 

ᠯᠢ ᠵᠢᠢ ᠾᠧᠩ ᠾᠧᠩ ᠳ᠋ᠠ ᠲᠤᠪᠴᠢᠶ᠎ᠠ ᠶᠢᠨ ᠲᠡᠷᠢᠭᠦᠯᠡᠭᠴᠢ ᠰᠢᠦᠢ ᠵᠢᠶᠠ ᠶᠢᠨ ᠲᠠᠢ ᠠᠭᠤᠯᠵᠠᠵᠠᠢ

2019-10-10 11:26
  396
  0


   10 ᠰᠠᠷ᠎ᠠ ᠶᠢᠨ 9 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠬᠡᠬᠤᠲᠠ ᠳᠤ ᠾᠧᠩ ᠳ᠋ᠠ ᠪᠦᠯᠦᠭᠯᠡᠯ ᠤᠨ ᠬᠡᠷᠡᠭ ᠮᠡᠳᠡᠭᠴᠢᠳ ᠤᠨ ᠲᠤᠪᠴᠢᠶ᠎ᠠ ᠶᠢᠨ ᠲᠡᠷᠢᠭᠦᠯᠡᠭᠴᠢ ᠰᠢᠦᠢ ᠵᠢᠶᠠ ᠶᠢᠨ ᠲᠠᠢ ᠠᠭᠤᠯᠵᠠᠪᠠ᠃
   10 ᠰᠠᠷ᠎ᠠ ᠶᠢᠨ 9 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠬᠡᠬᠤᠲᠠ ᠳᠤ ᠾᠧᠩ ᠳ᠋ᠠ ᠪᠦᠯᠦᠭᠯᠡᠯ ᠤᠨ ᠬᠡᠷᠡᠭ ᠮᠡᠳᠡᠭᠴᠢᠳ ᠤᠨ ᠲᠤᠪᠴᠢᠶ᠎ᠠ ᠶᠢᠨ ᠲᠡᠷᠢᠭᠦᠯᠡᠭᠴᠢ ᠰᠢᠦᠢ ᠵᠢᠶᠠ ᠶᠢᠨ ᠨᠠᠷ ᠲᠠᠢ ᠠᠭᠤᠯᠵᠠᠪᠠ᠃
   ᠯᠢ ᠵᠢᠢ ᠾᠧᠩ᠂ ᠰᠢᠦᠢ ᠵᠢᠶᠠ ᠶᠢᠨ ᠤ ᠾᠧᠩ ᠳ᠋ᠠ ᠪᠦᠯᠦᠭᠯᠡᠯ ᠤᠨ ᠳᠡᠭᠡᠳᠦ ᠵᠡᠷᠭᠡ ᠶᠢᠨ ᠲᠤᠰᠢᠶᠠᠯᠲᠠᠨ ᠤ ᠪᠦᠯᠬᠦᠮ ᠢ ᠳᠠᠭᠠᠭᠤᠯᠤᠨ ᠦᠪᠦᠷ ᠮᠤᠩᠭᠤᠯ ᠳᠤ ᠢᠷᠡᠵᠤ ᠰᠢᠨᠵᠢᠯᠡᠨ ᠪᠠᠶᠢᠴᠠᠭᠠᠬᠤ ᠶᠢᠨ ᠬᠠᠮᠳᠤ ᠬᠠᠮᠲᠤᠷᠠᠯᠴᠠᠭᠠᠨ ᠤ ᠶᠠᠪᠤᠳᠠᠯ ᠢ ᠵᠦᠪᠳᠡᠯᠴᠡᠬᠦ ᠪᠠᠷ ᠪᠠᠶᠢᠭ᠎ᠠ ᠶᠢ ᠪᠠᠶᠠᠷᠯᠠᠨ ᠤᠬᠲᠤᠵᠤ ᠪᠠᠶᠢᠭ᠎ᠠ ᠪᠠᠨ ᠢᠯᠡᠳᠭᠡᠵᠦ᠂ ᠾᠧᠩ ᠳ᠋ᠠ ᠪᠦᠯᠦᠭᠯᠡᠯ ᠤᠨ ᠦᠪᠦᠷ ᠮᠤᠩᠭᠤᠯ ᠤᠨ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠ ᠾᠧᠩ ᠳ᠋ᠠ ᠪᠦᠯᠦᠭᠯᠡᠯ ᠤᠨ ᠬᠦᠭᠵᠢᠯᠲᠡ ᠶᠢᠨ ᠠᠮᠵᠢᠯᠳᠠ ᠪᠦᠲᠦᠮᠵᠢ ᠪᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠭ᠎ᠠ ᠪᠤᠳᠠᠲᠤ ᠠᠵᠢᠯᠯᠠᠭ᠎ᠠ ᠶᠢ ᠮᠠᠬᠲᠠᠨ ᠰᠠᠶᠢᠰᠢᠶᠠᠵᠤ ᠪᠠᠶᠢᠭ᠎ᠠ ᠪᠠᠨ ᠢᠯᠡᠳᠭᠡᠪᠡ᠃ ᠲᠡᠷᠡ᠂ ᠦᠪᠦᠷ ᠮᠤᠩᠭᠤᠯ ᠤᠨ ᠤᠷᠤᠨ ᠪᠠᠶᠢᠷᠢ ᠶᠢᠨ ᠨᠦᠬᠦᠴᠡᠯ ᠰᠢᠯᠢᠳᠡᠭ᠂ ᠡᠬᠢ ᠪᠠᠶᠠᠯᠢᠭ ᠤᠨ ᠳᠠᠪᠠᠭᠤᠯᠢᠭ ᠰᠠᠶᠢᠨ᠂ ᠬᠦᠭᠵᠢᠯᠲᠡ ᠶᠢᠨ ᠳᠠᠯᠳᠠ ᠬᠦᠴᠦᠨ ᠶᠡᠭᠡ ᠪᠤᠢ᠃ ᠤᠳᠤᠬᠠᠨ ᠳᠤ᠂ ᠮᠠᠨ ᠤ ᠤᠷᠤᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ ᠪᠤᠬᠢᠷᠳᠦᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠢᠳᠡᠪᠬᠢᠲᠡᠢ ᠰᠦᠪᠡᠭᠴᠢᠯᠡᠵᠦ ᠪᠤᠢ᠃ ᠡᡁᠧᠩ ᠳ᠋ᠠ ᠪᠦᠯᠦᠭᠯᠡᠯ ᠤᠨ ᠬᠢᠨ ᠨᠡᠩ ᠤᠯᠠᠨ ᠰᠢᠯᠢᠳᠡᠭ ᠲᠦᠷᠤᠯ ᠵᠦᠢᠯ ᠢᠶᠠᠨ ᠦᠪᠤᠷ ᠮᠤᠩᠭᠤᠯ ᠳᠤ ᠠᠪᠴᠢᠷᠠᠵᠤ᠂ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠬᠦ ᠶᠢ ᠬᠦᠰᠡᠵᠤ ᠪᠠᠶᠢᠨ᠎ᠠ᠃ ᠬᠤᠯᠪᠤᠬᠳᠠᠯ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠢᠨ ᠤᠢᠢᠯᠡᠴᠢᠯᠡᠭᠡ ᠪᠠᠳᠤᠯᠠᠭ᠎ᠠ ᠶᠢᠨ ᠠᠵᠢᠯ ᠢᠶᠠᠨ ᠪᠦᠬᠦ ᠬᠦᠴᠤ ᠪᠠᠷ ᠢᠶᠠᠨ ᠰᠠᠶᠢᠳᠤᠷ ᠬᠢᠵᠤ᠂ ᠠᠵᠤ ᠠᠬᠤᠢᠢᠯᠠᠯ ᠤᠨ ᠪᠡᠯᠡ ᠤᠷᠤᠭᠤᠯᠵᠤ ᠠᠵᠤ ᠤᠢᠢᠯᠡᠰ ᠢᠶᠠᠨ ᠬᠦᠭᠵᠢᠬᠦᠯᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠦᠨ ᠦᠭᠴᠦ᠂ ᠲᠦᠷᠤᠯ ᠵᠦᠢᠯ ᠢ ᠡᠷᠳᠡᠭᠡᠨ ᠪᠤᠳᠠᠳᠠᠢ ᠳᠤ ᠨᠠᠶᠢᠳᠠᠪᠤᠷᠢᠵᠢᠬᠳᠠᠵᠦ ᠪᠦᠳᠤᠬᠡᠨ ᠪᠠᠶᠢᠭᠤᠯᠤᠭᠳᠠᠬᠤ ᠶᠢ ᠠᠬᠢᠭᠤᠯᠬᠤ ᠭᠡᠷᠡᠭᠳᠠᠢ ᠬᠡᠪᠡ᠃
