-
34138
ᠬᠠᠯᠬ᠎ᠠ ᠶᠢᠨ ᠭᠣᠣᠯ ᠤᠨ ᠳᠠᠶᠢᠨ ᠤ ᠣᠨᠴᠠᠯᠠᠬᠤ 10 ᠪᠠᠷᠢᠮᠲᠠ
2019-09-03 11:57
280
0
1.
ᠶᠠᠫᠣᠨ ᠤᠯᠤᠰ 1932 ᠣᠨ ᠳᠤ ᠵᠡᠭᠦᠨ ᠬᠢᠲᠠᠳ ᠢ ᠡᠵᠡᠯᠡᠨ ᠮᠠᠨᠵᠤ ᠤᠯᠤᠰ ᠢ ᠪᠠᠶᠢᠭᠤᠯᠵᠤ ᠴᠢᠨᠠᠭᠰᠢᠯᠠᠭᠠᠳ ᠵᠥᠪᠯᠡᠯᠲᠦ ᠬᠣᠯᠪᠣᠭᠠᠲᠤ ᠤᠯᠤᠰ ᠤᠨ ᠠᠯᠤᠰ ᠳᠣᠷᠣᠨᠠᠲᠤ᠂ ᠰᠢᠪᠢᠷᠢ ᠳᠦ ᠰᠠᠨᠠᠭᠠᠷᠬᠠᠵᠤ ᠡᠬᠢᠯᠡᠭᠰᠡᠨ ᠶᠤᠮ᠃ ᠮᠥᠨ ᠵᠥᠪᠯᠡᠯᠲᠦ ᠬᠣᠯᠪᠣᠭᠠᠲᠤ ᠤᠯᠤᠰ ᠤᠨ ᠬᠣᠯᠪᠣᠭᠠᠲᠠᠨ БНМАУ ᠍ ᠤᠨ ᠭᠠᠵᠠᠷ ᠨᠤᠲᠤᠭ ᠢᠶᠠᠷ ᠳᠠᠮᠵᠢᠭᠤᠯᠤᠨ ᠪᠠᠶᠢᠭᠠᠯᠢ ᠨᠠᠭᠤᠷ ᠤᠨ ᠡᠮᠦᠨᠡᠲᠦ ᠲᠠᠯ᠎ᠠ ᠠᠴᠠ ᠴᠣᠬᠢᠯᠲᠠ ᠥᠭᠬᠦ ᠲᠥᠯᠥᠪᠯᠡᠭᠡ ᠲᠡᠢ ᠪᠠᠶᠢᠪᠠ᠃ ᠵᠥᠪᠯᠡᠯᠲᠦ ᠬᠣᠯᠪᠣᠭᠠᠲᠤ ᠤᠯᠤᠰ ᠪᠣᠯᠤᠨ БНМАУ ᠨᠢ 1936 ᠣᠨ ᠳᠤ ᠬᠠᠷᠢᠯᠴᠠᠨ ᠲᠤᠰᠠᠯᠠᠯᠴᠠᠬᠤ ᠭᠡᠷ᠎ᠡ ᠶᠢ ᠪᠠᠶᠢᠭᠤᠯᠤᠭᠰᠠᠨ ᠪᠥᠭᠡᠳ ᠤᠭ ᠭᠡᠷ᠎ᠡ ᠶᠢᠨ ᠳᠠᠭᠠᠤ ᠵᠥᠪᠯᠡᠯᠲᠦ ᠶᠢᠨ ᠤᠯᠠᠭᠠᠨ ᠠᠷᠮᠢ ᠶᠢᠨ 57 ᠳ᠋ᠤᠭᠠᠷ ᠣᠨᠴᠠᠭᠠᠢ ᠺᠣᠷᠫᠤᠶᠢᠰ БНМАУ ᠍ ᠶᠢᠨ ᠨᠤᠲᠤᠭ ᠳᠡᠪᠢᠰᠬᠡᠷ ᠲᠦ ᠣᠷᠣᠵᠤ ᠢᠷᠡᠨ ᠶᠠᠫᠣᠨ ᠤ ᠪᠣᠯᠵᠣᠰᠢ ᠦᠭᠡᠢ ᠳᠠᠶᠢᠨ ᠳᠤ ᠪᠡᠯᠡᠳᠬᠡᠵᠦ ᠡᠬᠢᠯᠡᠭᠰᠡᠨ ᠪᠢᠯᠡ᠃
2.
ᠵᠥᠪᠯᠡᠯᠲᠦ ᠬᠣᠯᠪᠣᠭᠠᠲᠤ ᠤᠯᠤᠰ 1938 ᠣᠨ ᠳᠤ ᠬᠠᠰᠠᠨ ᠨᠠᠭᠤᠷ ᠲᠤ ᠶᠠᠫᠣᠨ ᠲᠠᠢ ᠪᠠᠶᠢᠯᠳᠤᠵᠤ ᠨᠡᠯᠢᠶᠡᠳ ᠬᠦᠮᠦᠨ ᠬᠦᠴᠦ ᠪᠡᠨ ᠠᠯᠠᠳᠠᠨ ᠬᠣᠬᠢᠷᠠᠵᠤ ᠪᠠᠶᠢᠵᠤ ᠲᠤᠷᠰᠢᠯᠭ᠎ᠠ ᠬᠤᠷᠠᠮᠲᠤᠯᠠᠭᠤᠯᠤᠭᠰᠠᠨ ᠪᠥᠭᠡᠳ ᠶᠠᠫᠣᠨ ᠤ ᠴᠡᠷᠢᠭ ᠦᠨ ᠪᠠᠶᠢᠯᠳᠤᠬᠤ ᠠᠷᠭ᠎ᠠ ᠤᠬᠠᠭᠠᠨ᠂ ᠵᠡᠷ ᠵᠡᠪᠰᠡᠭ᠂ ᠴᠡᠷᠢᠭ ᠦᠨ ᠬᠦᠴᠦᠨ ᠴᠢᠳᠠᠯ ᠢ ᠶᠠᠮᠠᠷ ᠨᠢᠭᠡᠨ ᠬᠡᠮᠵᠢᠶ᠎ᠡ ᠪᠡᠷ ᠮᠡᠳᠡᠵᠦ ᠪᠠᠶᠢᠭᠰᠠᠨ ᠶᠤᠮ᠃ᠬᠠᠷᠢᠨ ᠮᠣᠩᠭᠣᠯ ᠤᠯᠤᠰ ᠶᠠᠫᠣᠨᠴᠤᠳ ᠲᠠᠢ ᠠᠩᠬ᠎ᠠ ᠪᠠᠨ ᠲᠤᠯᠭᠠᠷᠠᠭᠰᠠᠨ ᠨᠢ ᠬᠠᠯᠬ᠎ᠠ ᠶᠢᠨ ᠭᠣᠣᠯ ᠤᠨ ᠳᠠᠶᠢᠨ ᠪᠠᠶᠢᠪᠠ᠃ ᠵᠥᠪᠯᠡᠯᠲᠦ ᠬᠣᠯᠪᠣᠭᠠᠲᠤ ᠤᠯᠤᠰ ᠪᠣᠯᠤᠭᠠᠳ ᠶᠠᠫᠣᠨᠴᠤᠳ ᠤᠨ ᠠᠯᠢ ᠠᠯᠢ ᠨᠢ ᠬᠠᠯᠬ᠎ᠠ ᠶᠢᠨ ᠭᠣᠣᠯ ᠳᠤ ᠳᠠᠬᠢᠨ ᠪᠠᠨ ᠨᠡᠬᠡᠬᠦ ᠪᠡᠷ ᠰᠢᠢᠳᠡᠭᠰᠡᠨ ᠶᠤᠮ᠃
3. ᠶᠠᠫᠣᠨ ᠤ ᠲᠠᠯ᠎ᠠ ᠬᠠᠯᠬ᠎ᠠ ᠶᠢᠨ ᠭᠣᠣᠯ ᠤᠨ ᠵᠡᠭᠦᠨ ᠡᠷᠭᠢ ᠡᠴᠡ ᠮᠣᠩᠭᠣᠯ ᠤᠯᠤᠰ ᠤᠨ ᠬᠢᠯᠢ ᠬᠦᠷᠲᠡᠯᠡᠬᠢ 20 ᠣᠷᠴᠢᠮ ᠺᠮ ᠭᠠᠵᠠᠷ ᠨᠤᠲᠤᠭ ᠢ ᠮᠠᠨᠵᠤ ᠤᠯᠤᠰ ᠤᠨ ᠭᠠᠵᠠᠷ ᠨᠤᠲᠤᠭ ᠬᠡᠮᠡᠨ ᠦᠵᠡᠵᠦ᠂ ᠥᠪᠡᠷ ᠦᠨ ᠬᠢᠨᠠᠯᠲᠠ ᠪᠠᠨ ᠲᠠᠯᠪᠢᠬᠤ ᠭᠡᠵᠦ ᠣᠷᠣᠯᠳᠤᠭᠰᠠᠨ ᠶᠤᠮ᠃ ᠡᠨᠡ ᠨᠢ ᠴᠤ ᠴᠠᠭᠠᠨ᠎ᠠ ᠪᠠᠨ ᠤᠴᠢᠷ ᠰᠢᠯᠲᠠᠭᠠᠨ ᠲᠠᠢ ᠪᠠᠶᠢᠴᠠᠢ᠃ ᠲᠤᠬᠠᠶᠢᠯᠠᠪᠠᠯ᠂ ᠬᠢᠩᠭᠠᠨ ᠤ ᠨᠢᠷᠤᠭᠤᠨ ᠤ ᠵᠡᠭᠦᠨ ᠲᠠᠯ᠎ᠠ ᠪᠠᠷ ᠲᠠᠯᠪᠢᠵᠤ ᠪᠤᠢ ᠶᠠᠫᠣᠨ ᠤ ᠲᠡᠮᠦᠷ ᠵᠠᠮ ᠬᠢᠯᠢ ᠶᠢᠨ ᠱᠤᠭᠤᠮ ᠠᠴᠠ 2 ᠺᠢᠯᠣᠮᠧᠲ᠋ᠷ ᠬᠦᠷᠬᠦ ᠦᠭᠡᠢ ᠵᠠᠢ ᠳᠤ ᠪᠠᠷᠢᠭᠳᠠᠬᠤ ᠪᠠᠷ ᠪᠠᠶᠢᠭᠰᠠᠨ ᠪᠥᠭᠡᠳ ᠮᠣᠩᠭᠣᠯ-ᠵᠥᠪᠯᠡᠯᠲᠦ ᠶᠢᠨ ᠶᠡᠬᠡ ᠪᠤᠤ ᠪᠣᠯᠤᠭᠠᠳ ᠲᠥᠷᠥᠯ ᠪᠦᠷᠢ ᠶᠢᠨ ᠪᠤᠤᠳᠠᠯᠭ᠎ᠠ ᠶᠢᠨ ᠵᠡᠪᠰᠡᠭ ᠦᠨ ᠭᠠᠯ ᠠᠴᠠ ᠲᠡᠮᠦᠷ ᠵᠠᠮ ᠢᠶᠠᠨ ᠨᠠᠶᠢᠳᠠᠪᠤᠷᠢᠲᠠᠢ ᠬᠠᠮᠠᠭᠠᠯᠠᠬᠤ ᠶᠢᠨ ᠲᠤᠯᠠᠳᠠ ᠮᠣᠩᠭᠣᠯ ᠤᠨ ᠬᠢᠯᠢ ᠶᠢ ᠬᠠᠯᠬ᠎ᠠ ᠶᠢᠨ ᠭᠣᠣᠯ ᠤᠨ ᠪᠠᠷᠠᠭᠤᠨ ᠡᠷᠭᠢ ᠬᠡᠮᠡᠨ ᠦᠵᠡᠭᠰᠡᠨ ᠶᠤᠮ᠃ ᠡᠭᠦᠨ ᠢ ᠨᠢ БНМАУ ᠍ ᠤᠨ ᠵᠠᠰᠠᠭ ᠤᠨ ᠭᠠᠵᠠᠷ ᠬᠦᠯᠢᠶᠡᠨ ᠵᠥᠪᠰᠢᠶᠡᠷᠡᠭᠡ ᠦᠭᠡᠢ ᠪᠢᠯᠡ᠃ ᠡᠭᠦᠨ ᠡᠴᠡ ᠡᠭᠦᠳᠦᠨ ᠤᠳᠠᠭ᠎ᠠ ᠳᠠᠷᠠᠭ᠎ᠠ ᠶᠢᠨ ᠬᠢᠯᠢ ᠶᠢᠨ ᠵᠥᠷᠢᠴᠡᠯ ᠮᠠᠷᠭᠤᠭᠠᠨ ᠡᠬᠢᠯᠡᠭᠰᠡᠨ ᠪᠠᠶᠢᠳᠠᠭ᠃
4.ᠬᠠᠯᠬ᠎ᠠ ᠶᠢᠨ ᠭᠣᠣᠯ ᠳᠤ ᠪᠣᠯᠵᠤ ᠪᠠᠶᠢᠭᠰᠠᠨ ᠦᠢᠯᠡ ᠶᠠᠪᠤᠳᠠᠯ ᠤᠳ ᠠᠴᠠ 1939 ᠣᠨ ᠤ 5 ᠳ᠋ᠤᠭᠠᠷ ᠰᠠᠷ᠎ᠠ ᠬᠠᠮᠤᠭ ᠤᠨ ᠢᠳᠡᠪᠬᠢᠲᠡᠢ ᠳᠠᠶᠢᠨ ᠤ ᠡᠮᠦᠨᠡᠬᠢ ᠦᠶ᠎ᠡ ᠪᠠᠶᠢᠴᠠᠢ᠃ 1939 ᠣᠨ ᠤ 5 ᠳ᠋ᠤᠭᠠᠷ ᠰᠠᠷ᠎ᠠ ᠶᠢᠨ ᠡᠬᠢ ᠪᠡᠷ ᠶᠠᠫᠣᠨ ᠤ ᠲᠠᠯ᠎ᠠ ᠶᠢᠨ ᠴᠡᠷᠢᠭ ᠦᠨ ᠠᠵᠢᠯᠯᠠᠭ᠎ᠠ ᠬᠠᠮᠤᠭ ᠤᠨ ᠢᠳᠡᠪᠬᠢᠲᠡᠢ ᠣᠷᠣᠭᠰᠠᠨ᠃ ᠶᠠᠫᠣᠨ ᠤ 23 ᠳ᠋ᠤᠭᠠᠷ ᠶᠠᠪᠠᠭᠠᠨ ᠳ᠋ᠢᠸᠢᠽ БНМАУ ᠍ ᠤᠨ ᠬᠢᠯᠢ ᠶᠢᠨ ᠴᠡᠷᠢᠭ ᠪᠣᠯᠤᠭᠠᠳ 6 ᠳ᠋ᠤᠭᠠᠷ ᠮᠣᠷᠢᠲᠤ ᠳ᠋ᠢᠸᠢᠽᠢ ᠶᠢᠨ ᠲᠣᠮᠣᠬᠠᠨ ᠪᠡᠷ ᠳᠠᠭᠠᠷᠢᠬᠤ ᠪᠣᠯᠤᠭᠰᠠᠨ.ᠲᠡᠦᠬᠡᠨ ᠳᠦ 5 ᠳ᠋ᠤᠭᠠᠷ ᠰᠠᠷ᠎ᠠ ᠶᠢ ᠬᠠᠯᠬ᠎ᠠ ᠶᠢᠨ ᠭᠣᠣᠯ ᠤᠨ ᠬᠠᠮᠤᠭ ᠤᠨ ᠢᠳᠡᠪᠬᠢᠲᠡᠢ᠂ ᠡᠭᠡᠵᠢᠭᠲᠡᠢ ᠴᠠᠭ ᠦᠶ᠎ᠡ ᠭᠡᠵᠦ ᠨᠡᠷᠡᠯᠡᠳᠡᠭ᠃ ᠢᠯᠠᠩᠭᠤᠶ᠎ᠠ 1939 ᠣᠨ ᠤ 5 ᠳ᠋ᠤᠭᠠᠷ ᠰᠠᠷ᠎ᠠ ᠶᠢᠨ 11-28 ᠍ ᠤ ᠡᠳᠦᠷ ᠦᠳ ᠲᠦ ᠲᠣᠮᠣᠬᠠᠨ ᠲᠤᠯᠤᠯᠳᠤᠭᠠᠨ ᠶᠠᠪᠤᠭᠳᠠᠵᠤ ᠬᠠᠯᠬ᠎ᠠ ᠶᠢᠨ ᠭᠣᠣᠯ ᠤᠨ ᠳᠠᠶᠢᠨ ᠡᠬᠢᠯᠡᠭᠰᠡᠨ ᠭᠡᠵᠦ ᠦᠵᠡᠳᠡᠭ᠃
5.ᠳᠡᠯᠡᠬᠡᠢ ᠶᠢᠨ ᠨᠢᠭᠡᠳᠦᠭᠡᠷ ᠳᠠᠶᠢᠨ᠂ ᠣᠷᠣᠰ ᠤᠨ ᠢᠷᠭᠡᠨ ᠦ ᠳᠠᠶᠢᠨ ᠵᠡᠷᠭᠡ ᠣᠯᠠᠨ ᠳᠠᠶᠢᠨ᠂ ᠲᠤᠯᠤᠯᠳᠤᠭᠠᠨ ᠳᠤ ᠭ ∙ ᠺ ∙ ᠵᠢᠺᠣᠸ ᠣᠷᠣᠯᠴᠠᠵᠤ ᠢᠯᠠᠯᠲᠠ ᠪᠠᠶᠢᠭᠤᠯᠵᠤ ᠪᠠᠶᠢᠭᠰᠠᠨ ᠴᠤ ᠬᠠᠯᠬ᠎ᠠ ᠶᠢᠨ ᠭᠣᠣᠯ ᠤᠨ ᠳᠠᠶᠢᠨ ᠨᠢ ᠲᠡᠭᠦᠨ ᠦ ᠲᠣᠮᠣᠬᠠᠨ ᠨᠢᠭᠡᠳᠬᠡᠯ ᠢ ᠤᠳᠤᠷᠢᠳᠴᠤ ᠣᠷᠣᠭᠰᠠᠨ ᠠᠩᠬᠠᠨ ᠤ ᠲᠣᠮᠣ ᠳᠠᠶᠢᠨ ᠪᠠᠶᠢᠭᠰᠠᠨ᠃ ᠲᠡᠷᠡ ᠪᠡᠷ ᠡᠨᠡᠬᠦ ᠳᠠᠶᠢᠨ ᠳᠤ 57 ᠳ᠋ᠤᠭᠠᠷ ᠣᠨᠴᠠᠭᠠᠢ ᠺᠣᠷᠫᠤᠶᠢᠰ᠂ ᠠᠷᠮᠢ ᠶᠢᠨ ᠨᠢᠭᠡᠳᠦᠭᠡᠷ ᠪᠦᠯᠦᠭ ᠢ ᠤᠳᠤᠷᠢᠳᠤᠭᠰᠠᠨ ᠶᠤᠮ᠃ ᠡᠨᠡ ᠳᠠᠶᠢᠨ ᠠᠴᠠ ᠲᠡᠭᠦᠨ ᠦ ᠠᠯᠳᠠᠷ ᠨᠡᠷ᠎ᠡ ᠨᠢ ᠳᠡᠯᠡᠬᠡᠢ ᠳ᠋ᠠᠬᠢᠨ ᠳᠤ ᠴᠤᠤᠷᠢᠶᠠᠲᠤᠵᠤ ᠠᠤᠭ᠎ᠠ ᠶᠡᠬᠡ ᠵᠠᠩᠵᠤᠨ ᠪᠣᠯᠬᠤ ᠡᠬᠢᠯᠡᠯ ᠨᠢ ᠲᠠᠯᠪᠢᠭᠳᠠᠭᠰᠠᠨ ᠲᠡᠦᠬᠡ ᠲᠡᠢ᠃ ᠮᠥᠨ ᠲᠡᠷᠡ ᠪᠡᠷ ᠰᠲ᠋ᠠᠯᠢᠨ ᠤ ᠮᠢᠬᠠᠨ ᠤ ᠮᠠᠰᠢᠨ ᠳᠤ ᠥᠷᠢᠲᠥᠬᠦ ᠨᠢ ᠲᠣᠳᠣᠷᠬᠠᠢ ᠪᠠᠶᠢᠭᠰᠠᠨ ᠴᠤ ᠮᠠᠨ ᠤ ᠤᠯᠤᠰ ᠲᠤ ᠢᠷᠡᠭᠰᠡᠨ ᠢᠶᠡᠷ ᠠᠪᠤᠷᠠᠭᠳᠠᠭᠰᠠᠨ ᠤᠴᠢᠷ ᠠᠴᠠ ᠮᠣᠩᠭᠣᠯ ᠤᠨ ᠲᠠᠯ᠎ᠠ ᠨᠤᠲᠤᠭ᠂ ᠮᠣᠩᠭᠣᠯ ᠤᠨ ᠠᠷᠠᠳ ᠲᠦᠮᠡᠨ ᠳᠦ ᠰᠡᠳᠬᠢᠯ ᠡᠴᠡ ᠪᠡᠨ ᠲᠠᠯᠠᠷᠬᠠᠨ ᠶᠠᠪᠤᠳᠠᠭ ᠪᠠᠶᠢᠭᠰᠠᠨ ᠶᠤᠮ᠃
6.1939 ᠣᠨ ᠤ 7 ᠳ᠋ᠤᠭᠠᠷ ᠰᠠᠷ᠎ᠠ ᠶᠢᠨ 2 ᠍ ᠤ ᠡᠳᠦᠷ ᠶᠠᠫᠣᠨ ᠤ ᠴᠡᠷᠢᠭ ᠦᠳ ᠬᠠᠯᠬ᠎ᠠ ᠭᠣᠣᠯ ᠤᠨ ᠪᠠᠷᠠᠭᠤᠨ ᠡᠷᠭᠢ ᠳᠦ ᠪᠠᠶᠠᠨᠴᠠᠭᠠᠨ ᠤ ᠨᠢᠷᠤᠭᠤᠨ ᠳᠤ ᠡᠬᠢᠨ ᠦ ᠪᠣᠯᠤᠭᠠᠳ ᠡᠴᠦᠰ ᠦᠨ ᠤᠳᠠᠭ᠎ᠠ ᠪᠡᠬᠢᠵᠢᠬᠦ ᠭᠡᠵᠦ ᠣᠷᠣᠯᠳᠤᠭᠰᠠᠨ ᠨᠢ ᠵᠥᠪᠯᠡᠯᠲᠦ ᠬᠣᠯᠪᠣᠭᠠᠲᠤ ᠤᠯᠤᠰ ᠤᠨ ᠬᠤᠪᠢ ᠳᠤ ᠲᠠᠩᠺ ᠤᠨ ᠠᠩᠬᠠᠨ ᠤ ᠲᠣᠮᠣ ᠲᠤᠯᠤᠯᠳᠤᠭᠠᠨ ᠤ ᠡᠬᠢᠯᠡᠯ ᠢ ᠲᠠᠯᠪᠢᠵᠠᠢ.ᠪᠠᠶᠠᠨᠴᠠᠭᠠᠨ ᠤ ᠨᠢᠷᠤᠭᠤᠨ ᠳᠤ ᠬᠣᠷᠢᠭᠯᠠᠭᠰᠠᠨ ᠶᠠᠫᠣᠨ ᠤ ᠴᠡᠷᠢᠭ ᠢ ᠶᠠᠮᠠᠷ ᠴᠤ ᠬᠠᠮᠢᠶ᠎ᠠ ᠦᠭᠡᠢ ᠦᠨ᠎ᠡ ᠪᠡᠷ ᠤᠰᠠᠳᠬᠠᠬᠤ ᠨᠢ ᠴᠢᠬᠤᠯᠠ ᠪᠠᠶᠢᠭᠰᠠᠨ ᠤᠴᠢᠷ ᠭ ∙ ᠺ ∙ ᠵᠢᠺᠣᠸ 57 ᠳ᠋ᠤᠭᠠᠷ ᠣᠨᠴᠠᠭᠠᠢ ᠺᠣᠷᠫᠤᠶᠢᠰ ᠤᠨ 11 ᠳᠦᠭᠡᠷ ᠲᠠᠩᠺ ᠤᠨ ᠪᠠᠷᠢᠭᠠᠳᠠ ᠶᠢ ᠠᠶᠠᠨ ᠤ ᠵᠢᠷᠤᠮ ᠠᠴᠠ ᠰᠢᠭᠤᠳ ᠶᠠᠪᠠᠭᠠᠨ ᠴᠡᠷᠢᠭ ᠦᠨ ᠳᠡᠮᠵᠢᠯᠭᠡ ᠠᠶᠤᠮᠰᠢᠭᠲᠤ ᠲᠤᠯᠤᠯᠳᠤᠭᠠᠨ ᠳᠤ ᠣᠷᠣᠭᠤᠯᠤᠭᠰᠠᠨ ᠪᠥᠭᠡᠳ 180 ᠭᠠᠷᠤᠢ ᠲᠠᠩᠺ ᠤᠨ 50% ᠨᠢ ᠤᠰᠠᠳᠬᠠᠭᠳᠠᠭᠰᠠᠨ ᠶᠤᠮ᠃ ᠡᠭᠦᠨ ᠢ ᠬᠣᠵᠢᠮ ᠪᠠᠶᠠᠨᠴᠠᠭᠠᠨ ᠤ ᠬᠢᠳᠤᠯᠭ᠎ᠠ ᠭᠡᠵᠦ ᠨᠡᠷᠡᠯᠡᠬᠦ ᠪᠣᠯᠤᠭᠰᠠᠨ᠃
7.ᠬᠠᠯᠬ᠎ᠠ ᠶᠢᠨ ᠭᠣᠣᠯ ᠳᠤ ᠶᠠᠫᠣᠨ ᠤ 6 ᠳ᠋ᠤᠭᠠᠷ ᠠᠷᠮᠢ ᠰᠦᠢᠷᠡᠵᠦ ᠨᠡᠶᠢᠲᠡ ᠬᠣᠬᠢᠷᠠᠯ ᠨᠢ 61000 ᠣᠷᠴᠢᠮ ᠪᠣᠯᠤᠭᠰᠠᠨ ᠪᠥᠭᠡᠳ ᠡᠭᠦᠨ ᠡᠴᠡ 45000 ᠣᠷᠴᠢᠮ ᠨᠢ 7᠂ 8 ᠳ᠋ᠤᠭᠠᠷ ᠰᠠᠷ᠎ᠠ ᠳᠤ ᠠᠮᠰᠠᠭᠰᠠᠨ ᠬᠣᠬᠢᠷᠠᠯ ᠪᠠᠶᠢᠭᠰᠠᠨ ᠶᠤᠮ᠃ ᠬᠠᠷᠢᠨ ᠵᠥᠪᠯᠡᠯᠲᠦ ᠶᠢᠨ ᠲᠠᠯ᠎ᠠ ᠶᠢᠨ ᠨᠡᠶᠢᠲᠡ ᠬᠣᠬᠢᠷᠠᠯ ᠨᠢ 18000 ᠣᠷᠴᠢᠮ ᠬᠦᠮᠦᠨ ᠪᠠᠶᠢᠭᠰᠠᠨ ᠶᠤᠮ᠃
8.ᠬᠠᠯᠬ᠎ᠠ ᠶᠢᠨ ᠭᠣᠣᠯ ᠤᠨ ᠡᠰᠡᠷᠭᠦ ᠲᠡᠮᠡᠴᠡᠯ 1939 ᠣᠨ ᠤ 9 ᠳᠦᠭᠡᠷ ᠰᠠᠷ᠎ᠠ ᠶᠢᠨ 16 ᠍ ᠤ ᠡᠳᠦᠷ ᠳᠠᠭᠤᠰᠤᠭᠰᠠᠨ᠃ ᠡᠨᠡ ᠨᠢ ᠶᠠᠫᠣᠨ ᠤ ᠡᠷᠬᠡ ᠪᠠᠷᠢᠭᠴᠢᠳ ᠤᠨ ᠬᠤᠪᠢ ᠳᠤ ᠬᠠᠰᠠᠨ ᠨᠠᠭᠤᠷ ᠤᠨ ᠢᠯᠠᠭᠳᠠᠯ ᠠᠴᠠ ᠬᠣᠶᠢᠰᠢᠬᠢ ᠬᠣᠶᠠᠷ ᠳᠠᠬᠢ ᠲᠣᠮᠣ ᠴᠣᠬᠢᠯᠲᠠ ᠪᠣᠯᠤᠭᠰᠠᠨ ᠪᠥᠭᠡᠳ ᠲᠡᠳᠡ ᠨᠠᠶᠢᠮᠠᠳᠤᠭᠠᠷ ᠰᠠᠷ᠎ᠠ ᠶᠢᠨ 23 ᠍ ᠤ ᠡᠳᠦᠷ ᠮᠣᠰᠺᠸᠠ ᠬᠣᠲᠠ ᠵᠥᠪᠯᠡᠯᠲᠦ ᠬᠣᠯᠪᠣᠭᠠᠲᠤ ᠤᠯᠤᠰ᠂ ᠨᠠᠼᠢᠰᠲ ᠭᠧᠷᠮᠠᠨ ᠬᠣᠶᠠᠷ ᠤᠨ ᠬᠣᠭᠣᠷᠣᠨᠳᠣ ᠲᠦᠷᠢᠮᠡᠭᠡᠶᠢᠯᠡᠯ ᠦᠨ ᠳᠦ ᠭᠠᠷ ᠤᠨ ᠦᠰᠦᠭ ᠵᠢᠷᠤᠭᠰᠠᠨ ᠢᠶᠠᠷ ᠲᠠᠭᠠᠯᠠᠮᠵᠢ ᠦᠭᠡᠢ ᠪᠣᠯᠵᠠᠢ᠃ ᠡᠭᠦᠨ ᠦ ᠦᠷ᠎ᠡ ᠳᠦ 1939 ᠣᠨ ᠤ 1 ᠳᠦᠭᠡᠷ ᠰᠠᠷ᠎ᠠ ᠠᠴᠠ ᠬᠣᠶᠢᠰᠢ ᠡᠨᠡ ᠠᠯᠪᠠᠨ ᠲᠤᠰᠢᠶᠠᠯ ᠳᠤ ᠲᠣᠮᠢᠯᠠᠭᠳᠠᠭᠰᠠᠨ ᠶᠠᠫᠣᠨ ᠤᠯᠤᠰ ᠤᠨ ᠶᠡᠷᠦᠩᠬᠡᠢ ᠰᠠᠶᠢᠳ ᠬᠢᠷᠠᠨᠤᠮᠠ ᠺᠢᠲ᠋ᠢᠷᠣ ᠣᠭᠴᠣᠷᠠᠬᠤ ᠱᠠᠭᠠᠷᠳᠠᠯᠭ᠎ᠠ ᠲᠠᠢ ᠪᠣᠯᠤᠭᠰᠠᠨ᠃ ᠺᠢᠲ᠋ᠢᠷᠣ ᠨᠢ 1946 ᠣᠨ ᠳᠤ ᠠᠯᠤᠰ ᠳᠣᠷᠣᠨᠠᠲᠤ ᠶᠢᠨ ᠣᠯᠠᠨ ᠤᠯᠤᠰ ᠤᠨ ᠴᠡᠷᠢᠭ ᠦᠨ ᠰᠢᠭᠦᠬᠦ ᠶᠢᠨ ᠰᠢᠭᠦᠭᠳᠡᠭᠴᠢᠳ ᠦᠨ ᠨᠢᠭᠡ ᠪᠠᠶᠢᠭᠰᠠᠨ ᠪᠥᠭᠡᠳ ᠲᠤᠰ ᠰᠢᠭᠦᠬᠦ ᠡᠴᠡ ᠬᠤᠷᠢᠬᠤ ᠶᠠᠯ᠎ᠠ ᠣᠨᠣᠭᠳᠠᠭᠤᠯᠤᠭᠰᠠᠨ ᠶᠤᠮ᠃
9.ᠬᠠᠯᠬ᠎ᠠ ᠶᠢᠨ ᠭᠣᠣᠯ ᠤᠨ ᠳᠠᠶᠢᠨ ᠳᠤ ᠢᠯᠠᠯᠲᠠ ᠪᠠᠶᠢᠭᠤᠯᠤᠭᠰᠠᠨ ᠵᠥᠪᠯᠡᠯᠲᠦ ᠬᠣᠯᠪᠣᠭᠠᠲᠤ ᠤᠯᠤᠰ ᠤᠨ 70 (73᠂ 74 ...) ᠳᠠᠷᠤᠭ᠎ᠠ᠂ ᠴᠡᠷᠢᠭ ᠵᠥᠪᠯᠡᠯᠲᠦ ᠬᠣᠯᠪᠣᠭᠠᠲᠤ ᠤᠯᠤᠰ ᠤᠨ ᠪᠠᠭᠠᠲᠤᠷ ᠴᠣᠯᠠ ᠬᠦᠷᠲᠡᠭᠰᠡᠨ ᠪᠥᠭᠡᠳ 27 ᠨᠢᠰᠦᠭᠴᠢ᠂ 26 ᠲᠠᠩᠺᠢᠰᠲ᠂ 14 ᠴᠡᠷᠢᠭ᠂ 3 ᠶᠡᠬᠡ ᠪᠤᠴᠢᠨ᠂ 20 ᠬᠦᠮᠦᠨ ᠨᠡᠬᠡᠨ ᠱᠠᠩᠨᠠᠭᠳᠠᠭᠰᠠᠨ᠃ ᠵᠥᠪᠯᠡᠯᠲᠦ ᠬᠣᠯᠪᠣᠭᠠᠲᠤ ᠤᠯᠤᠰ ᠤᠨ ᠳᠡᠭᠡᠳᠦ ᠵᠥᠪᠯᠡᠯ ᠦᠨ ᠲᠡᠷᠢᠭᠦᠯᠡᠭᠴᠢᠳ ᠦᠨ ᠵᠠᠷᠯᠢᠭ ᠢᠶᠠᠷ 1939 ᠣᠨ ᠤ 8 ᠳ᠋ᠤᠭᠠᠷ ᠰᠠᠷ᠎ᠠ ᠶᠢᠨ 1 ᠍ ᠦ ᠡᠳᠦᠷ ᠵᠥᠪᠯᠡᠯᠲᠦ ᠬᠣᠯᠪᠣᠭᠠᠲᠤ ᠤᠯᠤᠰ ᠤᠨ ᠪᠠᠭᠠᠲᠤᠷ ᠲᠤ ᠵᠣᠷᠢᠭᠤᠯᠤᠭᠰᠠᠨ ᠣᠨᠴᠠᠭᠠᠢ ᠢᠯᠭᠠᠬᠤ ᠲᠡᠮᠳᠡᠭ ᠪᠤᠶᠤ ᠵᠥᠪᠯᠡᠯᠲᠦ ᠬᠣᠯᠪᠣᠭᠠᠲᠤ ᠤᠯᠤᠰ ᠤᠨ ᠪᠠᠭᠠᠲᠤᠷ ᠬᠡᠮᠡᠬᠦ ᠮᠧᠳᠠᠯ ᠢ ᠪᠤᠢ ᠪᠣᠯᠭᠠᠵᠠᠢ᠃
10.ᠬᠠᠯᠬ᠎ᠠ ᠶᠢᠨ ᠭᠣᠣᠯ ᠤᠨ ᠳᠠᠶᠢᠨ ᠳᠤ ᠮᠣᠩᠭᠣᠯ-ᠵᠥᠪᠯᠡᠯᠲᠦ ᠶᠢᠨ ᠴᠡᠷᠢᠭ ᠦᠳ ᠢᠯᠠᠵᠤ ᠶᠠᠫᠣᠨ ᠳᠤ ᠰᠠᠶᠢᠲᠤᠷ ᠰᠤᠷᠭᠠᠮᠵᠢ ᠥᠭᠭᠦᠭᠰᠡᠨ ᠨᠢ ᠠᠤᠭ᠎ᠠ ᠶᠡᠬᠡ ᠡᠬᠡ ᠣᠷᠣᠨ ᠤ ᠳᠠᠶᠢᠨ ᠤ ᠦᠶ᠎ᠡ ᠳᠦ ᠮᠣᠰᠺᠸᠠ ᠬᠣᠲᠠ ᠶᠢ ᠭᠧᠷᠮᠠᠨ ᠤ ᠴᠡᠷᠢᠭ ᠡᠴᠡ ᠬᠠᠮᠠᠭᠠᠯᠠᠬᠤ ᠳᠤ ᠲᠤᠰᠠ ᠪᠣᠯᠤᠭᠰᠠᠨ᠃ ᠬᠣᠯᠪᠣᠭᠠᠲᠠᠨ ᠪᠧᠷᠯᠢᠨ ᠡᠴᠡ ᠢᠷᠡᠭᠰᠡᠨ ᠳᠠᠷᠤᠮᠲᠠ ᠰᠢᠬᠠᠯᠲᠠ᠂ ᠭᠤᠶᠤᠯᠲᠠ ᠶᠢ ᠦᠯᠦ ᠬᠠᠷᠠᠭᠠᠯᠵᠠᠨ ᠶᠠᠫᠣᠨ ᠤ ᠤᠳᠤᠷᠢᠳᠤᠭᠴᠢ ᠨᠠᠷ 1941 ᠣᠨ ᠳᠤ ᠵᠥᠪᠯᠡᠯᠲᠦ ᠬᠣᠯᠪᠣᠭᠠᠲᠤ ᠤᠯᠤᠰ ᠷᠤ ᠬᠦᠴᠦᠲᠡᠢ ᠳᠠᠭᠠᠷᠢᠯᠲᠠ ᠬᠢᠬᠦ ᠦᠭᠡᠢ ᠪᠠᠶᠢᠬᠤ ᠪᠠᠷ ᠰᠢᠢᠳᠡᠭᠰᠡᠨ᠃ ᠡᠨᠡ ᠨᠢ ᠮᠣᠰᠺᠸᠠ ᠶᠢᠨ ᠳᠡᠷᠭᠡᠳᠡ ᠰᠢᠪᠢᠷᠢ ᠡᠴᠡ ᠴᠡᠷᠢᠭ ᠦᠨ ᠠᠩᠭᠢ ᠨᠤᠭᠤᠳ ᠢ ᠮᠣᠰᠺᠸᠠ ᠬᠦᠷᠲᠡᠯ᠎ᠡ ᠰᠢᠯᠵᠢᠭᠦᠯᠬᠦ ᠪᠣᠯᠤᠮᠵᠢ ᠶᠢ ᠣᠯᠭᠤᠭᠰᠠᠨ ᠪᠥᠭᠡᠳ ᠡᠨᠡ ᠨᠢ ᠮᠣᠰᠺᠸᠠ ᠶᠢᠨ ᠲᠤᠯᠤᠯᠳᠤᠭᠠᠨ ᠤ ᠦᠷ᠎ᠡ ᠳᠦᠩ ᠢ ᠰᠢᠢᠳᠡᠭᠰᠡᠨ ᠪᠠᠶᠢᠨ᠎ᠠ᠃ ᠶᠠᠫᠣᠨᠴᠤᠳ ᠬᠠᠯᠬ᠎ᠠ ᠶᠢᠨ ᠭᠣᠣᠯ ᠳᠤ ᠠᠪᠤᠭᠰᠠᠨ ᠲᠣᠮᠣᠬᠠᠨ ᠰᠤᠷᠭᠠᠮᠵᠢ ᠪᠠᠨ ᠰᠠᠶᠢᠨ ᠰᠠᠨᠠᠵᠤ ᠪᠠᠶᠢᠭᠰᠠᠨ ᠤᠴᠢᠷ ᠠᠴᠠ ᠳᠠᠬᠢᠨ ᠵᠥᠪᠯᠡᠯᠲᠦ ᠶᠢᠨ ᠡᠰᠡᠷᠡᠭ ᠳᠠᠶᠢᠲᠤᠭᠠ ᠦᠭᠡᠢ ᠶᠤᠮ᠃