ᠠᠴᠠ ᠤᠯᠤᠰ ᠲᠦᠷᠦ ᠶᠢᠨ ᠵᠤᠭᠰᠤᠯᠲᠠ ᠪᠠᠳᠤ᠂ ᠲᠤᠬᠠᠢᠢᠯᠠᠭᠰᠠᠨ ᠠᠵᠢᠯ ᠳᠠᠭᠠᠨ ᠮᠡᠷᠭᠡᠰᠢᠭᠰᠡᠨ᠂ ᠦᠪᠦᠷ ᠮᠤᠩᠭᠤᠯ ᠤᠷᠤᠨ ᠳᠠᠭᠠᠨ ᠨᠡᠷ᠎ᠡ ᠨᠦᠯᠦᠭᠡ ᠪᠦᠬᠦᠢ ᠪᠠᠭᠰᠢ ᠶᠢ ᠬᠦᠮᠦᠵᠢᠭᠦᠯᠵᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠰᠢᠯᠢᠳᠡᠭᠵᠢᠭᠦᠯᠦᠨ᠂ ᠨᠢᠭᠡ ᠪᠦᠯᠦᠭ ᠵᠠᠬᠢᠷᠤᠯ᠂ ᠵᠢᠭᠠᠬᠤ ᠶᠢ ᠰᠤᠳᠤᠯᠤᠭᠴᠢ᠂ ᠬᠢᠴᠢᠶᠡᠯᠯᠡᠭᠴᠢ ᠪᠠᠭᠰᠢ ᠶᠢᠨ ᠡᠩᠨᠡᠭᠡ ᠶᠢ ᠪᠦᠷᠢᠯᠳᠦᠭᠦᠯᠵᠡᠢ᠃
   ᠤᠨᠴᠠᠯᠢᠬ ᠲᠤᠪᠤᠶᠢᠮ᠎ᠠ ᠬᠡᠪ ᠴᠢᠨᠠᠷ ᠤᠨ ᠰᠤᠷᠭᠠᠨ ᠬᠦᠮᠦᠵᠢᠯ ᠭᠡᠤᠭᠡᠤᠨ ᠤᠨ ᠤᠶᠤᠨ ᠢ ᠬᠤᠷᠴᠠᠯᠠᠨ ᠤᠬᠠᠭᠠᠨ ᠢ ᠲᠡᠯᠡᠭᠦ ᠭᠦᠳᠦᠴᠢ
   ᠪᠢᠳᠠ ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ ᠪᠠᠷ ᠰᠤᠷᠪᠤᠯᠵᠢᠯᠡᠨ ᠭᠦᠷᠭᠦ ᠳᠤ᠂ ᠤᠷᠡᠨ ᠬᠠᠤᠠᠬᠤᠮᠡᠯ ᠤᠨ ᠲᠤᠭᠤᠢᠢᠯᠡᠩ ᠤᠨ ᠠᠩᠭᠢ ᠶᠢᠨ ᠭᠡᠷ ᠲᠤ ᠨᠡᠯᠢᠶᠡᠤᠨ ᠭᠡᠳᠤᠨ ᠡᠷᠡᠭᠳᠡᠢ ᠰᠤᠷᠤᠬᠴᠢ ᠤᠷᠡᠨ ᠬᠠᠤᠨᠬᠤᠮᠡᠯ ᠤᠶᠠᠵᠤ ᠪᠠᠶᠢᠬᠰᠡᠨ ᠨᠢ ᠰᠤᠨᠢᠷᠬᠠᠯ ᠢ ᠲᠠᠳᠠᠬᠰᠡᠨ ᠶᠤᠮ᠃
   — ᠡᠮᠡᠭᠳᠡᠢ ᠰᠤᠷᠤᠬᠴᠢᠤᠨ ᠯᠡ ᠤᠶᠤᠵᠤ ᠤᠷᠠᠯᠠᠬᠤ ᠳᠠᠭᠠᠨ ᠡᠪᠳᠡᠢ ᠪᠠᠶᠢᠳᠠᠬ᠂ ᠲᠠᠨᠠᠷ ᠰᠡᠶᠢᠬᠠᠨ ᠤᠶᠤᠵᠤ ᠴᠢᠳᠠᠵᠤ ᠪᠠᠶᠢᠨᠠᠤ ᠭᠡᠵᠤ ᠠᠰᠠᠭᠤᠬᠤ ᠳᠤ᠂
   — ᠴᠢᠳᠠᠨ᠎ᠠ ᠰᠢᠤ᠂ ᠨᠡᠨ ᠤᠷᠠᠯᠠᠬᠰᠡᠨ ᠢ ᠦᠵᠡᠯ ᠳ᠋ᠠ᠂ ᠪᠤᠯᠤᠨ᠎ᠠ ᠪᠢᠵᠠ ᠭᠡᠵᠤ ᠭᠠᠷ ᠲᠠᠬᠢ ᠬᠠᠤᠠᠬᠤᠮᠠᠯ ᠢᠶᠠᠨ ᠡᠷᠭᠦᠨ ᠪᠢᠳᠡᠨ ᠳᠤ ᠦᠵᠡᠭᠦᠯᠦᠭᠰᠡᠨ ᠢᠶᠠᠨ ᠤᠷᠡᠨ ᠬᠠᠤᠨᠬᠤᠮᠡᠯ ᠤᠶᠤᠵᠦ ᠰᠤᠷᠤᠬᠰᠡᠨ ᠠᠴᠠ ᠬᠤᠶᠢᠰᠢ ᠪᠢ ᠲᠤᠭᠠᠨ ᠤ ᠰᠡᠳᠤᠪ ᠪᠤᠳᠤᠬᠤ ᠳᠠᠭᠠᠨ ᠨᠡᠩ ᠨᠠᠷᠢᠨ ᠭᠢᠨᠠᠮᠠᠭᠠᠢ ᠪᠤᠯᠤᠬᠰᠡᠨ᠂ ᠰᠢᠯᠭᠠᠯᠳᠠ ᠳᠤ ᠤᠷᠤᠯᠴᠠᠬᠤ ᠳᠠᠭᠠᠨ ᠶᠠᠭᠠᠷᠠᠵᠤ ᠰᠠᠨᠳᠤᠷᠬᠤ ᠦᠭᠡᠢ ᠪᠤᠯᠤᠬᠰᠡᠨ᠂ ᠵᠢᠷᠤᠬ ᠵᠢᠷᠤᠬᠤ ᠲᠤᠷᠡᠳᠡᠢ ᠪᠤᠯᠵᠤ ᠰᠡᠤᠨᠭᠢᠭᠦᠢ ᠨᠡᠩ ᠦᠷᠭᠡᠵᠢᠭᠰᠡᠨ ᠭᠡᠵᠤ ᠭᠡᠤᠭᠡᠤᠨ ᠤᠳ ᠤᠷᠡᠨ ᠬᠠᠤᠨᠬᠤᠮᠡᠯ ᠰᠤᠷᠤᠬᠰᠡᠨ ᠲᠦᠷᠦᠭᠳᠡᠯ ᠢᠶᠠᠨ ᠬᠤᠪᠢᠶᠠᠯᠴᠠᠯ᠎ᠠ᠃ ᠤᠷᠡᠨ ᠬᠠᠤᠨᠬᠤᠮᠡᠯ ᠤᠨ ᠲᠤᠭᠤᠢᠢᠯᠡᠩ ᠪᠤᠯ ᠲᠤᠰ ᠰᠤᠷᠭᠠᠭᠤᠯᠢ ᠶᠢᠨ 15 ᠵᠦᠢᠯ ᠤᠨ ᠤᠷᠮ ᠎ᠠ ᠪᠠᠬ᠎ᠠ ᠶᠢᠨ ᠲᠤᠭᠤᠢᠢᠯᠡᠩ ᠤᠨ ᠲᠤᠳᠤᠷᠡᠭᠢ ᠨᠢᠭᠡᠯᠡ ᠲᠦᠷᠦᠯ ᠪᠠᠶᠢᠵᠡᠢ᠃ ᠲᠤᠰ ᠰᠤᠷᠭᠠᠭᠤᠯᠢ ᠶᠢᠨ ᠤᠨᠴᠠᠯᠢᠬᠳᠤ ᠰᠤᠷᠭᠠᠨ ᠭᠦᠮᠦᠵᠢᠯ ᠢᠶᠠᠷ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠠᠭᠡᠭᠰᠢᠯᠡᠭᠦᠯᠭᠦ ᠠᠷᠭ᠎ᠠ ᠠᠪᠴᠡᠯ ᠨᠢ ᠦᠷ᠎ᠠ ᠪᠦᠳᠦᠮᠵᠢ ᠦᠯᠡᠮᠵᠢᠭᠡᠨ ᠪᠠᠶᠢᠵᠤ᠂ ᠰᠤᠷᠭᠠᠭᠤᠯᠢ ᠪᠠᠶᠢᠭᠤᠯᠤᠭᠳᠠᠭᠰᠠᠨ ᠠᠴᠠ 2010 ᠤᠨ ᠪᠤᠯᠳᠠᠯ᠎ᠠ 3082 ᠰᠤᠷᠤᠭᠴᠢ ᠲᠡᠭᠦᠰᠭᠡᠵᠦ᠂ ᠲᠡᠭᠡᠳᠦ ᠲᠤᠮᠳᠠᠳᠤ ᠳᠤ ᠲᠡᠪᠰᠢᠬᠦ ᠰᠢᠯᠭᠠᠯᠲᠠ ᠳᠤ ᠤᠷᠢᠳ ᠬᠤᠵᠢᠳ 7 ᠰᠤᠷᠤᠭᠴᠢ ᠬᠤᠲᠠ ᠶᠢᠨ ᠲᠡᠷᠢᠭᠦᠨ ᠲᠡᠳ᠋ ᠢᠶᠠᠷ ᠰᠢᠯᠭᠠᠷᠠᠵᠤ᠂ 2015 — 2017 ᠭᠤᠷᠪᠠᠨ ᠵᠢᠯ ᠲᠠᠷᠠᠭᠠᠯᠠᠨ ᠬᠤᠲᠠ ᠶᠢᠨ ᠮᠠᠩᠯᠠᠢ ᠪᠠᠷ ᠲᠤᠳᠤᠷᠠᠵᠡᠢ᠃ ᠬᠤᠭᠤᠴᠠᠭ᠎ᠠ ᠪᠤᠯᠭᠠᠨ ᠦᠨᠳᠦᠰᠦᠳᠡᠨ ᠤ ᠦᠪ ᠰᠤᠶᠤᠯ ᠤᠨ ᠬᠢᠴᠢᠶᠡᠯ ᠨᠡᠭᠡᠭᠡᠵᠦ ᠬᠠᠰᠢᠷ ᠲᠤᠷᠰᠢᠯᠭ᠎ᠠ ᠲᠠᠢ ᠮᠠᠯᠴᠢᠨ ᠪᠤᠶᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ ᠵᠠᠯᠠᠵᠤ ᠦᠢᠯᠡᠳᠦᠯᠭᠡ ᠶᠢᠨ ᠬᠢᠴᠢᠶᠡᠯ ᠤᠷᠤᠭᠤᠯᠬᠤ ᠶᠢᠨ ᠵᠡᠷᠭᠡ ᠪᠠᠷ ᠮᠤᠩᠭᠤᠯ ᠰᠢᠳᠠᠷ᠎ᠠ᠂ ᠱᠠᠭ᠎ᠠ ᠲᠤᠭᠯᠠᠭᠠᠮ᠂ ᠮᠤᠩᠭᠤᠯ ᠪᠦᠬᠡ᠂ ᠮᠤᠷᠢᠨ ᠬᠤᠭᠤᠷ ᠵᠡᠷᠭᠡ ᠤᠯᠠᠨ ᠲᠦᠷᠦᠯ ᠤᠨ ᠤᠨᠴᠠᠯᠢᠭᠳᠤ ᠬᠢᠴᠢᠶᠡᠯ ᠲᠤᠬᠢᠷᠠᠭᠤᠯᠵᠤ᠂ ᠬᠡᠤᠬᠡᠳ ᠤᠨ ᠠᠪᠢᠶᠠᠰ ᠢ ᠪᠠᠳᠠᠷᠠᠭᠤᠯᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠵᠤ ᠪᠤᠢ᠃ ︽ᠮᠠᠨ ᠤ ᠰᠤᠷᠭᠠᠭᠤᠯᠢ ᠮᠤᠩᠭᠤᠯ ᠦᠨᠳᠦᠰᠦᠳᠡᠨ ᠤ ᠤᠯᠠᠮᠵᠢᠯᠠᠯᠲᠤ ᠨᠠᠭᠠᠳᠤᠮ ᠲᠤᠭᠯᠠᠭᠠᠮ ᠢᠶᠠᠷ ᠬᠡᠤᠬᠡᠳ ᠤᠨ ᠤᠶᠤᠨ ᠢ ᠨᠡᠭᠡᠭᠡᠭᠳᠡᠭᠦᠯᠬᠦ ᠰᠤᠳᠤᠯᠭᠠᠨ ᠢ ᠬᠢᠵᠦ ᠪᠠᠶᠢᠨ᠎ᠠ᠂ ᠡᠭᠦᠨ ᠳᠤ ᠱᠠᠭ᠎ᠠ ᠨᠠᠭᠠᠳᠬᠤ᠂ ᠪᠠᠷᠬᠡ ᠲᠠᠪᠠᠭ᠋ᠤ᠂ ᠮᠤᠩᠭᠤᠯ ᠰᠢᠳᠠᠷ᠎ᠠ᠂ ᠪᠤᠭᠤᠨ ᠵᠢᠷᠭᠢᠶ᠎ᠡ ᠵᠡᠷᠭᠡ ᠤᠯᠠᠨ ᠵᠦᠢᠯ ᠤᠨ ᠲᠤᠭᠯᠠᠭᠠᠮ ᠪᠤᠢ᠃ ᠬᠡᠤᠬᠡᠳ ᠤᠨ ᠱᠠᠭ᠎ᠠ ᠴᠤᠭᠯᠠᠭᠤᠯᠬᠤ ᠶᠢ ᠬᠦᠬᠢᠭᠦᠯᠦᠨ ᠵᠤᠷᠢᠭᠵᠢᠭᠤᠯᠵᠤ᠂ ᠤᠷᠤᠯᠳᠤᠭᠠᠨ ᠲᠡᠮᠡᠴᠡᠭᠡᠨ ᠦᠷᠨᠢᠭᠦᠯᠦᠨ ᠬᠡᠤᠬᠡᠳ ᠤᠨ ᠤᠷᠮ᠎ᠠ ᠶᠢ ᠬᠦᠭᠵᠢᠭᠡᠳᠡᠭ︾ ᠬᠡᠮᠡᠨ ᠰᠤᠷᠭᠠᠭᠤᠯᠢ ᠶᠢᠨ ᠵᠠᠬᠢᠷᠤᠯ ᠬᠤᠷᠴᠠ ᠶᠠᠷᠢᠨ᠎ᠠ᠃ ᠲᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠨᠢ ᠤᠨᠴᠠᠯᠢᠬᠳᠤ ᠰᠤᠷᠭᠠᠨ ᠭᠦᠮᠦᠵᠢᠯ ᠢ ᠢᠳᠠ ᠭᠦᠭ ᠲᠠᠢ ᠶᠠᠪᠤᠬᠳᠠᠭᠤᠯᠵᠤ ᠪᠠᠶᠢᠬᠤ ᠪᠠᠷ ᠪᠠᠷᠠᠬᠤ ᠦᠭᠡᠢ ᠴᠢᠪᠠᠭ᠎ᠠ ᠶᠢᠨ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠴᠤ ᠦᠨᠳᠦᠰᠦᠳᠡᠨ ᠤ ᠤᠨᠴᠠᠯᠢᠭᠲᠤ ᠰᠤᠷᠭᠠᠨ ᠬᠦᠮᠦᠵᠢᠯ ᠢ ᠲᠤᠪᠤᠶᠢᠯᠭᠠᠵᠤ᠂ ᠰᠤᠶᠤᠯ ᠤᠷᠠᠯᠢᠭ ᠤᠨ ᠰᠤᠷᠭᠠᠨ ᠬᠦᠮᠦᠵᠢᠯ ᠢᠶᠠᠷ ᠬᠡᠤᠬᠡᠳ ᠤᠨ ᠪᠦᠬᠦ ᠲᠠᠯ᠎ᠠ ᠪᠠᠷ ᠬᠦᠭᠵᠢᠬᠦ ᠪᠠ ᠦᠪᠡᠷᠮᠢᠴᠡ ᠴᠢᠳᠠᠪᠤᠷᠢ ᠶᠢ ᠬᠦᠮᠦᠵᠢᠭᠦᠯᠬᠦ ᠪᠠᠷ ᠵᠢᠭᠠᠨ ᠰᠤᠷᠭᠠᠯᠲᠠ ᠶᠢᠨ ᠭᠤᠤᠯᠳᠠᠯᠭ᠎ᠠ ᠪᠤᠯᠭᠠᠵᠤ᠂ ᠦᠨᠳᠦᠰᠦᠳᠡᠨ ᠤ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠵᠢᠭᠠᠨ ᠰᠤᠷᠭᠠᠯᠳᠠ ᠶᠢᠨ ᠰᠢᠨ᠎ᠠ ᠠᠷᠭ᠎ᠠ ᠵᠠᠮ ᠢ ᠨᠡᠭᠡᠭᠡᠵᠤ ᠪᠤᠢ᠃ 10672 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠲᠤᠰ ᠴᠡᠴᠡᠷᠯᠢᠭ ᠢᠶᠠᠷ ᠬᠦᠷᠬᠦ ᠳᠤ ᠤᠷᠴᠢᠨ ᠲᠤᠭᠤᠷᠢᠨ ᠨᠢ ᠲᠦᠢᠯ ᠤᠨ ᠴᠡᠪᠡᠷ ᠴᠡᠮᠴᠡᠭᠡᠷ ᠪᠠᠶᠢᠵᠤ᠂ 12 ᠵᠢᠭᠠᠨ ᠰᠤᠷᠭᠠᠬᠤ ᠠᠵᠢᠯᠯᠠᠭ᠎ᠠ ᠶᠢᠨ ᠦᠷᠦᠭᠡ ᠪᠠ ᠲᠤᠰᠬᠠᠢ ᠪᠦᠵᠢᠭ ᠤᠨ ᠦᠷᠦᠭᠡ᠂ ᠭᠠᠷ ᠤᠷᠠᠯᠠᠯ ᠤᠨ ᠦᠷᠦᠭᠡ᠂ ᠬᠠᠶᠢᠨ ᠰᠢᠨᠵᠢᠯᠡᠭᠡᠨ ᠤ ᠦᠷᠦᠭᠡ᠂ ᠬᠡᠤᠬᠡᠳ ᠤᠨ ᠨᠤᠮ ᠤᠨ ᠦᠷᠦᠭᠡ᠂ ᠲᠠᠭᠤᠤ ᠬᠦᠭᠵᠢᠮ ᠤᠨ ᠦᠷᠦᠭᠡ᠂ ᠢᠳᠡᠭᠡᠨ ᠤᠮᠳᠠᠭᠠᠨ ᠤ ᠦᠷᠦᠭᠡ᠂ ᠪᠦᠬᠡ ᠶᠢᠨ ᠦᠷᠦᠭᠡ᠂ ᠦᠨᠳᠦᠰᠦᠳᠡᠨ ᠤ ᠤᠨᠴᠠᠯᠢᠭᠳᠤ ᠵᠠᠩ ᠦᠢᠯᠡ ᠶᠢᠨ ᠦᠷᠦᠭᠡ ᠳᠤ ᠵᠦᠢᠯ ᠵᠦᠢᠯ ᠤᠨ ᠲᠦᠬᠦᠭᠡᠷᠦᠮᠵᠢ ᠪᠦᠷᠢᠨ ᠲᠦᠭᠦᠷ ᠬᠠᠷᠠᠬᠳᠠᠵᠤ᠂ ᠭᠡᠤᠭᠡᠤᠨ ᠤᠳ ᠦᠪᠡᠷ ᠤᠨ ᠲᠤᠷ᠎ᠠ ᠰᠤᠨᠢᠷᠬᠠᠯ ᠢᠶᠠᠨ ᠦᠨᠳᠤᠰᠤᠯᠠᠵᠤ᠂ ᠲᠤᠰᠬᠠᠢ ᠦᠷᠦᠭᠡ ᠳᠤ ᠤᠷᠤᠵᠤ ᠰᠢᠬᠢᠷ ᠪᠤᠷᠠᠮ ᠠᠮᠳᠠᠯᠠᠭᠰᠠᠨ ᠰᠢᠬ ᠭᠦᠭᠡᠷᠤᠯᠳᠤᠨ ᠨᠠᠭᠠᠳᠴᠤ ᠪᠠᠶᠢᠯ᠎ᠠ᠃ ︽ᠬᠦᠮᠦᠨ ᠪᠤᠯᠬᠤ ᠪᠠᠭ᠎ᠠ ᠠᠴᠠ ᠪᠠᠨ᠂ ᠭᠦᠯᠦᠭ ᠪᠤᠯᠬᠤ ᠤᠨᠠᠭ᠎ᠠ ᠠᠴᠠ ᠪᠠᠨ︾ ᠭᠡᠳᠡᠭ ᠢᠶᠠᠷ᠂ ᠪᠢᠳᠠ ᠭᠡᠤᠭᠡᠤᠨ ᠲᠡᠭᠡᠨ ᠪᠠᠭ᠎ᠠ ᠠᠴᠠ ᠨᠢ ᠦᠨᠳᠤᠰᠤᠳᠡᠨ ᠤ ᠦᠪ ᠰᠤᠶᠤᠯ ᠢᠶᠠᠨ ᠲᠠᠨᠢᠭᠤᠯᠵᠤ᠂ ᠦᠨᠳᠤᠰᠤᠳᠡᠨ ᠤ ᠤᠨᠴᠠᠯᠢᠬᠳᠤ ᠭᠠᠷ ᠤᠷᠠᠯᠡᠯ᠂ ᠲᠠᠭᠤᠤ ᠪᠦᠵᠢᠭ᠂ ᠨᠠᠭᠠᠳᠤᠮ ᠲᠤᠬᠯᠠᠭᠠᠮ ᠢᠶᠠᠷ ᠭᠡᠤᠭᠡᠤᠨ ᠤᠨ ᠭᠠᠷ ᠭᠦᠳᠡᠯᠭᠦ ᠴᠢᠳᠠᠪᠤᠷᠢ ᠶᠢ ᠲᠡᠭᠡᠭᠰᠢᠯᠡᠭᠦᠯᠵᠤ᠂ ᠤᠷᠮ ᠎ᠠ ᠪᠠᠬ᠎ᠠ ᠶᠢ ᠭᠦᠭᠵᠢᠭᠡᠭᠦ ᠶᠢ ᠵᠤᠷᠢᠬᠰᠡᠨ ᠶᠤᠮ ᠭᠡᠵᠤ ᠴᠡᠴᠡᠷᠯᠢᠭ ᠤᠨ ᠬᠠᠷᠢᠭᠤᠴᠡᠯᠭᠠᠳᠡᠨ ᠲᠠᠨᠢᠯᠴᠠᠭᠤᠯᠤᠨ᠎ᠠ᠃ ᠤᠯᠠᠭᠠᠨᠬᠠᠳᠠ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠠᠴᠠ ᠬᠤᠶᠠᠷ ᠵᠢᠯ ᠠᠯᠤᠰᠯᠠᠬᠤ ᠪᠦᠷᠢ ᠳᠤ ᠨᠢᠭᠡ ᠤᠳᠠᠭ᠎ᠠ ᠶᠠᠪᠤᠬᠳᠠᠭᠤᠯᠵᠤ ᠪᠠᠶᠢᠭ᠎ᠠ ᠬᠡᠪ ᠴᠢᠨᠠᠷ ᠤᠨ ᠰᠤᠷᠭᠠᠨ ᠬᠦᠮᠦᠵᠢᠯ ᠤᠨ ᠦᠵᠡᠭᠦᠯᠭᠡ ᠶᠢᠨ ᠤᠷᠤᠯᠳᠤᠭᠠᠨ ᠳᠤ ᠠᠷᠤ ᠬᠤᠷᠴᠢᠨ ᠬᠤᠰᠢᠭᠤ ᠨᠢᠭᠡᠴᠢ ᠶᠢᠨ ᠶᠡᠷᠦᠩᠬᠡᠢ ᠬᠤᠪᠢ ᠪᠠ ᠬᠤᠪᠢ ᠬᠦᠮᠦᠨ ᠤ ᠶᠡᠷᠦᠩᠬᠡᠢ ᠬᠤᠪᠢ ᠪᠠᠷ ᠤᠳᠠᠭ᠎ᠠ ᠲᠠᠷᠠᠭᠠᠯᠠᠨ ᠲᠡᠷᠢᠭᠦᠯᠡᠭᠰᠡᠭᠡᠷ ᠢᠷᠡᠭᠰᠡᠨ ᠰᠢᠯᠢᠳᠡᠭ ᠠᠮᠵᠢᠯᠲᠠ ᠲᠠᠢ᠃ ᠲᠤᠰ ᠬᠤᠰᠢᠭᠤ ᠨᠢ ᠪᠠᠰᠠ ᠤᠷᠤᠨ ᠪᠠ ᠬᠤᠲᠠ ᠶᠢᠨ ᠦᠨᠳᠦᠰᠦᠳᠡᠨ ᠤ ᠰᠤᠷᠭᠠᠨ ᠬᠦᠮᠦᠵᠢᠯ ᠳᠤ ᠬᠤᠯᠪᠤᠭᠳᠠᠬᠤ ᠶᠡᠭᠡ ᠬᠡᠪᠴᠢᠶᠡᠨ ᠤ ᠬᠦᠳᠡᠯᠭᠡᠭᠡᠨ ᠢ ᠤᠯᠠᠨᠲᠠ ᠲᠠᠭᠠᠭᠠᠴᠢᠯᠠᠨ ᠡᠷᠬᠢᠯᠡᠵᠦ ᠵᠢᠭᠠᠨ ᠰᠤᠷᠭᠠᠯᠲᠠ ᠳᠤ ᠦᠢᠯᠡᠴᠢᠯᠡᠭᠦᠯᠦᠭᠰᠡᠨ ᠪᠦᠭᠡᠤᠨ ᠬᠠᠨ ᠠᠭᠤᠯᠠ ᠪᠠᠭ᠎ᠠ ᠰᠤᠷᠭᠠᠭᠤᠯᠢ ᠨᠢ ︽ᠠᠯᠳᠠᠨᠴᠡᠴᠡᠭ ᠤᠨ ᠤᠷᠳᠤ ᠶᠢᠨ ᠲᠠᠭᠤᠤ ᠶᠢᠨ ᠰᠠᠭᠤᠷᠢᠨ︾᠂ ᠴᠢᠪᠠᠭ᠎ᠠ ᠮᠤᠩᠭᠤᠯ ᠪᠠᠭ᠎ᠠ ᠰᠤᠷᠭᠠᠭᠤᠯᠢ ᠨᠢ ︽ᠲᠦᠷᠪᠡᠨ ᠤᠳᠠᠰᠤᠳᠤ ᠬᠤᠭᠤᠷ ᠤᠨ ᠰᠠᠭᠤᠷᠢᠨ︾ ᠪᠤᠯᠤᠭᠰᠠᠨ ᠪᠠᠶᠢᠨ᠎ᠠ᠃
   ᠴᠡᠭ ᠲᠤ ᠰᠠᠭᠤᠭᠰᠠᠨ ᠡᠪᠦᠷ ᠲᠡᠮᠳᠡᠭᠯᠡᠯ
   ᠬᠡᠪ ᠴᠢᠨᠠᠷ ᠤᠨ ᠰᠤᠷᠭᠠᠨ ᠬᠦᠮᠦᠵᠢᠯ ᠪᠤᠯ ᠬᠦᠮᠦᠨ ᠤ ᠬᠦᠭᠵᠢᠯᠲᠡ ᠪᠤᠯᠤᠨ ᠨᠡᠶᠢᠭᠡᠮ ᠤᠨ ᠬᠦᠭᠵᠢᠯᠲᠡ ᠶᠢᠨ ᠪᠤᠳᠠᠳᠠᠢ ᠬᠡᠷᠡᠭᠴᠡᠭᠡ ᠶᠢ ᠦᠨᠳᠦᠰᠦᠯᠡᠨ ᠰᠤᠷᠤᠭᠴᠢᠳ ᠤᠨ ᠬᠡᠪ ᠴᠢᠨᠠᠷ ᠢ ᠲᠡᠭᠡᠭᠰᠢᠯᠡᠭᠦᠯᠬᠦ ᠪᠠᠷ ᠦᠨᠳᠦᠰᠦᠨ ᠵᠤᠷᠢᠯᠭ᠎ᠠ ᠪᠠᠨ ᠪᠤᠯᠭᠠᠨ᠂ ᠰᠤᠷᠤᠭᠴᠢ ᠶᠢᠨ ᠭᠤᠤᠯ ᠴᠤᠭᠴᠠᠳᠤ ᠴᠢᠨᠠᠷ ᠪᠤᠯᠤᠨ ᠰᠠᠨᠠᠭᠠᠴᠢᠯᠠᠭᠠᠳᠤ ᠵᠤᠷᠢᠭ ᠰᠠᠨᠠᠭ᠎ᠠ ᠶᠢ ᠬᠦᠨᠳᠦᠳᠭᠡᠬᠦ᠂ ᠬᠦᠮᠦᠨ ᠤ ᠤᠶᠤᠨᠴᠢ ᠲᠠᠯᠲᠠ ᠴᠢᠳᠠᠪᠤᠷᠢ ᠶᠢ ᠨᠡᠭᠡᠭᠡᠬᠦ ᠶᠢ ᠴᠢᠬᠤᠯᠠᠴᠢᠯᠠᠬᠤ ᠪᠠᠷ ᠤᠨᠴᠠᠯᠢᠭ ᠢᠶᠠᠨ ᠪᠤᠯᠭᠠᠭᠰᠠᠨ ᠰᠤᠷᠭᠠᠨ ᠬᠦᠮᠦᠵᠢᠯ ᠪᠤᠯᠤᠨ᠎ᠠ᠃ ᠠᠷᠤ ᠬᠤᠷᠴᠢᠨ ᠬᠤᠰᠢᠭᠤᠨ ᠤ ᠡᠯ ᠎ᠠ ᠮᠤᠩᠭᠤᠯ ᠰᠤᠷᠭᠠᠭᠤᠯᠢ ᠨᠤᠭᠤᠳ ᠨᠢ ᠴᠠᠭ ᠦᠶ᠎ᠡ ᠶᠢᠨ ᠬᠦᠭᠵᠢᠯᠲᠡ ᠶᠢᠨ ᠱᠠᠭᠠᠷᠳᠠᠯᠭ᠎ᠠ ᠪᠠ ᠬᠤᠳᠠᠴᠢᠯᠠᠯᠲᠠ ᠶᠢᠨ ᠠᠬᠢᠴᠠ ᠶᠢᠨ ᠲᠦᠷᠭᠡᠳᠬᠦ ᠶᠢ ᠲᠠᠭᠠᠯᠳᠤᠨ ᠵᠠᠯᠠᠭᠤᠴᠤᠳ ᠪᠠᠭᠠᠴᠤᠳ ᠤᠨ ᠮᠠᠯᠵᠢᠬᠤ ᠠᠮᠢᠳᠤᠷᠠᠯ᠂ ᠮᠤᠩᠭᠤᠯ ᠤᠯᠠᠮᠵᠢᠯᠠᠯᠳᠤ ᠦᠪ ᠰᠤᠶᠤᠯ ᠤᠨ ᠲᠤᠬᠠᠢ ᠲᠠᠨᠢᠯᠲᠠ ᠮᠠᠰᠢ ᠪᠠᠯᠠᠷᠬᠠᠢ ᠪᠤᠯᠵᠤ ᠪᠠᠶᠢᠭ᠎ᠠ ᠪᠠᠶᠢᠳᠡᠯ ᠳᠤ ᠴᠢᠭᠯᠡᠭᠦᠯᠦᠨ᠂ ᠭᠡᠪ ᠴᠢᠨᠠᠷ ᠤᠨ ᠰᠤᠷᠭᠠᠨ ᠭᠦᠮᠦᠵᠢᠯ ᠢ ᠭᠦᠭᠵᠢᠭᠦᠯᠭᠦ ᠶᠠᠪᠤᠴᠠ ᠲᠤᠮᠳᠠ ᠦᠨᠳᠤᠰᠤᠳᠡᠨ ᠤ ᠰᠢᠯᠢᠳᠡᠭ ᠤᠯᠡᠮᠵᠢᠯᠡᠯᠳᠤ ᠤᠢᠪ ᠰᠤᠶᠤᠯ ᠤᠨ ᠭᠢᠴᠢᠶᠠᠯ ᠭᠦᠮᠤᠵᠢᠯ ᠡᠷᠭᠢᠯᠡᠭᠦ ᠪᠠᠷ ᠲᠠᠮᠵᠢᠭᠤᠯᠤᠨ᠂ ᠰᠤᠷᠤᠬᠴᠢᠤᠨ ᠤᠨ ᠤᠷᠮ᠎ᠠ ᠶᠢ ᠭᠦᠭᠵᠢᠭᠡᠨ᠂ ᠰᠡᠤᠨᠭᠢᠭᠦᠢ ᠶᠢ ᠨᠢ ᠲᠡᠯᠡᠵᠤ᠂ ᠦᠨᠳᠤᠰᠤᠳᠡᠨ ᠤ ᠰᠤᠶᠤᠯ ᠢᠶᠠᠨ ᠬᠤᠶᠢᠴᠢ ᠦᠶ᠎ᠠ ᠳᠡᠭᠡᠨ ᠦᠪᠯᠡᠨ ᠤᠯᠠᠮᠵᠢᠯᠠᠵᠤ ᠪᠠᠶᠢᠭ᠎ᠠ ᠨᠢ ᠰᠤᠷᠤᠯᠴᠠᠭᠤᠰᠢᠳᠠᠢ᠃ ᠮᠦᠨ ᠠᠷᠤ ᠬᠤᠷᠴᠢᠨ ᠬᠤᠰᠢᠭᠤ ᠦᠨᠳᠦᠰᠦᠳᠡᠨ ᠤ ᠰᠤᠷᠭᠠᠨ ᠬᠦᠮᠦᠵᠢᠯ ᠪᠤᠯ ᠨᠢᠭᠡ ᠦᠨᠳᠦᠰᠦᠳᠡᠨ ᠤ ᠠᠵᠤ ᠠᠬᠤᠢ ᠰᠤᠶᠤᠯ ᠤᠨ ᠬᠦᠭᠵᠢᠯᠲᠡ ᠶᠢᠨ ᠪᠡᠯᠭᠡ ᠲᠡᠮᠳᠡᠭ ᠪᠠ ᠲᠤᠰᠬᠠᠯ ᠮᠦᠨ᠂ ᠮᠦᠨ ᠴᠦ ᠦᠨᠳᠦᠰᠦᠳᠡᠨ ᠤ ᠬᠡᠪ ᠴᠢᠨᠠᠷ ᠢ ᠲᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠵᠠᠮ ᠪᠤᠯᠤᠨ᠎ᠠ ᠭᠡᠰᠡᠨ ᠢ ᠭᠦᠨᠴᠠ ᠤᠢᠢᠯᠠᠭᠠᠬᠰᠡᠨ ᠪᠦᠭᠡᠳ ᠪᠤᠳᠡᠳᠡᠢ ᠵᠢᠭᠠᠨ ᠰᠤᠷᠭᠠᠯᠳᠠ ᠲᠤᠮᠳᠠ ᠪᠠᠨ ᠤᠢᠢᠯᠡᠳᠤᠯᠭᠡᠵᠢᠭᠦᠯᠵᠤ᠂ ᠲᠤᠪᠤᠶᠢᠮ᠎ᠠ ᠠᠮᠵᠢᠯᠳᠠ ᠤᠯᠤᠬᠰᠡᠨ ᠨᠢ ᠴᠤ ᠪᠠᠭ᠋ᠠᠷᠤᠯᠳᠠᠢ᠃