   ᠰᠢᠤᠢ ᠵᠢᠶᠠ ᠶᠢᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠢᠨ ᠡᡁᠧᠩ ᠳ᠋ᠠ ᠪᠦᠯᠦᠭᠯᠡᠯ ᠤᠨ ᠦᠪᠤᠷ ᠮᠤᠩᠭᠤᠯ ᠳᠠᠬᠢ ᠬᠦᠭᠵᠢᠯᠳᠠ ᠶᠢ ᠬᠠᠯᠠᠮᠵᠢᠯᠠᠨ ᠲᠡᠮᠵᠢᠭᠰᠡᠨ ᠳᠤ ᠲᠠᠯᠠᠷᠬᠠᠬᠤ ᠶᠢᠨ ᠬᠠᠮᠳᠦ ᠡᡁᠧᠩ ᠳ᠋ᠠ ᠪᠦᠯᠦᠭᠯᠠᠯ ᠤᠨ ᠠᠵᠤ ᠤᠢᠢᠯᠡᠰ ᠤᠨ ᠬᠦᠭᠵᠢᠯᠳᠠ ᠶᠢᠨ ᠪᠠᠶᠢᠳᠠᠯ ᠪᠤᠯᠤᠨ ᠦᠪᠤᠷ ᠮᠤᠩᠭᠤᠯ ᠳᠤ ᠪᠡᠯᠡ ᠤᠷᠤᠭᠤᠯᠬᠤ ᠰᠠᠨᠠᠮᠵᠢ ᠵᠢᠴᠢ ᠬᠤᠯᠪᠤᠬᠳᠠᠯ ᠪᠦᠬᠦᠢ ᠲᠦᠷᠤᠯ ᠵᠦᠢᠯ ᠤᠨ ᠪᠠᠶᠢᠳᠠᠯ ᠢᠶᠠᠨ ᠲᠦᠬᠦᠮ ᠲᠠᠨᠢᠯᠴᠠᠭᠤᠯᠪᠠ᠃ ᠲᠡᠷᠡ᠂ ᠦᠪᠤᠷ ᠮᠤᠩᠭᠤᠯ ᠤᠨ ᠡᠬᠢ ᠪᠠᠶᠠᠯᠢᠬ ᠤᠨ ᠲᠠᠪᠠᠭᠤᠯᠢᠬ ᠪᠤᠯᠤᠨ ᠬᠦᠭᠵᠢᠯᠳᠠ ᠶᠢᠨ ᠲᠠᠪᠠᠭᠤᠯᠢᠬ ᠢᠯᠡᠳᠳᠡ᠂ ᠡᡁᠧᠩ ᠳ᠋ᠠ ᠪᠦᠯᠦᠭᠯᠡᠯ ᠤᠨ ᠬᠢᠨ ᠦᠪᠤᠷ ᠮᠤᠩᠭᠤᠯ ᠳᠠᠬᠢ ᠬᠦᠭᠵᠢᠯᠳᠠ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠲᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠶᠢᠨ ᠰᠤᠶᠤᠯ ᠵᠢᠭᠤᠯᠴᠢᠯᠠᠯ᠂ ᠡᠷᠡᠬᠦᠯ ᠡᠩᠬᠡ᠂ ᠰᠢᠨ᠎ᠠ ᠡᠨᠧᠷᠬᠢ ᠶᠢᠨ ᠮᠠᠰᠢᠨ ᠲᠡᠷᠬᠡ᠂ ᠲᠡᠬᠡᠳᠤ ᠵᠡᠷᠬᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠳᠡᠭᠡ ᠠᠵᠤ ᠠᠬᠤᠢ ᠶᠢᠨ ᠬᠦᠷᠢᠶᠡᠨ ᠳᠠᠬᠢ ᠬᠠᠮᠳᠤᠷᠠᠯᠴᠠᠭ᠎ᠠ ᠶᠢ ᠠᠬᠢᠭᠤᠯᠵᠤ᠂ ᠦᠪᠤᠷ ᠮᠤᠩᠭᠤᠯ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠳᠤ ᠬᠤᠪᠢ ᠨᠡᠮᠡᠷᠢ ᠦᠵᠡᠬᠦᠯᠤᠨ᠎ᠠ ᠬᠡᠪᠡ᠃
   ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠮᠠ ᠰᠢᠤᠸᠠᠢ ᠵᠢᠶᠦ᠋ᠨ᠂ ᠵᠠᠩ ᠱᠤᠤ ᠴᠦᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠵᠠᠢ᠃ ᠵᠣᠬᠢᠶᠠᠭᠴᠢ᠄  ᠯᠢᠦ ᠰᠢᠶᠤᠤ ᠳ᠋ᠦᠩ  



  
     
     