

ᠮᠠᠨ ᠤ ᠣᠷᠣᠨ ᠤ 7 ᠭᠠᠵᠠᠷ ᠤᠨ ᠬᠢᠨ 8000 ᠲᠦᠮᠠᠠ ᠲᠦᠭᠦᠷᠢᠭ ᠤᠨ ᠬᠡᠷᠡᠭᠯᠡᠭᠡᠨ ᠤ ᠳᠡᠮᠳᠡᠭᠳᠦ ᠲᠠᠷᠬᠠᠭᠠᠵᠠᠢ

2020-04-22 15:19
  41
  0
   ᠦᠬᠠᠢ ᠬᠤᠲᠠ 4 ᠰᠠᠷ᠎ᠠ ᠶᠢᠨ 15᠎ ᠤ ᠡᠳᠦᠷ ᠠᠴᠠ ᡁᠢ ᠹᠦ᠋ ᠪᠤᠤ ᠪᠠᠷ ᠳᠠᠮᠵᠢᠨ ᠠᠩᠬᠠᠳᠤᠭᠠᠷ ᠪᠦᠯᠦᠭ ᠤᠨ 200 ᠲᠦᠮᠡᠨ ᠲᠥᠭᠦᠷᠢᠭ ᠤᠨ ᠡᠯᠧᠺᠲᠷᠣᠨ ᠬᠡᠷᠡᠭᠯᠡᠭᠡᠨ ᠤ ᠲᠡᠮᠳᠡᠭᠳᠦ ᠲᠠᠷᠬᠠᠭᠠᠵᠤ᠂ ᠳᠠᠷᠠᠭᠠᠴᠢ ᠪᠠᠷ ᠪᠠᠰᠠ 150 ᠲᠦᠮᠡᠨ ᠲᠥᠭᠦᠷᠢᠭ ᠤᠨ ᠡᠯᠧᠺᠲᠷᠣᠨ ᠬᠡᠷᠡᠭᠯᠡᠭᠡᠨ ᠤ ᠲᠡᠮᠳᠡᠭᠳᠦ ᠲᠠᠷᠬᠠᠭᠠᠬᠤ ᠪᠠᠷ ᠲᠤᠭᠳᠠᠵᠠᠢ᠃ ᠦᠬᠠᠢ ᠬᠤᠲᠠ ᠪᠣᠯ ᠮᠠᠨ ᠤ ᠤᠷᠤᠨ ᠤ ᠡᠯᠧᠺᠲᠷᠣᠨ ᠬᠡᠷᠡᠭᠯᠡᠭᠡᠨ ᠤ ᠳᠡᠮᠳᠡᠭᠳᠦ ᠳᠠᠷᠬᠠᠭᠠᠭᠰᠠᠨ ᠳᠤᠯᠤᠭᠠᠳᠡᠬᠢ ᠭᠠᠵᠠᠷ ᠪᠤᠯᠤᠨ᠎ᠠ᠃ ᠡᠭᠦᠨ ᠠᠴᠠ ᠡᠮᠦᠨ᠎ᠡ᠂ ᠤᠯᠠᠭᠠᠠᠬᠠᠳᠠ ᠬᠤᠲᠠ᠂ ᠭᠦᠬᠡᠬᠤᠳᠠ᠂ ᠤᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ᠂ ᠰᠢᠯᠢ ᠶᠢᠨ ᠭᠤᠣᠯ ᠠᠶᠢᠮᠠᠬ᠂ ᠪᠠᠶᠠᠨᠨᠠᠭᠤᠷ ᠬᠤᠲᠠ ᠶᠢᠨ ᠯᠢᠠ ᠾᠧ ᠲᠣᠭᠤᠷᠢᠭ᠂ ᠤᠯᠠᠭᠠᠠᠴᠠᠪ ᠬᠤᠲᠠ ᠶᠢᠨ ᠵᠢᠨᠢᠩ ᠲᠣᠭᠤᠷᠢᠭ ᠵᠡᠷᠬᠡ ᠭᠠᠵᠠᠷ ᠤᠨ ᠬᠢᠨ ᡁᠢ ᠹᠦ᠋ ᠪᠤᠤ᠂ ᠵᠢᠷᠬᠢᠶ᠎ᠡ᠂ ᠪᠠᠩᠬᠢ ᠶᠢᠨ ᠬᠤᠯᠪᠣᠭ᠎ᠠ ᠵᠠᠷᠬᠡ ᠲᠠᠪᠴᠠᠩ ᠢᠶᠠᠷ ᠳᠠᠮᠵᠢᠨ ᠰᠠᠭᠤᠭᠠᠯᠢ ᠠᠷᠠᠳ ᠲᠤ ᠡᠯᠧᠺᠲᠷᠣᠨ ᠬᠡᠷᠡᠭᠯᠡᠭᠡᠨ ᠤ ᠳᠡᠮᠳᠡᠭᠳᠦ ᠳᠠᠷᠬᠠᠭᠠᠵᠤ᠂ ᠲᠠᠷᠬᠠᠭᠠᠭᠰᠠᠨ ᠵᠣᠭᠤᠰ ᠤᠨ ᠶᠡᠷᠦᠩᠬᠡᠢ ᠬᠡᠮᠵᠢᠶ᠎ᠡ ᠨᠢ 8000 ᠲᠦᠮᠠᠠ ᠲᠦᠭᠦᠷᠢᠭ ᠲᠤ ᠬᠦᠷᠴᠠᠢ᠃
  ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠴᠠᠷᠠᠭᠤᠯᠤᠭᠰᠠᠨ ᠨᠦᠯᠦᠬᠡ ᠶᠢ ᠢᠳᠡᠪᠬᠢᠳᠠᠢ ᠠᠷᠭᠠᠴᠠᠭᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢ ᠬᠦᠭᠵᠢᠬᠡᠬᠦ ᠶᠢᠨ ᠳᠤᠰᠠᠳᠠ ᠮᠠᠨ ᠤ ᠣᠷᠣᠨ ᠨᠠᠨᠵᠢᠩ᠂ ᠬᠠᠩᠵᠧᠦ ᠵᠡᠷᠭᠡ ᠭᠠᠵᠠᠷ ᠣᠷᠣᠨ ᠤ ᠡᠯᠧᠺᠳ᠋ᠷᠣᠨ ᠬᠡᠷᠡᠭᠯᠡᠭᠡᠨ ᠤ ᠳᠡᠮᠳᠡᠭᠳᠦ ᠲᠠᠷᠬᠠᠭᠠᠭᠰᠠᠨ ᠰᠠᠶᠢᠨ ᠳᠤᠷᠰᠢᠯᠭ᠎ᠠ ᠪᠠᠷ ᠳᠤᠯᠢ ᠪᠤᠯᠭᠠᠨ᠂ ᠤᠷᠤᠨ ᠨᠤᠳᠤᠭ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠡᠯᠧᠺᠲᠷᠣᠨ ᠬᠡᠷᠡᠭᠯᠡᠭᠡᠨ ᠤ ᠳᠡᠮᠳᠡᠭᠳᠦ ᠳᠠᠷᠬᠠᠭᠠᠭᠰᠠᠨ ᠪᠠᠶᠢᠨ᠎ᠠ᠃ ᠬᠦᠬᠡᠬᠤᠲᠠ ᠶᠢᠨ ᠭᠤᠷᠪᠠᠳᠤᠭᠠᠷ ᠠᠵᠤ ᠦᠢᠯᠡᠰ ᠤᠨ ᠡᠵᠡᠯᠡᠭᠦ ᠬᠠᠷᠢᠴᠠᠯ 70%᠎ ᠳᠤ ᠬᠦᠷᠴᠦ᠂ ᠬᠢᠵᠢᠭ ᠤᠨ ᠪᠠᠶᠢᠳᠠᠯ ᠠᠴᠠ ᠪᠣᠯᠵᠣ ᠪᠤᠳᠠᠳᠤ ᠴᠤᠭᠴᠠ ᠶᠢᠨ ᠦᠢᠯᠡᠴᠢᠯᠡᠭᠡᠨ ᠤ ᠠᠵᠢᠯ ᠲᠦᠷᠦᠯ ᠤᠨ ᠬᠢᠨ ᠶᠡᠭᠡ ᠪᠠᠷ ᠨᠦᠯᠦᠬᠡᠯᠡᠭᠳᠡᠵᠠᠢ᠃ ᠠᠩᠬ᠎ᠠ ᠠᠯᠬᠤᠮ ᠤᠨ ᠲᠥᠰᠦᠭᠡᠯᠡᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ ᠬᠦᠬᠡᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠬᠠᠰᠤᠭᠳᠠᠵᠤ᠂ ᠦᠢᠯᠡᠴᠢᠯᠡᠭᠡᠨ ᠤ ᠦᠢᠯᠡᠰ ᠤᠨ ᠣᠷᠣᠯᠭ᠎ᠠ 3. 2 ᠳ᠋ᠦᠩᠰᠢᠭᠤᠷ ᠲᠥᠭᠦᠷᠢᠭ ᠪᠠᠭᠠᠰᠤᠭᠰᠠᠨ ᠪᠠᠶᠢᠨ᠎ᠠ᠃ ᠡᠨᠡ ᠬᠦ ᠪᠠᠶᠢᠳᠠᠯ ᠳᠤ ᠴᠢᠭᠯᠡᠬᠦᠯᠦᠨ ᠬᠦᠬᠡᠬᠤᠳᠠ ᠶᠢᠨ ᠬᠢᠨ 4 ᠰᠠᠷ᠎ᠠ ᠶᠢᠨ 5᠎ ᠤ ᠡᠳᠤᠷ ᠠᠴᠠ ᠡᠬᠢᠯᠡᠨ ᠢᠳᠡᠭᠡᠨ ᠤᠮᠳᠠᠭᠠᠨ᠂ ᠪᠦᠷᠢᠨ ᠪᠠᠷᠠᠭ᠎ᠠ᠂ ᠬᠠᠮ ᠳᠡᠯᠭᠡᠭᠦᠷ᠂ ᠰᠣᠶᠣᠯ ᠵᠢᠭᠤᠯᠴᠢᠯᠠᠯ᠂ ᠨᠣᠮ ᠤᠨ ᠳᠡᠯᠭᠡᠭᠦᠷ ᠵᠡᠷᠬᠡ 5 ᠠᠵᠢᠯ ᠲᠥᠷᠥᠯ ᠳᠤ ᠬᠤᠯᠪᠣᠭᠳᠠᠭᠰᠠᠨ 1000 ᠲᠦᠮᠡᠨ ᠲᠥᠭᠦᠷᠢᠭ ᠤᠨ ᠡᠯᠧᠺᠲᠷᠣᠨ ᠬᠡᠷᠡᠭᠯᠡᠭᠡᠨ ᠤ ᠳᠡᠮᠳᠡᠭᠳᠦ ᠳᠠᠷᠬᠠᠭᠠᠪᠠ᠃ ᠤᠶᠢᠯᠠᠭᠠᠭᠰᠠᠨ ᠢᠶᠠᠷ᠂ ᠮᠠᠨ ᠤ ᠤᠷᠤᠨ ᠤ 7 ᠭᠠᠵᠠᠷ ᠤᠨ ᠬᠢᠨ ᠡᠯᠧᠺᠲᠷᠣᠨ ᠬᠡᠷᠡᠭᠯᠡᠭᠡᠨ ᠤ ᠲᠠᠮᠳᠡᠭᠳᠣ ᠪᠠᠨ ᠬᠡᠰᠡᠭ ᠪᠦᠯᠦᠭ ᠬᠤᠪᠢᠶᠠᠨ ᠲᠠᠷᠬᠠᠭᠠᠵᠤ᠂ ᠬᠡᠷᠡᠭᠯᠡᠭᠡᠨ ᠤ ᠬᠦᠷᠢᠶ᠎ᠡ ᠬᠡᠪᠴᠢᠶ᠎ᠡ ᠨᠢ ᠬᠤᠭᠤᠯᠠᠨ ᠭᠠᠵᠠᠷ᠂ ᠬᠤᠳᠠᠯᠳᠤᠭ᠎ᠠ ᠳᠡᠯᠭᠡᠭᠦᠷ᠂ ᠰᠣᠶᠣᠯ ᠵᠢᠭᠤᠯᠴᠢᠯᠠᠯ ᠵᠠᠷᠬᠡ ᠬᠦᠷᠢᠶᠡᠨ ᠳᠤ ᠵᠣᠬᠢᠬᠤ ᠬᠡᠮᠵᠢᠶᠡᠨ ᠤ ᠬᠡᠷᠡᠭᠯᠡᠭᠡ ᠬᠢᠪᠡᠯ ᠵᠣᠬᠢᠬᠤ ᠵᠣᠭᠤᠰ ᠢ ᠨᠢ ᠬᠠᠰᠤᠬᠤ ᠬᠡᠯᠪᠡᠷᠢ ᠪᠠᠷ ᠪᠣᠳᠠᠲᠤ ᠴᠣᠭᠴᠠ ᠶᠢᠨ ᠳᠡᠯᠭᠡᠭᠦᠷ ᠲᠤ ᠬᠡᠷᠡᠭᠯᠠᠬᠦᠯᠵᠣ᠂ ᠬᠠᠷᠠᠭᠠᠯᠵᠠᠯ ᠤᠨ ᠬᠡᠮᠵᠢᠶ᠎ᠡ ᠪᠠᠷ ᠬᠠᠮᠤᠭ ᠤᠨ ᠦᠠᠳᠣᠷ ᠭᠠᠵᠠᠷ ᠲᠤ 150 ᠲᠥᠭᠦᠷᠢᠭ ᠤᠨ ᠬᠡᠷᠡᠭᠯᠡᠭᠡ ᠬᠢᠪᠡᠯ 50 ᠲᠦᠭᠦᠷᠢᠭ ᠬᠠᠰᠤᠭᠰᠠᠨ ᠪᠠᠶᠢᠨ᠎ᠠ᠃ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠪᠠᠰᠠ 30 ᠲᠥᠭᠦᠷᠢᠭ ᠤᠨ ᠪᠡᠯᠡᠨ ᠵᠣᠭᠤᠰ ᠤᠨ ᠲᠡᠮᠳᠡᠭᠲᠦ ᠲᠠᠷᠬᠠᠭᠠᠵᠤ᠂ ᠰᠢᠭᠤᠳ ᠪᠡᠯᠡᠨ ᠵᠣᠭᠤᠰ ᠤᠨ ᠬᠡᠷᠡᠭᠯᠡᠯᠲᠡ ᠳᠤ   ᠣᠷᠣᠭᠤᠯᠪᠠ᠃
  ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠵᠣᠣ ᠶᠢᠩ ᠵᠢᠶᠧ ᠶᠢᠨ ᠲᠠᠨᠢᠯᠴᠠᠭᠤᠯᠤᠭᠰᠠᠨ ᠢᠶᠠᠷ᠂ ᠬᠡᠷᠡᠭᠯᠡᠭᠡᠨ ᠤ ᠳᠡᠮᠳᠡᠭᠳᠦ ᠳᠠᠷᠬᠠᠭᠠᠭᠰᠠᠨ ᠠᠴᠠ ᠨᠠᠭᠠᠰᠢ ᠵᠢᠷᠬᠢᠶ᠎ᠡ᠂ ᡁᠢ ᠹᠦ᠋ ᠪᠤᠦ ᠪᠠ ᠪᠠᠩᠬᠢ ᠶᠢᠨ ᠬᠤᠯᠪᠣᠭᠠᠨ ᠤ ᠲᠣᠭᠠᠴᠠᠭ᠎ᠠ ᠬᠢᠬᠦ ᠲᠠᠪᠴᠠᠩ ᠢᠶᠠᠷ ᠳᠠᠮᠵᠢᠨ ᠡᠯ᠎ᠡ ᠲᠥᠷᠥᠯ ᠤᠨ ᠬᠡᠷᠡᠭᠯᠡᠭᠡᠨ ᠤ ᠲᠡᠮᠳᠡᠭᠲᠦ ᠶᠢ 61.81 ᠲᠦᠮᠡᠨ ᠬᠠᠭᠤᠳᠠᠰᠤ ᠳᠠᠷᠬᠠᠭᠠᠵᠤ᠂ ᠣᠳᠣᠬᠠᠨ ᠪᠤᠯᠳᠠᠯ᠎ᠠ ᠬᠤᠳᠠ ᠶᠢᠨ ᠠᠷᠠᠳ ᠨᠢᠭᠡᠨᠲᠡ 7.54 ᠲᠦᠮᠡᠨ ᠬᠠᠭᠤᠳᠠᠰᠤ ᠶᠢ ᠬᠡᠷᠡᠭᠯᠡᠵᠤ᠂ ᠬᠡᠷᠡᠭᠯᠡᠭᠰᠡᠨ ᠶᠡᠷᠦᠩᠬᠡᠶ ᠵᠣᠭᠤᠰᠣᠨ ᠤ ᠬᠡᠮᠵᠢᠶ᠎ᠡ ᠨᠢ 85.67 ᠲᠦᠮᠡᠨ ᠲᠥᠭᠦᠷᠢᠭ ᠲᠤ ᠬᠦᠷᠴᠦ 718.52 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠪᠠᠶᠢᠨ᠎ᠠ᠃ ᠡᠭᠦᠨ ᠳ᠋ᠤ᠋ ᡁᠢ ᠹᠦ᠋ ᠪᠤᠤ ᠪᠠᠷ ᠳᠠᠮᠵᠢᠨ ᠬᠡᠷᠡᠭᠯᠡᠭᠡ ᠬᠢᠭᠰᠡᠨ ᠨᠢ ᠬᠠᠮᠤᠭ ᠤᠨ ᠣᠯᠠᠨ ᠪᠠᠶᠢᠵᠤ᠂ 51.3 ᠲᠦᠮᠡᠨ ᠲᠥᠭᠦᠷᠢᠭ ᠲᠤ ᠬᠦᠷᠴᠦ 491.52 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠠᠢ᠃ ᠳᠠᠷᠠᠭᠠᠴᠢ ᠪᠠᠷ ᠬᠦᠬᠡᠬᠤᠳᠠ ᠶᠢᠨ ᠬᠢᠨ ᠬᠤᠭᠤᠴᠠᠭ᠎ᠠ ᠨᠢ ᠥᠩᠭᠡᠷᠡᠲᠡᠯ᠎ᠡ ᠬᠡᠷᠡᠭᠯᠡᠭᠰᠡᠨ ᠦᠭᠡᠢ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠬᠤᠷᠢᠶᠠᠨ ᠠᠪᠴᠤ ᠬᠤᠶᠠᠳᠤᠭᠠᠷ ᠡᠭᠡᠯᠵᠢ ᠪᠠᠷ ᠲᠠᠷᠬᠠᠭᠠᠬᠤ ᠪᠣᠯᠤᠨ᠎ᠠ᠃
  ᠡᠯᠧᠺᠲᠷᠣᠨ ᠬᠡᠷᠡᠭᠯᠡᠭᠡᠨ ᠤ ᠳᠡᠮᠳᠡᠭᠳᠦ ᠳᠠᠷᠬᠠᠭᠠᠭᠰᠠᠨ ᠠᠵᠢᠯᠯᠠᠭ᠎ᠠ ᠨᠢ ᠪᠤᠳᠠᠳᠤ ᠴᠣᠭᠴᠠ ᠶᠢᠨ ᠦᠢᠯᠡᠴᠢᠯᠡᠭᠡᠨ ᠤ ᠠᠵᠤ ᠦᠢᠯᠡᠰ ᠤᠨ ᠠᠵᠢᠯ ᠢᠶᠠᠨ ᠰᠡᠷᠭᠦᠭᠡᠭᠦ ᠶᠢ ᠰᠢᠭᠤᠳ ᠳᠡᠮᠵᠢᠵᠤ᠂ ᠬᠡᠷᠡᠭᠯᠡᠭᠡ ᠶᠢ ᠠᠬᠢᠭᠤᠯᠤᠨ ᠨᠡᠮᠡᠭᠳᠡᠯ ᠢ ᠳᠠᠶᠢᠴᠢᠯᠠᠬᠤ᠂ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ᠂ ᠨᠡᠶᠢᠭᠡᠮ ᠤᠨ ᠠᠵᠢᠯ ᠤᠯᠭᠤᠯᠳᠠ ᠶᠢ ᠦᠷᠭᠡᠳᠬᠡᠭᠦ᠂ ᠬᠤᠳᠠ ᠶᠢᠨ ᠠᠷᠠᠳ ᠤᠨ ᠠᠮᠢᠳᠤᠷᠠᠯ ᠳᠤ ᠲᠦᠭᠦᠮ ᠦᠵᠡᠭᠦᠯᠬᠦ ᠵᠡᠷᠭᠡ ᠳᠠᠯ᠎ᠠ ᠳᠤ ᠴᠥᠮ ᠴᠢᠬᠤᠯᠠ ᠦᠢᠯᠡᠳᠦᠯ ᠪᠠᠳᠠᠷᠠᠭᠤᠯᠪᠠ᠃ ᠦᠪᠤᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠠ ᠤ ᠭᠦᠷᠢᠶᠠᠯᠠᠩ ᠤᠨ ᠠᠵᠤ ᠠᠬᠤᠢ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠢᠦᠢ ᠭᠤᠸᠠᠩ ᠵᠢᠶᠦ᠋ᠠ ᠤ ᠦᠵᠡᠭᠦ ᠪᠠᠷ᠂ ᠬᠡᠷᠡᠭᠯᠡᠭᠡᠨ ᠤ ᠳᠡᠮᠳᠡᠭᠳᠦ ᠨᠢ ᠬᠤᠳᠠ ᠶᠢᠨ ᠠᠷᠠᠳ ᠲᠤ ᠨᠦᠭᠦᠪᠦᠷᠢ ᠣᠯᠭᠤᠵᠤ ᠠᠰᠢᠭ ᠬᠦᠷᠳᠡᠬᠡᠭᠰᠡᠨ ᠢᠶᠠᠷ ᠪᠠᠷᠠᠬᠤ ᠦᠭᠡᠢ᠂ ᠣᠬᠤᠷᠬᠠᠨ ᠬᠤᠭᠤᠴᠠᠭᠠᠨ ᠳᠤᠳᠤᠷ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠬᠠᠯᠠᠭᠤᠷᠠᠯ ᠢ ᠪᠤᠢ ᠪᠤᠯᠭᠠᠵᠤ᠂ ᠪᠠᠰᠠ ᠠᠵᠤ ᠠᠬᠤᠢᠢᠯᠠᠯ ᠳᠤ ᠠᠰᠢᠭ ᠬᠦᠷᠳᠡᠭᠡᠨ ᠬᠡᠷᠡᠭᠯᠡᠭᠡ ᠶᠢ ᠤᠷᠮᠠᠰᠢᠭᠤᠯᠵᠤ᠂ ᠠᠵᠤ ᠠᠬᠤᠢ ᠶᠢᠨ ᠬᠦᠭᠵᠢᠯᠳᠡ ᠳᠤ ᠳᠠᠬᠢᠨ ᠢᠶᠠᠷ ᠨᠡᠮᠡᠭᠳᠡᠬᠦᠯᠬᠦ ᠦᠢᠯᠡᠳᠦᠯ᠎ ᠢ ᠪᠠᠳᠠᠷᠠᠭᠤᠯᠤᠭᠰᠠᠨ ᠪᠠᠶᠢᠨ᠎ᠠ᠃ ︵ ᠭᠤᠸ᠎ᠡ︶



  
     
     