 

ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠠ

2019-10-29 12:06
  185
  0
ᠮᠠᠨ ᠤ ᠤᠯᠤᠰ 2022 ᠤᠨ ᠪᠤᠯᠲᠠᠯ᠎ᠠ ᠰᠢᠶᠠᠨ ᠠᠴᠠ ᠡᠷᠬᠢᠯᠡᠭᠰᠡᠨ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠠ

   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 28 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠲᠢᠶᠠᠨ ᠰᠢᠶᠤᠤ ᠬᠠᠩ︶ ᠲᠦᠷᠦᠭᠦᠬᠡᠨ ᠨᠡᠶᠢᠲᠡᠯᠡᠭᠰᠡᠨ ︽ᠬᠢᠲᠠᠳ ᠡᠮ ᠡᠮᠨᠡᠯᠭᠡ ᠶᠢ ᠤᠯᠠᠮᠵᠢᠯᠠᠨ ᠰᠢᠨ᠎ᠠ ᠶᠢ ᠡᠭᠦᠳᠴᠦ ᠬᠦᠭᠵᠢᠬᠦᠯᠬᠦ ᠲᠤᠬᠠᠢ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠂ 2022 ᠤᠨ ᠪᠤᠯᠲᠠᠯ᠎ᠠ ᠰᠢᠶᠠᠨ ᠠᠴᠠ ᠡᠷᠬᠢᠯᠡᠭᠰᠡᠨ ᠬᠢᠲᠠᠳ ᠡᠮ ᠡᠮᠨᠡᠯᠭᠡ ᠶᠢᠨ ᠡᠮᠴᠢᠯᠡᠬᠡᠨ ᠤ ᠪᠠᠶᠢᠭᠤᠯᠤᠮᠵᠢ ᠶᠢ ᠪᠦᠬᠦᠨ ᠢ ᠪᠦᠷᠬᠦᠬᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠤᠯᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠢᠲᠠᠳ ᠡᠮᠨᠡᠯᠭᠡ ᠶᠢᠨ ᠤᠷᠳᠤᠨ ᠢ ᠲᠤᠬᠢᠷᠠᠭᠤᠯᠵᠤ᠂ ᠬᠢᠲᠠᠳ ᠡᠮᠨᠡᠯᠭᠡ ᠶᠢᠨ ᠡᠮᠴᠢ ᠶᠢ ᠲᠤᠬᠢᠷᠠᠭᠤᠯᠬᠤ ᠶᠢ ᠴᠢᠷᠮᠠᠶᠢᠨ ᠪᠠᠶᠡᠯᠡᠭᠦᠯᠦᠨ᠎ᠠ ᠭᠡᠵᠦ ᠳᠤᠷᠠᠳᠪᠠ᠃
   ᠬᠢᠲᠠᠳ ᠡᠮ ᠡᠮᠨᠡᠯᠭᠡ ᠪᠤᠯ ᠤᠯᠠᠨ ᠲᠦᠮᠡᠨ ᠳᠤ ᠲᠠᠭᠠᠯᠠᠬᠳᠠᠬᠰᠠᠨ ᠪᠡᠶ᠎ᠠ ᠰᠤᠪᠢᠯᠠᠬᠤ ᠡᠷᠡᠭᠦᠯᠵᠢᠭᠦᠯᠬᠦ ᠪᠠ ᠡᠪᠡᠳᠴᠢᠨ ᠡᠮᠨᠡᠬᠦ ᠠᠷᠭ᠎ᠠ ᠬᠡᠯᠪᠡᠷᠢ ᠪᠤᠯᠤᠨ᠎ᠠ᠃ ᠤᠢᠢᠷ᠎ᠠ ᠶᠢᠨ ᠵᠢᠯ ᠠᠴᠠ᠂ ᠮᠠᠨ ᠤ ᠤᠯᠤᠰ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠵᠡᠷᠭᠡ ᠠᠷᠭ᠎ᠠ ᠬᠡᠮᠵᠢᠶ᠎ᠠ ᠶᠢ ᠲᠤᠬᠲᠠᠭᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠲᠠᠰᠤᠷᠠᠯᠳᠠ ᠦᠭᠡᠢ ᠰᠠᠶᠢᠵᠢᠷᠠᠭᠤᠯᠪᠠ᠃ ᠰᠤᠷᠪᠤᠯᠵᠢᠯᠠᠬᠴᠢ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ ᠠᠴᠠ ᠤᠢᠢᠯᠠᠭᠠᠬᠰᠠᠨ ᠢᠶᠠᠷ᠂ 2018 ᠤᠨ ᠤ ᠰᠡᠬᠦᠯᠴᠢ ᠪᠤᠯᠲᠠᠯ᠎ᠠ᠂ ᠪᠦᠬᠦ ᠤᠯᠤᠰ ᠤᠨ 98.5% ᠶᠢᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ 97.0% ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠨᠲᠡ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠨᠭ᠍ᠭᠠᠵᠤ ᠳᠡᠶᠢᠯᠬᠦ ᠪᠤᠯᠪᠠ︔ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠪᠦᠬᠦ ᠤᠯᠤᠰ ᠤᠨ ᠬᠢᠲᠠᠳ ᠡᠮ ᠡᠮᠨᠡᠯᠭᠡ ᠶᠢᠨ ᠪᠠᠶᠢᠭᠤᠯᠤᠮᠵᠢ ᠨᠡᠮᠡᠭᠳᠡᠭᠡᠳ 6 ᠲᠦᠮᠡ ᠭᠠᠷᠤᠢ ᠳᠤ ᠬᠦᠷᠴᠦ᠂ ᠬᠢᠲᠠᠳ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠤᠷᠤ 120 ᠲᠦᠮᠡ ᠶᠢ ᠳᠠᠪᠠᠪᠠ᠃
   ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠴᠢᠨᠠᠬᠰᠢᠲᠠ ᠪᠦᠷᠢᠨᠰᠢᠭᠦᠯᠬᠦ ᠶᠢᠨ ᠲᠦᠯᠦᠭᠡ᠂ ᠰᠠᠨᠠᠯ ᠳᠤ᠂ ᠬᠢᠲᠠᠳ ᠡᠮᠨᠡᠯᠭᠡ ᠶᠢᠨ ᠭᠠᠵᠠᠷ᠂ ᠡᠭᠦᠳᠡᠨ ᠡᠮᠨᠡᠯᠭᠡ ᠶᠢᠨ ᠭᠠᠵᠠᠷ ᠪᠤᠯᠤᠨ ᠤᠨᠴᠠᠯᠢᠬᠲᠤ ᠲᠤᠰᠬᠠᠢ ᠰᠠᠯᠠᠭᠠᠨ ᠤ ᠡᠮᠨᠡᠯᠭᠡ ᠶᠢ ᠶᠡᠭᠡ ᠪᠠᠷ ᠬᠦᠭᠵᠢᠭᠦᠯᠵᠦ᠂ ᠬᠡᠯᠬᠢᠶᠡᠵᠢᠭᠦᠯᠦᠨ ᠡᠵᠡᠩᠨᠡᠬᠦ ᠶᠢ ᠵᠤᠷᠢᠬᠵᠢᠭᠤᠯᠤᠨ᠎ᠠ ᠭᠡᠵᠦ ᠳᠤᠷᠠᠳᠪᠠ᠃ ᠡᠭᠦᠨ ᠤ ᠵᠡᠷᠭᠡ ᠪᠠᠷ᠂ ᠠᠷᠠᠳ ᠤᠯᠠᠨ ᠤ ᠬᠢᠲᠠᠳ ᠡᠮ ᠡᠮᠨᠡᠯᠭᠡ ᠪᠠᠷ ᠡᠮᠴᠢᠯᠡᠭᠦᠯᠬᠦ ᠳᠤ ᠳᠦᠭᠦᠮ ᠦᠵᠡᠭᠦᠯᠬᠦ ᠶᠢᠨ ᠲᠦᠯᠦᠭᠡ᠂ ᠰᠠᠨᠠᠯ ᠳᠤ᠂ ︽ᠢᠨᠲ᠋ᠧᠷ ᠰᠦᠯᠵᠢᠶ᠎ᠠ + ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ᠶᠢᠨ ᠡᠯᠧᠺᠲᠷᠤᠨ ᠡᠪᠡᠳᠴᠢᠨ ᠤ ᠲᠡᠦᠬᠡ᠂ ᠡᠯᠧᠺᠲᠷᠤᠨ ᠵᠤᠷ ᠵᠡᠷᠭᠡ ᠪᠠᠷ ᠭᠤᠤᠯᠳᠠᠯᠭ᠎ᠠ ᠪᠤᠯᠭᠠᠬᠰᠠᠨ ᠦᠨᠳᠦᠰᠦᠨ ᠳ᠋ᠠᠶᠢᠲ᠋ᠠ ᠶᠢᠨ ᠬᠦᠮᠦᠷᠭᠡ ᠶᠢ ᠪᠠᠶᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠳᠤ ᠲᠦᠰᠢᠭᠯᠡᠨ ᠢᠨᠲ᠋ᠧᠷ ᠰᠦᠯᠵᠢᠶᠡᠨ ᠤ ᠬᠢᠲᠠᠳ ᠡᠮ ᠡᠮᠨᠡᠯᠭᠡ ᠶᠢᠨ ᠬᠤᠷᠢᠶ᠎ᠠ ᠶᠢ ᠬᠦᠭᠵᠢᠭᠦᠯᠬᠦ ᠶᠢ ᠵᠤᠷᠢᠬᠵᠢᠭᠤᠯᠵᠤ᠂ ᠬᠢᠲᠠᠳ ᠡᠮᠨᠡᠯᠭᠡ ᠶᠢᠨ ᠤᠶᠤᠨᠴᠢ ᠤᠨᠤᠰᠢᠯᠠᠨ ᠡᠮᠴᠢᠯᠡᠬᠦ ᠳᠤ ᠲᠤᠰᠠᠯᠠᠬᠤ ᠰᠢᠰᠲ᠋ᠧᠮ ᠢ ᠨᠡᠭᠡᠭᠡᠨ ᠬᠦᠭᠵᠢᠭᠦᠯᠵᠦ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨᠠᠬᠢ ᠶᠢ ᠨᠢᠭᠡ ᠴᠤᠬᠴᠠᠵᠢᠭᠤᠯᠤᠬᠰᠠᠨ ᠦᠢᠯᠡᠴᠢᠯᠡᠭᠡ ᠪᠠ ᠠᠯᠤᠰ ᠠᠴᠠ ᠡᠮᠨᠡᠬᠦ ᠦᠢᠯᠡᠴᠢᠯᠡᠭᠡ ᠶᠢ ᠦᠷᠨᠢᠭᠦᠯᠬᠦ ᠶᠢ ᠠᠬᠢᠭᠤᠯᠤᠨ᠎ᠠ ᠭᠡᠵᠦ ᠳᠤᠷᠠᠳᠪᠠ᠃
   ᠡᠭᠦᠨ ᠠᠴᠠ ᠭᠠᠳᠠᠨ᠎ᠠ᠂ ᠦᠨᠳᠦᠰᠦᠨ ᠱᠠᠲᠤᠨ ᠤ ᠤᠯᠠᠨ ᠲᠦᠮᠡᠨ ᠳᠤ ᠪᠠᠰᠠ ᠴᠢᠨᠠᠷ ᠰᠠᠶᠢᠲᠠᠢ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠦᠷᠲᠡᠭᠡᠬᠦ ᠶᠢᠨ ᠲᠦᠯᠦᠭᠡ᠂ ᠰᠠᠨᠠᠯ ᠳᠤ ᠪᠠᠰᠠ᠂ ᠠᠵᠢᠯ ᠤᠨ ᠠᠮᠠᠷᠠᠯᠲᠠ ᠪᠠᠨ ᠠᠪᠤᠬᠰᠠᠨ ᠬᠢᠲᠠᠳ ᠡᠮᠨᠡᠯᠭᠡ ᠶᠢᠨ ᠡᠮᠴᠢ ᠦᠨᠳᠦᠰᠦᠨ ᠱᠠᠲᠤᠨ ᠳᠤ ᠦᠢᠯᠡᠴᠢᠯᠡᠭᠡ ᠬᠠᠨᠭ᠍ᠭᠠᠬᠤ ᠶᠢ ᠵᠤᠷᠢᠬᠵᠢᠭᠤᠯᠵᠤ᠂ ᠦᠨᠳᠦᠰᠦᠨ ᠱᠠᠲᠤᠨ ᠳᠤ ᠤᠷᠲᠤ ᠬᠤᠭᠤᠴᠠᠭ᠎ᠠ ᠪᠠᠷ ᠦᠢᠯᠡᠴᠢᠯᠡᠭᠡ ᠬᠠᠨᠭ᠍ᠭᠠᠵᠤ ᠪᠠᠶᠢᠭ᠎ᠠ ᠬᠢᠲᠠᠳ ᠡᠮᠨᠡᠯᠭᠡ ᠶᠢᠨ ᠡᠮᠴᠢ ᠶᠢᠨ ᠮᠡᠷᠭᠡᠵᠢᠯ ᠤᠨ ᠴᠤᠯᠠ ᠳᠠᠪᠰᠢᠬᠤ ᠨᠦᠬᠦᠴᠡᠯ ᠤᠨ ᠬᠢᠵᠠᠭᠠᠷᠯᠠᠯ ᠢ ᠰᠤᠯᠠᠷᠠᠭᠤᠯᠤᠨ᠎ᠠ︔ ᠶᠡᠷᠦᠩᠬᠡᠢ ᠰᠠᠯᠠᠭᠠᠨ ᠤ ᠡᠮᠴᠢ ᠪᠤᠯᠤᠨ ᠬᠦᠳᠡᠭᠡ ᠲᠤᠰᠬᠤᠨ ᠤ ᠡᠮᠴᠢ ᠶᠢᠨ ᠬᠢᠲᠠᠳ ᠡᠮ ᠡᠮᠨᠡᠯᠭᠡ ᠶᠢᠨ ᠮᠡᠳᠡᠯᠭᠡ ᠪᠠ ᠤᠷ᠎ᠠ ᠮᠡᠷᠭᠡᠵᠢᠯ ᠤᠨ ᠪᠤᠯᠪᠠᠰᠤᠷᠠᠯ ᠤᠨ ᠲᠤᠬᠲᠠᠴᠠ ᠶᠢ ᠪᠦᠷᠢᠨᠰᠢᠭᠦᠯᠦᠨ᠎ᠠ ᠭᠡᠵᠦ ᠳᠤᠷᠠᠳᠪᠠ᠃



  
     
     