-
2153323
ᠠᠮᠢ ᠠᠬᠤᠢ ᠶᠢᠨ ᠰᠠᠭᠤᠷᠢ ᠶᠢ ᠪᠠᠳᠤ ᠴᠤᠭᠴᠠᠯᠠᠵᠤ ᠦᠵᠡᠰᠭᠦᠯᠡᠩᠳᠤ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠰᠤᠭᠠᠢ
2019-05-08 09:44
720
0
— ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠲᠠᠪᠤᠨᠳᠠ ᠦᠭᠦᠯᠡᠬᠦ ᠨᠢ
ᠶᠠᠮᠠᠷᠪᠠ ᠪᠤᠯᠪᠠᠰᠤᠨ ᠤ ᠬᠡᠯᠪᠡᠷᠢ ᠨᠢ ᠴᠦᠮ ᠦᠪᠡᠷ ᠤᠨ ᠢᠶᠠᠨ ᠳᠦᠷᠢᠮ ᠤᠨ ᠲᠤᠯᠭᠠᠭᠤᠷᠢᠯᠠᠯ ᠲᠠᠢ ᠪᠠᠶᠢᠳᠠᠭ᠂ ᠳᠦᠷᠢᠮ ᠤᠨ ᠳᠠᠪᠰᠢᠯᠳᠠ ᠪᠤᠯ ᠠᠮᠢ ᠠᠬᠤᠢ ᠶᠢᠨ ᠪᠤᠯᠪᠠᠰᠤᠨ ᠤ ᠳᠦᠪᠰᠢᠨ ᠳᠡᠭᠡᠭᠰᠢᠯᠡᠭᠰᠡᠨ ᠤ ᠴᠢᠬᠤᠯᠠ ᠪᠡᠯᠭᠡ ᠳᠡᠮᠳᠡᠭ ᠪᠤᠯᠤᠨ᠎ᠠ᠂ ᠮᠦᠨ ᠴᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠤᠭᠤᠮᠢ ᠬᠦᠯᠢᠶᠡᠰᠤ ᠶᠢ ᠰᠢᠪᠳᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠬᠡᠷᠪᠡ ᠪᠠᠶᠢᠭᠤᠯᠤᠮᠵᠢ ᠨᠢ ᠰᠢᠯᠤᠭᠤᠬᠠᠨ ᠪᠢᠰᠢ᠂ ᠲᠤᠭᠳᠠᠴᠠ ᠨᠢ ᠲᠡᠭᠦᠯᠳᠡᠷ ᠪᠢᠰᠢ ᠪᠤᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ︽ᠬᠠᠷᠰᠢ︾ ᠪᠠ ︽ᠰᠠᠭᠠᠳ︾ ᠲᠤ ᠤᠴᠠᠷᠠᠨ᠎ᠠ ᠭᠡᠳᠡᠭ ᠢ ᠦᠢᠯᠡᠳᠦᠯᠭᠡ ᠭᠡᠷᠡᠴᠢᠯᠡᠵᠠᠢ᠃
