 

ᠰᠢ ᠶᠢᠨ ᠫᠢᠩ ᠤᠨ ᠴᠢᠬᠤᠯᠠ ᠶᠠᠷᠢᠶ᠎ᠠ

2019-05-23 09:21
  362
  0
  
  ᠪᠦᠬᠦ ᠴᠡᠷᠢᠭ ᠤᠨ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠬᠤ ᠶᠢ ᠠᠬᠢᠭᠤᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠤᠨ ᠪᠠᠶᠢᠭᠤᠯᠤᠯᠳᠠ ᠳᠠᠬᠢ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢᠨ ᠵᠢᠯᠤᠭᠤᠳᠬᠤ ᠪᠠᠶᠢᠷᠢ ᠰᠠᠭᠤᠷᠢ ᠶᠢ ᠪᠠᠳᠤ ᠴᠤᠬᠴᠠᠯᠠᠨ᠂ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢ ᠬᠦᠴᠦᠷᠭᠡᠭᠵᠢᠬᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠰᠢᠨ᠎ᠠ ᠴᠠᠭ ᠦᠶ᠎ᠠ ᠶᠢᠨ ᠴᠡᠷᠢᠭ ᠢ ᠬᠦᠴᠦᠷᠭᠡᠭᠵᠢᠬᠦᠯᠬᠦ ᠦᠢᠯᠡᠰ ᠢ ᠬᠦᠴᠦᠯᠡᠨ ᠠᠬᠢᠭᠤᠯᠬᠤ ᠶᠢᠨ ᠲᠦᠯᠦᠭᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠭᠡᠯᠳᠡᠰ ᠠᠴᠠ ᠵᠤᠬᠢᠶᠠᠨ ᠪᠠᠶᠢᠭᠤᠯᠵᠦ ᠨᠠᠶᠢᠷᠠᠭᠤᠯᠤᠨ ᠳᠠᠷᠤᠮᠠᠯᠯᠠᠬᠰᠠᠨ ︽ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭᠠᠨ ᠤ ᠰᠤᠷᠤᠯᠴᠠᠯᠭ᠎ᠠ ᠶᠢᠨ ᠬᠦᠳᠦᠯᠪᠦᠷᠢ︾ ︵ᠲᠤᠷᠤᠬᠰᠢ ︽ᠬᠦᠳᠦᠯᠪᠦᠷᠢ︾ ᠭᠡᠵᠦ ᠲᠦᠬᠦᠮᠴᠢᠯᠡᠨ᠎ᠠ︶ ᠶᠢ ᠤᠢᠢᠷ᠎ᠠ ᠳᠤ ᠵᠢᠩᠬᠢᠨᠢ ᠪᠠᠷ ᠬᠡᠪᠯᠡᠨ ᠳᠠᠷᠬᠠᠭᠠᠪᠠ᠃ 
  ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠭᠡᠰᠡᠭ᠂ ᠮᠠᠷᠺᠰ ᠤᠨ ᠦᠵᠡᠯ ᠤᠨ ᠴᠡᠷᠢᠭ ᠤᠨ ᠶᠠᠪᠤᠳᠠᠯ ᠤᠨ ᠤᠨᠤᠯ ᠤᠨ ᠳᠤᠮᠳᠠᠳᠤ ᠤᠯᠤᠰᠴᠢᠯᠠᠬᠰᠠᠨ ᠴᠠᠭ ᠦᠶᠠᠴᠢᠯᠡᠭᠰᠡᠨ ᠰᠢᠨ᠎ᠠ ᠲᠠᠪᠠᠯᠳᠠ ᠪᠠᠶᠢᠵᠤ᠂ ᠨᠠᠮ ᠤᠨ ᠴᠡᠷᠢᠭ ᠤᠨ ᠶᠠᠪᠤᠳᠠᠯ ᠢ ᠵᠢᠯᠤᠭᠤᠳᠬᠤ ᠤᠨᠤᠯ ᠢ ᠳᠠᠬᠢᠨᠳᠠ ᠴᠠᠭ ᠦᠶ᠎ᠠ ᠲᠠᠢ ᠵᠡᠷᠭᠡ ᠪᠠᠷ ᠤᠷᠤᠬᠰᠢᠯᠠᠭᠤᠯᠵᠠᠢ᠃ ︽ᠬᠦᠳᠦᠯᠪᠦᠷᠢ︾ ᠨᠢ ᠤᠳᠤᠷᠢᠳᠬᠠᠯ᠂ ᠭᠤᠤᠯ ᠭᠡᠰᠡᠭ᠂ ᠲᠡᠬᠦᠰᠭᠡᠯ ᠢᠶᠠᠷ ᠪᠦᠷᠢᠯᠳᠦᠵᠦ᠂ ᠨᠡᠶᠢᠳᠡ 18 ᠭᠡᠰᠡᠭ᠂ 85 ᠵᠦᠢᠯ ᠪᠠᠶᠢᠵᠦ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠤᠭᠳᠠᠯ᠂ ᠰᠢᠨᠵᠢᠯᠡᠬᠦ ᠤᠬᠠᠭᠠᠨᠴᠢ ᠰᠢᠰᠲᠧᠮ᠂ ᠡᠯᠪᠡᠭ ᠠᠭᠤᠯᠤᠭᠳᠠᠬᠤᠨ᠂ ᠵᠤᠷᠢᠭ ᠰᠠᠨᠠᠭᠠᠨ ᠤ ᠮᠦᠨ ᠴᠢᠨᠠᠷ ᠢ ᠪᠦᠬᠦ ᠲᠠᠯ᠎ᠠ ᠪᠠᠷ ᠰᠢᠰᠲᠧᠮ ᠲᠠᠢ ᠳᠤᠳᠤᠷᠬᠠᠢᠢᠯᠠᠨ ᠦᠬᠦᠯᠡᠵᠦ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠦᠨᠳᠦᠰᠦᠨ ᠵᠢᠭᠠᠬᠤ ᠮᠠᠲ᠋ᠧᠷᠢᠶᠠᠯ ᠪᠤᠯᠤᠬᠰᠠᠨ ᠪᠠᠶᠢᠨ᠎ᠠ᠃ 
  ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠡ ᠤᠢᠢᠷ᠎ᠡ ᠳᠤ ᠮᠡᠳᠡᠭᠳᠡᠯ ᠨᠠᠶᠢᠳᠠᠯᠡᠵᠤ᠂ ᠪᠦᠬᠦ ᠴᠡᠷᠢᠭ ᠢᠶᠠᠷ ᠢᠶᠠᠨ ︽ᠬᠦᠳᠦᠯᠪᠤᠷᠢ︾ ᠶᠢ ᠰᠤᠷᠤᠯᠴᠠᠵᠤ ᠬᠡᠷᠡᠭᠯᠡᠬᠦ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠬᠤ ᠭᠡᠷᠡᠭᠳᠠᠢ᠃ ︽ᠬᠦᠳᠦᠯᠪᠤᠷᠢ︾ ᠶᠢ ᠰᠤᠷᠤᠯᠴᠠᠬᠤ ᠶᠢ ᠨᠠᠮ ᠤᠨ ᠬᠤᠷᠢᠶᠠᠨ ᠤ ᠭᠤᠤᠯ ᠲᠤᠭᠤᠢᠢᠯᠠᠩ ᠤᠨ ᠰᠤᠷᠤᠯᠴᠠᠯᠭ᠎ᠠ᠂ ᠺᠠᠳ᠋ᠷ ᠤᠨ ᠤᠨᠤᠯ ᠤᠨ ᠡᠭᠡᠯᠵᠢ ᠶᠢᠨ ᠪᠤᠯᠪᠠᠰᠤᠷᠠᠯ᠂ ᠴᠡᠷᠢᠭ ᠠᠩᠭᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠪᠤᠯᠤᠨ ᠶᠡᠭᠡ ᠲᠡᠭᠡᠳᠤ ᠰᠤᠷᠭᠠᠭᠤᠯᠢ ᠶᠢᠨ ᠤᠯᠤᠰ ᠲᠦᠷᠦ ᠶᠢᠨ ᠤᠨᠤᠯ ᠤᠨ ᠬᠢᠴᠢᠶᠠᠯ ᠤᠨ ᠵᠢᠭᠠᠨ ᠰᠤᠷᠭᠠᠯᠳᠠ ᠳᠤ ᠤᠷᠤᠭᠤᠯᠵᠤ᠂ ︽ᠤᠭ ᠰᠠᠨᠠᠭ᠎ᠠ ᠪᠠᠨ ᠦᠯᠤ ᠮᠡᠷᠳᠡᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾᠂ ︽ᠬᠤᠪᠢᠰᠬᠠᠯᠳᠤ ᠤᠳᠤᠮᠰᠢᠯ ᠢ ᠵᠠᠯᠭᠠᠮᠵᠢᠯᠠᠵᠤ ᠴᠡᠷᠢᠭ ᠢ ᠬᠦᠴᠦᠷᠭᠡᠭᠵᠢᠬᠦᠯᠬᠦ ᠬᠦᠨᠳᠤ ᠡᠭᠦᠷᠭᠡ ᠶᠢ ᠡᠬᠦᠷᠭᠡᠯᠡᠬᠦ︾ ᠭᠤᠤᠯ ᠰᠡᠳᠦᠪᠳᠤ ᠬᠦᠮᠦᠵᠢᠯ ᠳᠤ ᠤᠷᠤᠭᠤᠯᠵᠤ᠂ ᠲᠠᠷᠤᠭ᠎ᠠ ᠪᠠᠶᠢᠯᠳᠤᠬᠴᠢᠳ ᠤᠨ ᠤᠬᠠᠮᠰᠠᠷ ᠠᠴᠠ ᠪᠠᠨ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠠᠪᠰᠡᠭᠯᠡᠨ ᠦᠢᠯᠡᠳᠦᠯᠭᠡ ᠪᠠᠨ ᠵᠢᠯᠤᠭᠤᠳᠤᠭᠤᠯᠵᠤ ᠠᠵᠢᠯ ᠢᠶᠠᠨ ᠠᠬᠢᠭᠤᠯᠬᠤ ᠶᠢ ᠲᠠᠭᠠᠭᠤᠯᠬᠤ ᠭᠡᠷᠡᠭᠳᠠᠢ᠃ ︽ᠬᠦᠳᠦᠯᠪᠤᠷᠢ︾ ᠶᠢ ᠰᠤᠷᠤᠯᠴᠠᠬᠤ ᠪᠠᠷ ᠭᠠᠷᠳᠠᠴᠠ ᠪᠤᠯᠭᠠᠨ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠦᠷᠬᠦᠯᠵᠢᠯᠡᠨ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠡ ᠪᠠᠷ ᠰᠢᠰᠲᠧᠮ ᠲᠠᠢ ᠰᠤᠷᠤᠯᠴᠠᠵᠤ᠂ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠬᠦᠨᠵᠡᠭᠡᠢ ᠪᠤᠳᠤᠯᠬᠢᠯᠠᠨ ᠰᠤᠷᠤᠯᠴᠠᠵᠤ᠂ ᠪᠤᠳᠠᠳᠠᠢ ᠲᠠᠢ ᠤᠶᠠᠯᠳᠤᠭᠤᠯᠤᠨ ᠰᠤᠷᠤᠯᠴᠠᠵᠤ᠂ ᠲᠡᠬᠦᠨ ᠤ ᠲᠤᠳᠤᠷᠠᠬᠢ ᠮᠠᠷᠺᠰ ᠤᠨ ᠦᠵᠡᠯ ᠤᠨ ᠵᠤᠬᠰᠤᠯᠳᠠ᠂ ᠦᠵᠡᠯᠳᠠ᠂ ᠠᠷᠭ᠎ᠠ ᠶᠢ ᠴᠢᠷᠮᠠᠶᠢᠨ ᠡᠵᠡᠮᠰᠢᠬᠦ ᠭᠡᠷᠡᠭᠳᠠᠢ᠃ ᠵᠢᠩᠭᠢᠨᠢ ᠰᠤᠷᠤᠯᠴᠠᠨ ᠮᠡᠳᠡᠵᠤ ᠨᠡᠪᠳᠡᠷᠡᠳᠠᠯ᠎ᠡ ᠤᠢᠢᠯᠠᠭᠠᠵᠤ ᠪᠤᠳᠠᠳᠠᠶᠢᠵᠢᠭᠤᠯᠬᠤ ᠪᠠᠷ ᠬᠦᠴᠦᠯᠡᠨ ᠴᠢᠷᠮᠠᠶᠢᠵᠤ᠂ ᠤᠪᠤᠷ ᠢᠶᠠᠨ ᠢᠯᠡᠳᠭᠡᠬᠦ ᠲᠠᠳᠦᠢ᠂ ᠬᠦᠢᠭᠡᠨ ᠲᠠᠨᠢᠯᠳᠠ ᠲᠠᠳᠦᠢ᠂ ᠨᠠᠷ᠎ᠡ ᠠᠰᠢᠭ ᠬᠦᠭᠡᠭᠡᠴᠡᠯᠳᠦᠬᠦ ᠲᠠᠳᠦᠢ ᠵᠡᠷᠭᠡ ᠲᠦᠪ ᠪᠤᠰᠤ ᠰᠤᠷᠳᠠᠯ ᠢ ᠵᠠᠰᠠᠨ ᠴᠡᠭᠴᠡᠯᠡᠵᠤ᠂ ᠰᠤᠷᠤᠯᠴᠠᠬᠤ᠂ ᠰᠡᠳᠬᠢᠬᠦ᠂ ᠬᠡᠷᠡᠭᠯᠡᠬᠦ ᠶᠢ ᠲᠦᠢᠯᠪᠤᠷᠢᠳᠠᠢ ᠲᠤᠭᠤᠰᠢᠯᠠᠭᠤᠯᠤᠨ᠂ ᠮᠡᠳᠡᠬᠦᠢ᠂ ᠢᠳᠡᠭᠡᠬᠦᠢ᠂ ᠬᠢᠬᠦᠢ ᠶᠢ ᠨᠢᠭᠡᠳᠭᠡᠬᠦ ᠭᠡᠷᠡᠭᠳᠠᠢ᠃ ᠤᠳᠤᠷᠢᠳᠬᠤ ᠺᠠᠳ᠋ᠷᠴᠤᠳ ᠬᠤᠰᠢᠭᠤᠴᠢ ᠦᠢᠯᠡᠳᠦᠯ ᠢᠶᠠᠨ ᠪᠠᠳᠠᠷᠠᠭᠤᠯᠤᠨ᠂ ᠰᠤᠷᠤᠯᠴᠠᠬᠰᠡᠨ ᠦᠷ᠎ᠡ ᠪᠦᠳᠦᠭᠡᠯ ᠢᠶᠠᠷ ᠢᠶᠠᠨ ᠲᠠᠷᠤᠭ᠎ᠠ ᠪᠠᠶᠢᠯᠳᠤᠬᠴᠢᠳ ᠲᠤ ᠰᠠᠶᠢᠳᠦᠷ ᠤᠬᠠᠭᠤᠯᠭ᠎ᠠ ᠵᠢᠯᠤᠭᠤᠳᠤᠯᠭ᠎ᠠ ᠬᠢᠵᠤ᠂ ᠴᠡᠷᠢᠭ ᠠᠩᠭᠢ ᠪᠠᠨ ᠳᠠᠶᠢᠴᠢᠯᠠᠨ ᠰᠤᠷᠤᠯᠴᠠᠵᠤ ᠨᠠᠶᠢᠳᠠᠪᠤᠷᠢᠵᠢᠭᠤᠯᠬᠤ ᠶᠢ ᠬᠦᠨᠵᠡᠭᠡᠶᠢᠷᠠᠬᠦᠯᠤᠨ ᠪᠤᠳᠠᠳᠠᠶᠢᠵᠢᠭᠤᠯᠵᠤ ᠰᠡᠳᠬᠢᠯ ᠳᠤᠨᠢ ᠬᠠᠳᠠᠩᠰᠢᠭᠤᠯᠬᠤ ᠭᠡᠷᠡᠭᠳᠠᠢ᠃ ᠪᠦᠬᠦ ᠴᠡᠷᠢᠭ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠠ ᠶᠢ ᠬᠦᠨᠵᠡᠭᠡᠢ ᠲᠤᠭᠤᠰᠢᠯᠠᠭᠤᠯᠤᠨ᠂ ᠲᠠᠶᠢᠨ ᠳᠤ ᠪᠡᠯᠡᠳᠭᠡᠵᠤ ᠲᠠᠶᠢᠨ ᠬᠢᠬᠦ ᠳᠤ ᠬᠦᠴᠦ ᠪᠠᠨ ᠲᠦᠪᠯᠡᠷᠡᠭᠦᠯᠵᠦ᠂ ᠦᠭᠡᠷᠡᠴᠢᠯᠡᠯᠳᠠ ᠬᠢᠵᠦ ᠰᠢᠨ᠎ᠡ ᠶᠢ ᠡᠭᠦᠳᠬᠦ ᠪᠠᠨ ᠴᠢᠩᠭᠠᠳᠬᠠᠨ᠂ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠭᠡᠭᠵᠢᠬᠦᠯᠬᠦ ᠬᠠᠷᠠᠯᠳᠠ ᠶᠢ ᠪᠠᠶᠠᠯᠡᠬᠦᠯᠵᠤ ᠠᠷᠠᠳ ᠤᠨ ᠴᠡᠷᠢᠭ ᠠᠩᠭᠢ ᠶᠢ ᠲᠡᠯᠡᠭᠡᠢ ᠶᠢᠨ ᠲᠡᠷᠢᠬᠦᠨ ᠤ ᠴᠡᠷᠢᠭ ᠠᠩᠭᠢ ᠪᠤᠯᠭᠠᠨ ᠪᠦᠬᠦ ᠲᠠᠯ᠎ᠡ ᠪᠠᠷ ᠪᠦᠲᠦᠭᠡᠨ ᠪᠠᠶᠢᠭᠤᠯᠬᠤ ᠪᠠᠷ ᠲᠡᠮᠡᠴᠡᠵᠦ᠂ ᠨᠠᠮ ᠪᠤᠯᠤᠨ ᠠᠷᠠᠳ ᠲᠦᠮᠡᠨ ᠤ ᠳᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠳᠦᠷ ᠡᠬᠦᠷᠭᠡᠯᠡᠬᠦ ᠭᠡᠷᠡᠭᠳᠠᠢ ᠭᠡᠵᠤ ᠱᠠᠭᠠᠷᠳᠠᠪᠠ᠃ᠨᠠᠶᠢᠷᠠᠭᠤᠯᠤᠭᠴᠢ᠄ ᠠᠷᠢᠭᠤᠨ᠎ᠠ 



  
     
     