-
2076987
ᠭᠤᠴᠢᠨ ᠬᠤᠶᠠᠳᠠᠬᠢ ᠳᠡᠯᠡᠬᠡᠢ ᠶᠢᠨ ᠲᠠᠮᠠᠬᠢ ᠦᠯᠦ ᠲᠠᠲᠠᠬᠤ ᠡᠳᠦᠷ — ᠬᠠᠮᠲᠤ ᠰᠤᠷᠤᠭᠴᠢᠳ ᠲᠤ ᠦᠭᠬᠦᠭᠰᠡᠨ ᠨᠢᠭᠡᠨ ᠬᠤᠪᠢ ᠵᠠᠬᠢᠳᠠᠯ
2019-05-31 15:28
379
0
ᠬᠠᠶᠢᠷᠠᠲᠤ ᠬᠠᠮᠲᠤ ᠰᠤᠷᠤᠭᠴᠢᠳ ᠮᠢᠨᠢ᠄ ᠨᠠᠪᠴᠢᠨ ᠲᠠᠮᠠᠬᠢ ᠨᠢ ᠬᠦᠮᠦᠨ ᠲᠦᠷᠦᠯᠬᠢᠲᠡᠨ ᠤ ᠡᠷᠡᠭᠦᠯ ᠮᠡᠨᠳᠦ ᠶᠢ ᠬᠦᠨᠦᠭᠡᠳᠡᠭ ᠬᠠᠮᠤᠭ ᠤᠨ ᠶᠡᠭᠡ ᠶᠠᠷᠭᠠᠴᠢᠨ ᠮᠦᠨ᠂ ᠪᠦᠬᠦ ᠳᠡᠯᠡᠬᠡᠢ ᠳᠤ ᠡᠳᠦᠷ ᠪᠦᠷᠢ 2 ᠲᠦᠮᠡᠨ ᠬᠦᠮᠦᠨ ᠲᠠᠮᠠᠬᠢ ᠲᠠᠲᠠᠬᠤ ᠠᠴᠠ ᠪᠤᠯᠤᠭᠰᠠᠨ ᠡᠯ᠎ᠡ ᠵᠦᠢᠯ ᠤᠨ ᠡᠪᠡᠳᠴᠢᠨ ᠡᠮᠬᠡᠭ ᠢᠶᠠᠷ ᠨᠠᠰᠤ ᠪᠠᠷᠠᠵᠤ ᠪᠠᠶᠢᠳᠠᠭ᠃ ᠮᠠᠨ ᠤ ᠤᠯᠤᠰ ᠤᠨ ᠲᠠᠮᠠᠬᠢ ᠲᠠᠲᠠᠳᠠᠭ ᠬᠦᠮᠦᠨ ᠤ ᠲᠤᠭ᠎ᠠ 3 ᠳ᠋ᠦᠩᠰᠢᠭᠤᠷ ᠢ ᠳᠠᠪᠠᠵᠤ᠂ ᠡᠭᠦᠨ ᠠᠴᠠ ᠭᠠᠳᠠᠨ᠎ᠠ ᠪᠠᠷᠤᠭ 7.4 ᠳ᠋ᠦᠩᠰᠢᠭᠤᠷ ᠲᠠᠮᠠᠬᠢ ᠲᠠᠲᠠᠳᠠᠭ ᠦᠭᠡᠢ ᠬᠦᠮᠦᠰ ᠲᠠᠮᠠᠬᠢᠨ ᠤᠲᠤᠭ᠎ᠠ ᠶᠢᠨ ᠬᠤᠤᠷ ᠬᠦᠨᠦᠭᠡᠯ ᠢ ᠠᠮᠰᠠᠵᠤ᠂ ᠵᠢᠯ ᠪᠦᠷᠢ ᠲᠠᠮᠠᠬᠢᠨ ᠤ ᠳᠠᠯᠳᠠ ᠬᠦᠨᠦᠭᠡᠯ ᠢᠶᠠᠷ ᠦᠬᠦᠭᠰᠡᠨ ᠬᠦᠮᠦᠨ ᠤ ᠲᠤᠭ᠎ᠠ 100 ᠲᠦᠮᠡ ᠶᠢ ᠬᠡᠲᠦᠷᠡᠵᠦ ᠪᠠᠶᠢᠳᠠᠭ᠃ ᠨᠠᠪᠴᠢᠨ ᠲᠠᠮᠠᠬᠢ ᠶᠢᠨ ᠳᠤᠲᠤᠷᠠᠬᠢ ᠨᠢᠺᠤᠲ᠋ᠢᠨ ᠨᠢ ᠬᠦᠮᠦᠨ ᠤ ᠪᠡᠶ᠎ᠡ ᠶᠢ ᠨᠠᠪᠴᠢᠨ ᠲᠠᠮᠠᠬᠢ ᠳᠤ ᠲᠦᠰᠢᠭᠯᠡᠬᠦ ᠪᠤᠯᠭᠠᠵᠤ᠂ ᠨᠢᠭᠡ ᠵᠦᠢᠯ ᠤᠨ ᠤᠵᠢᠭ ᠰᠢᠨᠤᠯ ᠤᠨ ᠴᠢᠨᠠᠷᠲᠠᠢ ᠡᠪᠡᠳᠴᠢᠨ ᠡᠮᠬᠡᠭ ᠲᠤ ᠨᠡᠷᠪᠡᠭᠳᠡᠭᠦᠯᠳᠡᠭ᠃ ᠲᠡᠶᠢᠮᠦ ᠮᠦᠷᠲᠡᠭᠡᠨ᠂ ᠨᠠᠪᠴᠢᠨ ᠲᠠᠮᠠᠬᠢ ᠶᠢᠨ ᠤᠳᠤᠭ᠎ᠠ ᠳᠤ ᠨᠠᠭᠠᠳᠤ ᠵᠠᠬ᠎ᠠ ᠳᠠᠭᠠᠨ 69 ᠵᠦᠢᠯ ᠤᠨ ᠦᠮᠠᠨ ᠡᠪᠡᠳᠴᠢᠨ ᠡᠭᠦᠰᠬᠡᠳᠡᠭ ᠪᠤᠳᠠᠰ ᠪᠠᠶᠢᠵᠤ᠂ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠤᠶᠤ ᠰᠠᠨᠠᠭᠠᠴᠢᠯᠠᠭ᠎ᠠ ᠦᠭᠡᠢ ᠪᠠᠷ ᠲᠠᠮᠠᠬᠢ ᠲᠠᠲᠠᠬᠤ ᠨᠢ ᠪᠦᠷ ᠬᠦᠮᠦᠨ ᠤ ᠪᠡᠶ᠎ᠡ ᠶᠢᠨ ᠡᠷᠡᠭᠦᠯ ᠮᠡᠨᠳᠦ ᠶᠢ ᠬᠦᠨᠳᠦ ᠨᠤᠴᠢᠲᠠᠢ ᠬᠦᠨᠦᠭᠡᠵᠦ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠦᠮᠠᠨ ᠡᠪᠡᠳᠴᠢᠨ᠂ ᠤᠳᠠᠭᠠᠨ ᠴᠢᠨᠠᠷᠲᠠᠢ ᠲᠦᠭᠵᠢᠷᠡᠯ ᠤᠨ ᠬᠡᠯᠪᠡᠷᠢ ᠶᠢᠨ ᠠᠭᠤᠰᠬᠢᠨ ᠡᠪᠡᠳᠴᠢᠨ ᠵᠡᠷᠭᠡ ᠶᠢ ᠡᠭᠦᠰᠭᠡᠳᠡᠭ᠃ ᠵᠠᠯᠠᠭᠤᠴᠤᠳ ᠪᠠᠭᠠᠴᠤᠳ ᠶᠠᠭ ᠰᠠᠶᠢᠬᠠᠨ ᠦᠰᠦᠨ ᠪᠤᠶᠢᠵᠢᠬᠤ ᠬᠤᠭᠤᠴᠠᠭᠠᠨ ᠳᠤ ᠪᠠᠶᠢᠵᠤ᠂ ᠹᠢᠽᠢᠤᠯᠤᠭᠢ ᠶᠢᠨ ᠰᠢᠰᠲᠧᠮ᠂ ᠪᠡᠶ᠎ᠡ ᠶᠢᠨ ᠡᠷᠬᠡᠲᠡᠨ ᠨᠢ ᠬᠦᠢᠴᠡᠳ ᠪᠤᠯᠪᠠᠰᠤᠷᠠᠭᠠᠳᠤᠢ ᠪᠠᠶᠢᠵᠤ᠂ ᠭᠠᠳᠠᠭᠠᠳᠤ ᠤᠷᠴᠢᠨ ᠤ ᠬᠦᠨᠦᠭᠡᠯ ᠲᠠᠢ ᠡᠯᠧᠮᠧᠨ᠋ᠲ ᠢ ᠡᠰᠡᠷᠭᠦᠴᠡᠬᠦ ᠴᠢᠳᠠᠪᠤᠷᠢ ᠨᠢ ᠨᠠᠰᠤᠨ ᠳᠤ ᠬᠦᠷᠦᠭᠰᠡᠳ ᠠᠴᠠ ᠪᠠᠭᠤᠷᠠᠢ ᠪᠠᠶᠢᠳᠠᠭ᠃ ᠵᠠᠯᠠᠭᠤ ᠪᠠᠭ᠎ᠠ ᠳᠠᠭᠠᠨ ᠲᠠᠮᠠᠬᠢ ᠲᠠᠲᠠᠬᠤ ᠨᠢ ᠪᠡᠶ᠎ᠡ ᠮᠠᠬᠠᠪᠤᠳ ᠤᠨ ᠬᠡᠪ ᠤᠨ ᠦᠰᠦᠨ ᠪᠤᠶᠢᠵᠢᠯᠲᠠ ᠶᠢ ᠬᠦᠨᠦᠭᠡᠬᠦ ᠪᠠᠷ ᠪᠠᠷᠠᠬᠤ ᠦᠭᠡᠢ᠂ ᠪᠠᠰᠠ ᠶᠡᠭᠡ ᠲᠠᠷᠢᠬᠢ ᠶᠢ ᠴᠦ ᠬᠦᠨᠦᠭᠡᠵᠦ᠂ ᠰᠡᠳᠬᠢᠭᠦᠢ ᠶᠢ ᠤᠳᠠᠭᠠᠰᠢᠷᠠᠭᠤᠯᠤᠨ᠂ ᠴᠡᠭᠡᠵᠢᠯᠡᠬᠦ ᠴᠢᠳᠠᠪᠤᠷᠢ ᠶᠢ ᠮᠠᠭᠤᠲᠠᠭᠤᠯᠵᠤ᠂ ᠠᠩᠬᠠᠷᠤᠯ ᠢ ᠲᠦᠪᠯᠡᠷᠡᠵᠦ ᠳᠡᠶᠢᠯᠬᠦ ᠦᠭᠡᠢ ᠪᠤᠯᠭᠠᠵᠤ᠂ ᠰᠤᠷᠤᠯᠭ᠎ᠠ ᠶᠢᠨ ᠬᠢᠷᠢ ᠪᠦᠲᠦᠮᠵᠢ ᠶᠢ ᠳᠤᠷᠤᠭᠰᠢᠯᠠᠭᠤᠯᠳᠠᠭ᠃ ᠡᠶᠢᠮᠦ ᠠᠴᠠ᠂ ᠰᠤᠷᠤᠬᠴᠢᠨ ᠨᠥᠬᠦᠳ ᠦᠪᠡᠷ ᠪᠡᠶ᠎ᠡ ᠠᠴᠠ ᠪᠠᠨ ᠡᠬᠢᠯᠡᠵᠦ᠂ ᠲᠠᠮᠠᠬᠢ ᠲᠠᠲᠠᠬᠤ ᠶᠢᠨ ᠬᠤᠤᠷ ᠬᠦᠨᠦᠭᠡᠯ ᠢ ᠭᠦᠢᠴᠡᠳ ᠲᠠᠨᠢᠬᠤ ᠪᠠ ᠤᠢᠢᠯᠠᠭᠠᠵᠤ᠂ ᠰᠠᠨᠠᠭᠠᠴᠢᠯᠠᠭ᠎ᠠ ᠲᠠᠢ ᠪᠠᠷ ᠨᠠᠪᠴᠢᠨ ᠲᠠᠮᠠᠬᠢ ᠠᠴᠠ ᠵᠠᠶᠢᠳᠠᠵᠤ᠂ ᠲᠠᠮᠠᠬᠢ ᠲᠠᠲᠠᠬᠤ ᠶᠢ ᠲᠡᠪᠴᠢᠵᠦ᠂ ᠪᠠᠭ᠎ᠠ ᠠᠴᠠ ᠪᠠᠨ ᠡᠷᠡᠭᠦᠯ ᠮᠡᠨᠳᠦ ᠠᠮᠢᠳᠤᠷᠠᠯ ᠤᠨ ᠬᠡᠯᠪᠡᠷᠢ ᠶᠢ ᠪᠤᠢ ᠪᠤᠯᠭᠠᠬᠤ ᠶᠢ ᠬᠦᠰᠡᠶ᠎ᠡ᠃ ᠡᠭᠦᠨ ᠤ ᠵᠡᠷᠭᠡ ᠪᠠᠷ᠂ ᠪᠢᠳᠡᠨ ᠤ ᠡᠪᠦᠭᠡ ᠡᠮᠡᠭᠡ᠂ ᠠᠪᠤ ᠡᠵᠢ᠂ ᠲᠦᠷᠦᠯ ᠰᠠᠲᠤᠨ ᠨᠠᠶᠢᠵᠠ ᠨᠦᠬᠦᠳ ᠲᠡᠭᠡᠨ ᠨᠠᠪᠴᠢᠨ ᠲᠠᠮᠠᠬᠢ ᠲᠠᠲᠠᠬᠤ ᠨᠢ ᠦᠪᠡᠷ ᠤᠨ ᠪᠡᠶ᠎ᠡ ᠪᠤᠯᠤᠨ ᠦᠷᠦᠭᠡᠯ ᠪᠤᠰᠤᠳ ᠤᠨ ᠡᠷᠡᠭᠦᠯ ᠮᠡᠨᠳᠦ ᠳᠤ ᠬᠤᠤᠷ ᠬᠦᠨᠦᠭᠡᠯ ᠠᠪᠴᠢᠷᠠᠨ᠎ᠠ ᠭᠡᠳᠡᠭ ᠢ ᠰᠠᠨᠠᠭᠠᠴᠢᠯᠠᠭ᠎ᠠ ᠲᠠᠢ ᠪᠠᠷ ᠤᠬᠠᠭᠤᠯᠵᠤ᠂ ᠳᠤᠳᠤᠨᠤ ᠬᠦᠮᠦᠰ ᠪᠤᠯᠤᠨ ᠨᠠᠶᠢᠵᠠ ᠨᠦᠬᠦᠳ ᠢᠶᠠᠨ ᠰᠠᠨᠠᠭᠠᠴᠢᠯᠠᠨ ᠲᠠᠮᠠᠬᠢ ᠲᠠᠲᠠᠬᠤ ᠶᠢ ᠲᠡᠪᠴᠢᠬᠦ ᠪᠤᠶᠤ ᠲᠠᠮᠠᠬᠢ ᠲᠠᠲᠠᠬᠤ ᠶᠢ ᠵᠤᠭᠰᠤᠵᠤ᠂ ᠡᠷᠡᠭᠦᠯ ᠮᠡᠨᠳᠦ᠂ ᠲᠠᠮᠠᠬᠢᠨ ᠤᠲᠤᠭ᠎ᠠ ᠦᠭᠡᠢ ᠠᠮᠢᠳᠤᠷᠠᠯ ᠪᠤᠯᠤᠨ ᠰᠤᠷᠤᠯᠴᠠᠯᠭ᠎ᠠ ᠶᠢᠨ ᠤᠷᠴᠢᠨ ᠲᠤᠭᠤᠷᠢᠨ ᠢ ᠴᠤᠭᠴᠠᠯᠠᠬᠤ ᠶᠢᠨ ᠲᠦᠯᠦᠭᠡ ᠴᠢᠷᠮᠠᠶᠢᠵᠠᠭᠠᠶ᠎ᠠ︕
ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ
ᠦᠪᠡᠷᠲᠡᠭᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠲᠢᠩᠬᠢᠮ
ᠦᠪᠡᠷᠲᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ
ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ ᠠᠯᠪᠠᠨ ᠭᠡᠷ
2019 ᠤᠨ ᠤ 5 ᠰᠠᠷ᠎ᠠ ᠶᠢᠨ 31 ᠤ ᠡᠳᠦᠷ