ᠠᠮᠢ ᠠᠬᠤᠢ ᠰᠠᠶᠢᠵᠢᠷᠠᠪᠠᠯ ᠪᠤᠯᠪᠠᠰᠤᠨ ᠮᠠᠨᠳᠤᠨ᠎ᠠ᠂ ᠠᠮᠢ ᠠᠬᠤᠢ ᠮᠠᠭᠤᠳᠠᠪᠠᠯ ᠪᠤᠯᠪᠠᠰᠤᠨ ᠳᠤᠷᠦ᠋ᠢᠳᠠᠨᠠ᠃ 10.2 ᠳ᠋ᠦᠩᠰᠢᠭᠤᠷ ᠮᠦ ᠪᠠᠯᠴᠢᠭᠡᠷ ᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠦᠭᠬᠦ ᠪᠠ ᠱᠠᠩᠨᠠᠯ ᠤᠯᠭᠤᠬᠤ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠤ ᠤᠷᠤᠭᠤᠯᠵᠤ᠂ 102 ᠤᠯᠤᠰ ᠤᠨ ᠦᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ᠪᠠᠶᠢᠭᠠᠯᠢᠯᠢᠭ ᠤᠢ ᠮᠤᠳᠤ ᠶᠢ ᠬᠤᠳᠠᠯᠳᠤᠭᠠᠨ ᠤ ᠴᠢᠨᠠᠷᠳᠠᠢ ᠪᠠᠷ ᠤᠭᠳᠤᠯᠬᠤ ᠶᠢ ᠪᠦᠬᠦ ᠲᠠᠯ᠎ᠠ ᠪᠠᠷ ᠵᠤᠭᠰᠤᠭᠠᠵᠤ᠂ ᠤᠷᠴᠢᠨ ᠲᠤᠭᠤᠷᠢᠨ ᠤ ᠬᠠᠮᠠᠭᠠᠯᠠᠯᠳᠠ ᠳᠤ ᠨᠢᠭᠡ ᠪᠢᠯᠧᠲ ᠢᠶᠠᠷ ᠦᠭᠡᠶᠢᠰᠭᠡᠬᠦ ᠳᠦᠷᠢᠮ ᠢ ᠬᠡᠷᠡᠭᠵᠢᠭᠦᠯᠦᠭᠰᠡᠨ ᠁ ᠮᠠᠨ ᠤ ᠤᠷᠤᠨ ᠠᠯᠢ ᠤᠯᠠᠨ ᠠᠮᠢ ᠠᠬᠤᠢ ᠶᠢᠨ ᠬᠦᠷᠢᠶᠠᠨ ᠤ ᠳᠦᠷᠢᠮ ᠪᠠ ᠠᠷᠭ᠎ᠠ ᠬᠡᠮᠵᠢᠶ᠎ᠠ ᠶᠢ ᠲᠤᠭᠳᠠᠭᠠᠵᠤ᠂ ᠦᠵᠡᠰᠭᠦᠯᠡᠩᠳᠤ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠴᠣ᠋ ᠰᠢᠨ᠎ᠠ ᠪᠠᠶᠢᠳᠠᠯ ᠢ ᠪᠦᠷᠢᠯᠳᠦᠭᠦᠯᠵᠠᠢ᠃ ᠭᠡᠪᠡᠴᠤ ᠠᠮᠢ ᠠᠬᠤᠢ ᠶᠢᠨ ᠪᠤᠯᠪᠠᠰᠤᠨ ᠤ ᠳᠦᠷᠢᠮ ᠤᠨ ᠰᠢᠰᠲ᠋ᠧᠮ ᠢ ᠪᠠᠶᠢᠭᠤᠯᠬᠤ ᠠᠵᠢᠯ ᠨᠢᠭᠡ ᠴᠠᠭ ᠨᠢᠭᠡ ᠮᠦᠴᠠ ᠳᠤ ᠪᠡᠶᠡᠯᠡᠭᠳᠡᠬᠦ ᠶᠠᠪᠤᠳᠠᠯ ᠪᠢᠰᠢ᠂ ᠮᠦᠨ ᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ ᠶᠤᠮ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠤᠨ ᠤ ᠰᠢᠨ᠎ᠠ ᠪᠠᠶᠢᠭᠤᠯᠤᠮᠵᠢ ᠶᠢ ᠪᠦᠬᠦ ᠲᠠᠯ᠎ᠠ ᠪᠠᠷ ᠪᠠᠶᠢᠭᠤᠯᠬᠤ ᠳᠤ ᠬᠦᠷᠪᠡᠯ᠂ ᠮᠠᠨ ᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠨᠡᠩ ᠰᠠᠶᠢᠨ ᠢᠶᠠᠷ ᠠᠬᠢᠭᠤᠯᠵᠤ ᠴᠢᠳᠠᠬᠤ ᠪᠤᠯᠤᠨ᠎ᠠ᠃
ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠶᠢᠨ ᠲᠦᠯᠦᠭᠡ ︽ᠳᠦᠷᠢᠮ ᠤᠨ ᠬᠤᠷᠢᠭ᠎ᠠ︾ ᠶᠢ ᠪᠠᠳᠤ ᠴᠤᠬᠴᠠᠯᠠᠬᠤ ᠳᠤ᠂ ᠪᠢᠳᠡ ᠰᠢᠯᠭᠠᠨ ᠪᠠᠶᠢᠴᠠᠭᠠᠬᠤ ᠪᠠ ᠬᠠᠷᠢᠭᠤᠴᠠᠯᠭ᠎ᠠ ᠳᠤᠯᠭᠠᠬᠤ ᠳᠠᠯ᠎ᠠ ᠪᠠᠷ ᠬᠦᠴᠦ ᠤᠷᠤᠭᠤᠯᠬᠤ ᠬᠡᠷᠡᠭᠳᠠᠢ᠃ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠤᠬᠢᠷᠳᠤᠯ ᠦᠬᠡᠢ ᠬᠦᠭᠵᠢᠯᠳᠡ ᠪᠠᠷ ᠵᠢᠯᠤᠭᠤᠳᠤᠮᠵᠢ ᠪᠤᠯᠭᠠᠬᠤ ᠰᠢᠯᠭᠠᠨ ᠦᠨᠡᠯᠡᠬᠦ ᠵᠢᠯᠤᠭᠤᠳᠤᠯᠭ᠎ᠠ ᠶᠢᠨ ᠰᠢᠰᠲᠧᠮ ᠢ ᠪᠠᠶᠢᠭᠤᠯᠵᠦ᠂ ᠰᠢᠯᠭᠠᠨ ᠪᠠᠶᠢᠴᠠᠭᠠᠬᠰᠠᠨ ᠦᠷ᠎ᠠ ᠳ᠋ᠦᠩ ᠢᠶᠠᠷ ᠡᠯ᠎ᠠ ᠱᠠᠳᠤᠨ ᠤ ᠤᠳᠤᠷᠢᠳᠬᠤ ᠪᠠᠬ ᠪᠤᠯᠤᠨ ᠤᠳᠤᠷᠢᠳᠬᠤ ᠺᠠᠳ᠋ᠷ ᠢ ᠱᠠᠩᠨᠠᠵᠦ ᠳᠤᠷᠭᠠᠬᠤ ᠪᠠ ᠳᠡᠪᠰᠢᠬᠦᠯᠦᠨ ᠬᠡᠷᠡᠭᠯᠡᠬᠦ ᠴᠢᠬᠤᠯᠠ ᠦᠨᠳᠦᠰᠦᠯᠡᠯ ᠪᠤᠯᠭᠠᠵᠦ᠂ ᠠᠮᠢ ᠠᠬᠤᠢ ᠤᠷᠴᠢᠨ ᠳᠤᠭᠤᠷᠢᠨ ᠢ ᠬᠤᠬᠢᠷᠠᠭᠤᠯᠤᠬᠰᠠᠨ ᠤᠳᠤᠷᠢᠳᠬᠤ ᠺᠠᠳ᠋ᠷ ᠠᠴᠠ ᠨᠠᠰᠤᠨ ᠳᠤᠷᠰᠢᠳᠠ ᠬᠠᠷᠢᠭᠤᠴᠠᠯᠭ᠎ᠠ ᠨᠡᠬᠡᠮᠵᠢᠯᠡᠵᠦ᠂ ᠵᠤᠷᠢᠬᠳᠠᠢ ᠪᠠᠷ ᠠᠵᠢᠯ ᠬᠢᠬᠦ᠂ ᠠᠵᠢᠯ ᠬᠢᠵᠦ ᠳᠡᠶᠢᠯᠬᠦ ᠺᠠᠳ᠋ᠷ ᠢ ᠳᠡᠮᠵᠢᠵᠦ ᠵᠤᠷᠢᠬᠵᠢᠭᠤᠯᠤᠨ᠎ᠠ᠃ ᠳᠦᠷᠢᠮ ᠤᠨ ᠠᠮᠢᠵᠢᠷᠠᠯ ᠤᠨ ᠬᠦᠴᠦ ᠨᠢ ᠬᠡᠷᠡᠭᠵᠢᠬᠦᠯᠬᠦ ᠳᠤ ᠪᠤᠢ᠂ ᠵᠠᠩᠬᠢᠯᠠᠭ᠎ᠠ ᠨᠢ ᠦᠨᠡᠨ ᠬᠦ ᠠᠳᠬᠤᠬᠤ ᠳᠤ ᠪᠤᠢ᠂ ᠳᠦᠰᠢᠭ ᠨᠢ ᠴᠢᠩᠭ᠎ᠠ ᠬᠠᠮᠢᠶᠠᠷᠬᠤ ᠳᠤ ᠪᠤᠢ᠃ ᠬᠡᠴᠢᠨᠠᠬᠡᠨ ᠪᠦᠷᠢᠨ ᠪᠦᠳᠦᠨ ᠳᠦᠷᠢᠮ ᠤᠨ ᠵᠢᠷᠤᠬ ᠳᠦᠯᠦᠪᠯᠡᠭᠡ ᠪᠠᠶᠢᠯ᠎ᠠ ᠴᠤ ᠬᠡᠰᠡᠨ᠂ ᠬᠡᠷᠪᠡ ᠬᠠᠤᠯᠢ ᠪᠠᠶᠢᠭᠠᠳ ᠬᠡᠷᠡᠭᠵᠢᠬᠦᠯᠬᠦ ᠦᠬᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠬᠡᠢ᠂ ᠬᠠᠤᠯᠢ ᠠᠴᠠ ᠵᠦᠷᠢᠴᠡᠭᠰᠡᠨ ᠪᠠᠶᠢᠳᠠᠯ᠎ᠠ ᠨᠡᠬᠡᠮᠵᠢᠯᠡᠬᠦ ᠦᠬᠡᠢ ᠪᠤᠯ ᠬᠡᠢ ᠬᠤᠭᠤᠰᠤᠨ ᠵᠦᠢᠯ ᠪᠤᠯᠬᠤ ᠳᠠᠳᠤᠢ ᠶᠤᠮ᠃ ᠤᠷᠴᠢᠨ ᠳᠤᠭᠤᠷᠢᠨ ᠤ ᠱᠠᠯᠠᠪᠳᠠᠭᠤᠯᠤᠨ ᠪᠠᠶᠢᠴᠠᠭᠠᠬᠤ ᠡᠷᠴᠢᠮ ᠢ ᠦᠨᠡᠨ ᠬᠦ ᠴᠢᠩᠭᠠᠷᠠᠭᠤᠯᠵᠦ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠦ᠂ ᠪᠤᠳᠠᠳᠤ ᠦᠷ᠎ᠠ ᠠᠰᠢᠬ ᠢ ᠬᠦᠭᠡᠭᠡᠴᠡᠯᠳᠤᠵᠤ᠂ ᠠᠮᠢ ᠠᠬᠤᠢ ᠤᠷᠴᠢᠨ ᠳᠤᠭᠤᠷᠢᠨ ᠢ ᠡᠪᠳᠡᠭᠰᠡᠨ ᠦᠢᠯᠡ ᠠᠵᠢᠯᠯᠠᠭ᠎ᠠ ᠳᠤ ᠶᠠᠭᠠᠬᠢᠬᠰᠠᠨ ᠴᠤ ᠨᠠᠶᠢᠷ ᠲᠠᠯᠪᠢᠨ ᠢᠯᠳᠠᠷ ᠬᠠᠶᠠᠵᠤ ᠪᠤᠯᠬᠤ ᠦᠬᠡᠢ᠂ ᠶᠠᠭᠠᠬᠢᠬᠰᠠᠨ ᠴᠤ ᠳᠦᠷᠢᠮ ᠢ ︽ᠤᠷᠤ ᠶᠢᠨ ᠲᠡᠳᠦᠢ ᠶᠠᠭᠤᠮ᠎ᠠ︾ ᠪᠤᠯᠭᠠᠵᠦ ᠪᠤᠯᠬᠤ ᠦᠬᠡᠢ᠃
ᠪᠦᠷᠢᠨ ᠲᠡᠭᠦᠯᠳᠡᠷ ᠠᠮᠢ ᠠᠬᠤᠢ ᠶᠢᠨ ᠪᠤᠯᠪᠠᠰᠤᠨ ᠤ ᠰᠢᠰᠲ᠋ᠧᠮ ᠪᠤᠯ ᠬᠦᠮᠦᠨ ᠬᠢᠬᠡᠳ ᠪᠠᠶᠢᠭᠠᠯᠢ ᠶᠢᠨ ᠡᠶ᠎ᠡ ᠵᠤᠬᠢᠴᠠᠩᠭᠤᠢ ᠬᠦᠭᠵᠢᠯᠳᠡ ᠶᠢᠨ ᠰᠠᠭᠤᠷᠢ ᠮᠦᠨ᠂ ᠪᠠᠰᠠ ᠴᠤ ︽ᠰᠠᠶᠢᠨ ᠠᠮᠢ ᠠᠬᠤᠢ︾ ᠬᠡᠬᠦ ᠡᠨᠡ ᠬᠦ ᠦᠨᠳᠦᠰᠦᠨ ᠤᠯᠠᠨ ᠨᠡᠶᠢᠳᠡ ᠶᠢᠨ ᠪᠦᠳᠦᠬᠡᠭᠳᠡᠬᠦᠨ ᠢ ᠪᠦᠳᠦᠮᠵᠢᠳᠡᠢ ᠬᠠᠩᠭᠠᠬᠤ ᠪᠠᠳᠤᠯᠠᠭ᠎ᠠ ᠮᠦᠨ᠃ ᠳᠦᠪ ᠤᠨ ᠪᠠ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠳᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠮᠤᠬ ᠤᠨ ᠴᠢᠩᠭ᠎ᠠ ᠳᠦᠷᠢᠮ᠂ ᠬᠠᠮᠤᠬ ᠤᠨ ᠴᠢᠩᠭ᠎ᠠ ᠵᠠᠰᠠᠯᠳᠠ᠂ ᠬᠠᠮᠤᠬ ᠤᠨ ᠤᠶᠠᠨ ᠬᠠᠳᠠᠨ ᠬᠡᠷᠡᠭᠵᠢᠬᠦᠯᠦᠯᠳᠡ᠂ ᠬᠠᠮᠤᠬ ᠤᠨ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠤᠯᠳᠠ ᠪᠠᠷ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠢᠵᠠᠭᠠᠷᠯᠠᠵᠦ ᠪᠠᠶᠢᠭ᠎ᠠ ᠪᠠᠶᠢᠭᠤᠯᠤᠮᠵᠢ ᠳᠤᠬᠳᠠᠴᠠ ᠶᠢᠨ ᠬᠠᠷᠰᠢ ᠰᠠᠭᠠᠳ ᠢ ᠬᠦᠴᠦᠯᠡᠨ ᠡᠪᠳᠡᠳᠡᠭ ᠯᠡ ᠶᠤᠮ ᠪᠤᠯ᠂ ᠪᠢᠳᠡ ᠯᠠᠪᠳᠠᠶ᠎ᠠ ᠬᠦᠬᠡ ᠳᠡᠭᠷᠢ᠂ ᠨᠤᠭᠤᠭᠠᠨ ᠭᠠᠵᠠᠷ᠂ ᠴᠡᠩᠬᠡᠭ ᠤᠰᠤ ᠲᠠᠢ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠳᠤ ᠠᠮᠢ ᠠᠬᠤᠢ ᠶᠢᠨ ᠰᠠᠭᠤᠷᠢ ᠶᠢ ᠪᠠᠳᠤ ᠴᠤᠬᠴᠠᠯᠠᠵᠤ᠂ ᠡᠬᠡ ᠤᠯᠤᠰ ᠤᠨ ᠤᠮᠠᠷᠠᠳᠤ ᠶᠢᠨ ᠡᠨᠡ ᠬᠦ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠳᠤ ᠨᠠᠶᠢᠳᠠᠪᠤᠷᠢᠳᠡᠢ ᠪᠠᠳᠤᠯᠠᠭ᠎ᠠ ᠬᠠᠩᠭᠠᠵᠦ ᠴᠢᠳᠠᠬᠤ ᠶᠤᠮ᠃
ᠨᠠᠶᠢᠷᠠᠭᠤᠯᠤᠭᠴᠢ᠄ ᠠᠷᠢᠭᠤᠨ᠎ᠠ