-
2077411
ᠶᠠᠭᠤ ᠶᠢ ᠠᠮᠢ ᠠᠬᠤᠢ ᠶᠢᠨ ᠰᠢᠰᠲ᠋ᠧᠮ ᠭᠡᠬᠦ ᠪᠤᠢ︖
2019-06-05 16:04
393
0
ᠠᠮᠢ ᠠᠬᠤᠢ ᠶᠢᠨ ᠰᠢᠰᠲ᠋ᠧᠮ ᠢ ᠪᠠᠰᠠ ᠠᠮᠢ ᠠᠬᠤᠢ ᠶᠢᠨ ᠰᠠᠯᠪᠤᠷᠢ ᠭᠡᠳᠡᠭ᠂ ᠲᠡᠷᠨ ᠨᠢ ᠲᠤᠭᠳᠠᠭᠰᠠᠨ ᠤᠷᠤᠨ ᠨᠤᠳᠤᠭ
ᠲᠤᠳᠤᠷᠠᠬᠢ ᠠᠯᠢᠪᠠ ᠠᠮᠢᠳᠤ ᠪᠤᠳᠠᠰ ᠪᠤᠯᠤᠨ ᠠᠮᠢ ᠦᠭᠡᠢ ᠤᠷᠴᠢᠨ ᠲᠤᠭᠤᠷᠢᠨ ᠤ ᠬᠡᠰᠡᠭ ᠤᠨ ᠬᠤᠭᠤᠷᠤᠨᠳᠤᠬᠢ ᠬᠠᠷᠢᠯᠴᠠᠨ ᠨᠦᠯᠦᠭᠡᠯᠡᠵᠦ᠂ ᠪᠤᠳᠠᠰ ᠤᠨ ᠰᠤᠯᠢᠯᠴᠠᠭ᠎ᠠ ᠶᠠᠪᠤᠭᠤᠯᠬᠤ ᠪᠤᠯᠤᠨ ᠡᠨᠧᠷᠬᠢ ᠶᠢᠨ ᠬᠦᠢᠯᠭᠡᠭᠡ ᠪᠠᠷ ᠳᠠᠮᠵᠢᠨ ᠪᠤᠢ ᠪᠤᠯᠤᠭᠰᠠᠨ ᠬᠠᠷᠢᠯᠴᠠᠨ ᠰᠠᠯᠵᠤ ᠪᠤᠯᠬᠤ ᠦᠭᠡᠢ ᠪᠠᠶᠢᠭᠠᠯᠢ ᠶᠢᠨ ᠪᠦᠬᠦ᠋ᠢᠯᠡ ᠴᠤᠭᠴᠠ ᠶᠢ ᠵᠢᠭᠠᠵᠤ ᠪᠤᠢ᠃ ᠠᠮᠢ ᠠᠬᠤᠢ ᠶᠢᠨ ᠰᠢᠰᠲ᠋ᠧᠮ ᠨᠢ ᠨᠢᠭᠡᠨ ᠮᠠᠰᠢ ᠦᠷᠭᠡᠨ ᠳᠡᠯᠭᠡᠷ ᠤᠬᠠᠭᠠᠭᠳᠠᠬᠤᠨ ᠲᠠᠢ ᠶᠤᠮ ᠃ ᠪᠠᠭ᠎ᠠ ᠳᠠᠭᠠᠨ ᠨᠢᠭᠡᠨ ᠲᠤᠭᠤᠷᠢᠮ᠂ ᠨᠢᠭᠡ ᠬᠡᠰᠡᠭ ᠲᠠᠷᠢᠶᠠᠨ ᠭᠠᠵᠠᠷ ᠪᠤᠯᠤᠨ ᠲᠡᠭᠦᠨ ᠤ ᠤᠷᠤᠰᠢᠬᠤ ᠤᠷᠴᠢᠨ ᠲᠤᠭᠤᠷᠢᠨ ᠪᠠ ᠶᠡᠭᠡ ᠳᠡᠭᠡᠨ ᠡᠬᠡ ᠬᠠᠭᠤᠷᠠᠢ ᠭᠠᠵᠠᠷ ᠳᠡᠭᠡᠷᠡᠬᠢ ᠠᠯᠢᠪᠠ ᠠᠮᠢᠳᠤ ᠪᠤᠳᠠᠰ ᠪᠤᠯᠤᠨ ᠲᠡᠭᠦᠨ ᠤ ᠤᠷᠴᠢᠨ ᠲᠤᠭᠤᠷᠢᠨ ᠨᠢ ᠪᠦᠷ ᠠᠮᠢ ᠠᠬᠤᠢ ᠶᠢᠨ ᠰᠢᠰᠲ᠋ᠧᠮ ᠪᠤᠯᠤᠨ᠎ᠠ᠃ ᠪᠠᠭ᠎ᠠ ᠠᠮᠢ ᠠᠬᠤᠢ ᠶᠢᠨ ᠰᠢᠰᠲ᠋ᠧᠮ ᠨᠢ ᠬᠤᠯᠪᠤᠭᠠᠯᠠᠵᠤ ᠶᠡᠭᠡ ᠠᠮᠢ ᠠᠬᠤᠢ ᠶᠢᠨ ᠰᠢᠰᠲ᠋ᠧᠮ ᠪᠤᠯᠤᠨ᠎ᠠ᠂ ᠲᠦᠭᠦᠮ ᠬᠢᠯᠪᠠᠷ ᠠᠮᠢ ᠠᠬᠤᠢ ᠶᠢᠨ ᠰᠢᠰᠲ᠋ᠧᠮ ᠨᠢ ᠬᠤᠷᠰᠢᠵᠤ ᠪᠤᠳᠤᠯᠢᠶᠠᠨ ᠲᠠᠢ ᠠᠮᠢ ᠠᠬᠤᠢ ᠶᠢᠨ ᠰᠢᠰᠲ᠋ᠧᠮ ᠪᠤᠯᠤᠨ᠎ᠠ᠃ ᠬᠠᠮᠤᠭ ᠶᠡᠭᠡ ᠠᠮᠢ ᠠᠬᠤᠢ ᠶᠢᠨ ᠰᠢᠰᠲ᠋ᠧᠮ ᠨᠢ ᠠᠮᠢᠳᠤ ᠪᠤᠳᠠᠰ ᠤᠨ ᠬᠦᠷᠢᠶ᠎ᠡ ᠬᠡᠪᠴᠢᠶ᠎ᠡ ᠪᠤᠯᠤᠨ᠎ᠠ᠃