-
35799
2025-06-13 22:37
0
0
ᠱᠠᠪᠳᠠᠯ᠎ᠠ
ᠲᠤᠰ ᠡᠮ ᠪᠣᠯ ᠱᠠᠪᠲᠠᠯ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠮᠣᠳᠣᠨ ᠱᠠᠪᠳᠠᠯ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠰᠸᠶᠡᠪ ᠭᠡᠳᠡᠭ᠃
[ ᠤᠤᠯ ᠤᠷᠭᠤᠮᠠᠯ] ᠨᠠᠪᠴᠢ ᠵᠤᠯᠭᠠᠷᠠᠬᠤ ᠲᠤᠷᠤᠭ ᠮᠣᠳᠣ᠃14m ᠥᠨᠳᠥᠷ᠂ ᠬᠣᠯᠲᠣᠰᠣ ᠨᠢ ᠬᠠᠢᠷᠰᠤᠯᠢᠭ ᠢᠯᠲᠠᠰᠤ ᠰᠢᠭ᠋ ᠬᠣᠪᠬᠣᠷᠠᠨᠠ᠂ ᠴᠠᠢᠪᠤᠷ ᠬᠠᠷ᠎ᠠ ᠥᠩᠭᠡ ᠲᠡᠢ᠃ ᠮᠥᠴᠢᠷ ᠨᠢ ᠭᠦᠨ ᠤᠯᠠᠪᠤᠷ ᠥᠩᠭᠡ ᠲᠡᠢ᠂ ᠤᠯᠠᠪᠤᠷ ᠥᠩᠭᠡ ᠲᠡᠢ ᠬᠠᠯᠢᠰᠤᠨ ᠰᠦᠪᠡ ᠲᠡᠢ᠂ ᠶᠠᠯᠢᠮ ᠦᠭᠡᠢ ᠦᠰᠦ ᠲᠡᠢ᠃ ᠨᠠᠪᠴᠢ ᠨᠢ ᠴᠤᠪᠤᠷᠠᠨ ᠤᠷᠭᠤᠨ᠎ᠠ᠃ ᠪᠠᠷᠢᠭᠤᠯ ᠳᠡᠭᠡᠷ᠎ᠡ ᠨᠢ ᠵᠥᠭᠡᠯᠡᠨ ᠦᠰᠦ ᠲᠡᠢ᠃ ᠨᠠᠪᠴᠢᠨ ᠢᠯᠲᠠᠰᠤ ᠨᠢ ᠵᠤᠤᠪᠠᠩ ᠠ᠋ᠴᠠ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂6~18cm ᠤᠷᠲᠤ᠂ ᠱᠣᠪᠲᠣᠭᠣᠷ ᠦᠵᠦᠭᠦᠷ ᠲᠡᠢ᠂ ᠥᠷᠭᠡᠨ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠂ ᠬᠥᠳᠥᠰᠥᠯᠢᠭ᠂ ᠨᠠᠪᠴᠢᠨ ᠤ᠋ ᠥᠪᠥᠷ ᠨᠢ ᠭᠦᠨ ᠨᠣᠭᠣᠭᠠᠨ ᠥᠩᠭᠡ ᠲᠡᠢ᠂ ᠭᠣᠣᠯ ᠰᠤᠳᠠᠯ ᠳᠡᠭᠡᠷ᠎ᠡ ᠨᠢ ᠲᠠᠷᠠᠮᠠᠭ ᠵᠥᠭᠡᠯᠡᠨ ᠦᠰᠦ ᠲᠡᠢ᠂ ᠠᠷᠤ ᠨᠢ ᠭᠦᠢᠬᠡᠨ ᠨᠣᠭᠣᠭᠠᠨ ᠥᠩᠭᠡ ᠲᠡᠢ᠂ ᠣᠬᠣᠷ ᠵᠥᠭᠡᠯᠡᠨ ᠦᠰᠦ ᠲᠡᠢ᠂ ᠨᠠᠪᠴᠢᠨ ᠰᠤᠳᠠᠯ ᠢ᠋ᠶ᠋ᠠᠨ ᠳᠠᠭᠠᠭᠠᠳ ᠢᠬᠴᠤ ᠭᠦᠢᠬᠡᠨ ᠬᠦᠷᠡᠩ ᠥᠩᠭᠡᠲᠦ ᠨᠣᠣᠯᠣᠭᠤᠷ ᠦᠰᠦ ᠲᠡᠢ᠃ ᠴᠡᠴᠡᠭ ᠨᠢ ᠬᠣᠯᠢᠮᠠᠭ ᠪᠡᠯᠭᠡ ᠲᠡᠢ᠂ ᠡᠷ᠎ᠡ ᠴᠡᠴᠡᠭ ᠨᠢ ᠴᠣᠮᠬᠠᠨ ᠪᠠᠭ ᠴᠡᠴᠡᠭ ᠨᠢ ᠪᠣᠯᠵᠤ᠂ ᠡᠮ᠎ᠡ ᠴᠡᠴᠡᠭ ᠨᠢ ᠭᠠᠭᠴᠠᠭᠠᠷ ᠨᠠᠪᠴᠢᠨ ᠰᠤᠭᠤ ᠳ᠋ᠤ᠌ ᠳᠡᠯᠭᠡᠷᠡᠨ᠎ᠡ᠃ ᠴᠡᠴᠡᠭ ᠨᠢ ᠰᠢᠷᠠᠪᠲᠤᠷ ᠴᠠᠭᠠᠨ ᠥᠩᠭᠡ ᠲᠡᠢ᠂ ᠴᠡᠴᠡᠭ ᠦ᠋ᠨ ᠲᠣᠭᠳᠣᠢ ᠶ᠋ᠢᠨ ᠳᠣᠣᠷ᠎ᠠ ᠬᠡᠰᠡᠭ ᠨᠢ ᠣᠬᠣᠷ ᠬᠣᠭᠣᠯᠠᠢ ᠰᠢᠭ᠋᠂4 ᠣᠨᠢ ᠲᠠᠢ᠂ ᠳᠣᠲᠣᠷ᠎ᠠ ᠨᠢ ᠦᠰᠦ ᠲᠡᠢ᠃ ᠴᠡᠴᠡᠭ ᠦ᠋ᠨ ᠳᠡᠯᠪᠢ ᠨᠢ ᠬᠤᠩᠬ᠎ᠠ ᠬᠡᠯᠪᠡᠷᠢ ᠲᠡᠢ᠂4 ᠣᠨᠢ ᠲᠠᠢ᠃ ᠡᠷ᠎ᠡ ᠲᠣᠭᠣᠷᠴᠣᠭ ᠨᠢ ᠡᠷ᠎ᠡ ᠴᠡᠴᠡᠭ ᠳᠡᠭᠡᠷ᠎ᠡ16 ᠰᠠᠭᠤᠵᠤ᠂ ᠬᠣᠣᠰ ᠪᠡᠯᠭᠡᠲᠦ ᠴᠡᠴᠡᠭ ᠳᠡᠭᠡᠷ᠎ᠡ ᠨᠢ8~16 ᠰᠠᠭᠤᠳᠠᠭ ᠪᠥᠭᠡᠳ ᠡᠮ᠎ᠡ ᠴᠡᠴᠡᠭ ᠳᠡᠭᠡᠷ᠎ᠡ ᠪᠣᠯ8 ᠳᠣᠷᠣᠢᠲᠠᠭᠰᠠᠨ ᠡᠷ᠎ᠡ ᠲᠣᠭᠣᠷᠴᠣᠭ ᠲᠠᠢ᠂ ᠤᠮᠠᠢ ᠨᠢ ᠳᠡᠭᠡᠳᠦ ᠣᠷᠣᠨ ᠲᠠᠢ᠂8 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠤᠵᠠᠭᠤᠷ ᠠ᠋ᠴᠠ ᠪᠠᠨ ᠰᠠᠯᠤᠩᠭᠢ᠃ ᠰᠢᠭᠦᠰᠦᠯᠢᠭ ᠵᠢᠮᠢᠰ ᠨᠢ ᠥᠨᠳᠡᠭᠡᠯᠵᠢᠨ ᠪᠥᠭᠡᠷᠡᠩᠬᠡᠢ ᠬᠡᠯᠪᠡᠷᠢ ᠲᠡᠢ᠂ ᠳ᠋ᠢᠶᠠᠮᠧᠲ᠋ᠷ ᠨᠢ3.5~8cm᠂ ᠵᠦᠷᠵᠢᠨ ᠰᠢᠷ᠎ᠠ ᠪᠤᠶᠤ ᠰᠣᠷᠭᠣᠭ ᠰᠢᠷ᠎ᠠ ᠥᠩᠭᠡ ᠲᠡᠢ᠂ ᠤᠭ ᠲᠤᠨᠢ ᠮᠥᠩᠬᠡ ᠣᠷᠣᠰᠢᠬᠤ ᠲᠣᠭᠳᠣᠢ ᠢᠯᠲᠠᠰᠤ ᠲᠠᠢ᠃5 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠣᠯᠠᠩᠬᠢ ᠳ᠋ᠠᠭᠠᠨ ᠠᠷᠠᠴᠢᠯᠠᠨ ᠲᠠᠷᠢᠵᠤ ᠪᠠᠢᠨ᠎ᠠ᠃ ᠯᠢᠶᠣᠤᠨᠢᠩ ᠂ ᠾᠧᠪᠧᠢ᠂ ᠾᠧᠨᠠᠨ᠂ ᠱᠠᠨ ᠰᠢ᠂ ᠱᠠᠨᠰᠢ᠂ ᠭᠠᠨᠰᠦ᠂ ᠱᠠᠨᠳᠦ᠋ᠩ᠂ ᠵᠢᠶᠠᠩᠰᠦ᠂ ᠠᠨᠾᠦᠢ᠍ᠢ᠂ ᠵᠧᠵᠢᠶᠠᠩ᠂ ᠵᠢᠶᠠᠩᠰᠢ᠂ ᠹᠦᠵᠢᠶᠠᠨ᠂ ᠬᠤᠪᠧᠢ᠂ ᠬᠤᠨᠠᠨ᠂ ᠭᠤᠸᠠᠩᠳᠦᠢ᠍ᠩ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠢᠷᠠᠭᠤ ᠠ᠋ᠴᠠ ᠡᠪᠦᠯ ᠦ᠋ᠨ ᠠᠭᠤᠷ ᠤ᠋ᠨ ᠬᠣᠭᠣᠷᠣᠨᠳᠣ ᠲᠡᠭᠦᠵᠦ᠂ ᠡᠬᠡᠭᠦᠨ ᠢ᠋ ᠨᠢ ᠭᠠᠷᠭᠠᠵᠤ ᠤᠯᠠᠢᠯᠭᠠᠨ ᠪᠣᠯᠪᠠᠰᠤᠷᠠᠭᠤᠯᠤᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠢᠰᠬᠦᠯᠡᠩ ᠠᠮᠲᠠ ᠲᠠᠢ᠃ ᠰᠡᠷᠢᠭᠦᠨ ᠴᠢᠨᠠᠷ ᠲᠠᠢ᠃ ᠬᠠᠭᠤᠷᠠᠢ᠂ ᠮᠣᠬᠣᠳᠠᠭ᠂ ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠪᠠᠳᠬᠠᠨ ᠬᠠᠯᠠᠭᠤᠨ ᠢ᠋ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠪᠠ ᠪᠠᠳᠭ᠋ᠠᠨ ᠪᠣᠷᠣ᠂ ᠳᠤᠷ᠎ᠠ ᠪᠤᠯᠭᠢᠬᠤ᠂ ᠪᠣᠷᠣ ᠶ᠋ᠢᠨ ᠬᠠᠯᠠᠭᠤᠨ ᠳᠡᠯᠭᠡᠷᠡᠭᠰᠡᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄柿子(柿)
ᠠᠩᠭ᠌ᠯᠢ ᠨᠡᠷ᠎ᠡ᠄Diospyros kaki L. f.