   ᠤᠳᠤᠬᠠᠨ᠂ ᠲᠤᠰ ᠬᠤᠰᠢᠭᠤᠨ ᠤ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠨᠡᠶᠢᠲᠡ 23 ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠮᠤ ᠪᠠᠯᠭᠠᠰᠤᠨ ᠳᠤ ᠪᠠᠶᠢᠭ᠎ᠠ 14 ᠰᠤᠷᠭᠠᠭᠤᠯᠢ ᠪᠡ ᠬᠠᠷᠢᠶᠠᠳᠤ ᠬᠡᠤᠬᠡᠳ ᠤᠨ ᠴᠡᠴᠡᠷᠯᠢᠭ ᠨᠦᠭᠦᠳ ᠢᠶᠠᠷ ᠪᠤᠭᠤᠨ ᠵᠢᠷᠬᠢᠭᠡ ᠶᠢ ᠳᠤᠭᠠᠨ ᠤ ᠤᠬᠠᠭᠠᠨ ᠤ ᠬᠢᠴᠢᠶᠡᠯ ᠳᠡᠭᠡᠨ ᠠᠰᠢᠬᠯᠠᠵᠤ ᠪᠠᠶᠢᠬᠤ᠂ ᠱᠠᠭ᠎ᠠ ᠳᠤᠭᠯᠠᠭᠠᠮ᠂ ᠮᠤᠩᠭᠤᠯ ᠰᠢᠳᠠᠷ᠎ᠠ ᠪᠠᠷ ᠬᠡᠦᠭᠡᠳ ᠤᠨ ᠰᠡᠳᠬᠢᠭᠦᠢ ᠶᠢ ᠳᠡᠯᠡᠭᠦ ᠳᠤ ᠬᠠᠪᠰᠤᠷᠭᠠᠵᠤ ᠪᠠᠶᠢᠬᠤ᠂ ᠱᠠᠭ᠎ᠠ ᠶᠢᠨ ᠲᠤᠬᠠᠢ ᠵᠦᠢᠷ ᠰᠡᠴᠡᠨ ᠦᠭᠡ᠂ ᠳᠠᠭᠤᠤ ᠰᠢᠯᠦᠭ᠂ ᠴᠡᠭᠡᠷ ᠶᠤᠰᠤᠨ ᠵᠡᠷᠭᠡ ᠶᠢ ᠮᠤᠩᠭᠤᠯ ᠬᠡᠯᠡ ᠪᠢᠴᠢᠭ ᠲᠤ ᠠᠭᠤᠰᠬᠠᠨ ᠵᠢᠭᠠᠵᠤ ᠪᠠᠶᠢᠬᠤ ᠰᠤᠷᠭᠠᠨ ᠬᠦᠮᠦᠵᠢᠯ ᠤᠨ ᠠᠷᠭ᠎ᠠ ᠠᠪᠴᠠᠯ ᠨᠢ ᠨᠢᠭᠡᠨᠲᠡ ᠨᠡᠯᠢᠶᠡᠤᠨ ᠲᠦᠯᠦᠪᠰᠢᠷᠡᠵᠠᠢ᠃ ᠲᠡᠳᠡᠨ ᠤ ᠨᠠᠨᠳᠢᠨ ᠲᠤᠷᠰᠢᠯᠭ᠎ᠠ ᠨᠢ ᠪᠦᠭᠦ ᠤᠷᠤᠨ ᠤ ᠦᠨᠳᠤᠰᠤᠳᠡᠨ ᠤ ᠰᠤᠷᠭᠠᠨ ᠭᠦᠮᠦᠵᠢᠯ ᠤᠨ ᠤᠢᠢᠯᠡᠰ ᠤᠨ ᠭᠦᠭᠵᠢᠯᠳᠠ ᠳᠤ ᠭᠦᠴᠦᠨ ᠨᠡᠮᠡᠷᠢᠯᠡᠭᠦ ᠨᠢ ᠲᠠᠮᠵᠢᠬ ᠦᠭᠡᠢ᠃
            ᠵᠣᠬᠢᠶᠠᠭᠴᠢ᠄  ᠰᠤᠪᠤᠳ ᠭᠤᠸ᠎ᠠ ᠠᠭᠤᠯᠠ ᠬᠠᠯᠢᠨ



  
     
     