-
2144425
ᠳᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠤᠨ ᠬᠦᠬᠡᠬᠤᠳᠠ ᠶᠢᠨ ᠲᠤᠩᠬᠠᠭ
2019-12-03 14:14
297
0
2019 ᠤᠨ ᠤ 11 ᠰᠠᠷ᠎ᠠ ᠶᠢᠨ 29 ᠠᠴᠠ 12 ᠰᠠᠷ᠎ᠠ ᠶᠢᠨ 1 ᠤ ᠡᠳᠦᠷ ᠪᠤᠯᠳᠠᠯ᠎ᠠ᠂ 2019 ᠳᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠥᠪᠦᠷ ᠮᠤᠩᠭᠤᠯ ᠤᠨ ᠬᠦᠬᠡᠬᠤᠳᠠ ᠳᠤ ᠶᠠᠪᠤᠭᠳᠠᠪᠠ᠃ ᠲᠤᠰ ᠤᠳᠠᠭᠠᠨ ᠤ ᠶᠠᠷᠢᠶᠠᠨ ᠤ ᠲᠠᠪᠴᠠᠩ ᠤᠨ ᠭᠤᠤᠯ ᠰᠡᠳᠦᠪ ᠪᠤᠯ ︽ᠳᠤᠮᠳᠠᠳᠤ ᠤᠯᠤᠰ ᠤᠨ ᠠᠳᠤᠭᠤᠨ ᠰᠤᠶᠤᠯ ᠬᠢᠭᠡᠳ ᠳᠡᠯᠡᠭᠡᠢ ᠶᠢᠨ ᠠᠳᠤᠭᠤᠨ ᠤ ᠪᠤᠯᠪᠠᠰᠤᠨ︾ ᠪᠤᠯᠤᠨ᠎ᠠ᠃ 30 ᠤᠯᠤᠰ᠂ 8 ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠠᠴᠠ ᠢᠷᠡᠭᠰᠡᠨ 330 ᠭᠠᠷᠤᠢ ᠲᠦᠯᠦᠭᠡᠯᠡᠭᠴᠢᠳ 2019 ᠳᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠳᠤ ᠤᠷᠤᠯᠴᠠᠵᠠᠢ᠃ ᠶᠠᠷᠢᠶᠠᠨ ᠤ ᠲᠠᠪᠴᠠᠩ ᠨᠢ ᠳᠡᠯᠡᠭᠡᠢ ᠶᠢᠨ ᠠᠳᠤᠭᠤᠨ ᠰᠤᠶᠤᠯ ᠢ ᠲᠥᠪᠯᠡᠷᠡᠬᠦᠯᠵᠥ᠂ ᠳᠡᠯᠡᠭᠡᠢ ᠶᠢᠨ ᠠᠳᠤᠭᠤᠨ ᠤ ᠪᠤᠯᠪᠠᠰᠤᠨ ᠢ ᠨᠢᠬᠳᠠᠷᠠᠭᠤᠯᠵᠦ᠂ ᠠᠳᠤᠭᠤᠨ ᠰᠤᠶᠤᠯ ᠤᠨ ᠲᠤᠬᠠᠢ ᠬᠠᠮᠳᠦ ᠶᠢᠨ ᠴᠤᠤᠷᠢᠶᠠᠳᠤᠯ ᠢ ᠬᠦᠭᠵᠢᠭᠡᠬᠦ ᠳᠤ ᠬᠦᠴᠦᠯᠡᠨ᠂ ᠠᠳᠤᠭᠤᠨ ᠰᠤᠶᠤᠯ ᠤᠨ ᠤᠯᠠᠨ ᠶᠠᠩᠵᠤᠳᠦ ᠴᠢᠨᠠᠷ ᠢ ᠬᠠᠮᠠᠭᠠᠯᠠᠨ᠂ ᠠᠳᠤᠭᠤᠨ ᠤ ᠠᠵᠤ ᠦᠢᠯᠡᠰ ᠤᠨ ᠬᠦᠭᠵᠢᠯᠳᠠ ᠳᠤ ᠪᠠᠳᠤ ᠪᠠᠬᠢ ᠰᠠᠭᠤᠷᠢ ᠶᠢ ᠲᠠᠯᠪᠢᠵᠦ᠂ ᠠᠳᠤᠭᠤᠨ ᠤ ᠠᠵᠤ ᠠᠬᠤᠢ ᠶᠢᠨ ᠬᠦᠭᠵᠢᠯ ᠴᠡᠴᠡᠭᠯᠡᠯ ᠳᠤ ᠤᠶᠤᠨ ᠤ ᠬᠦᠴᠦᠨ ᠡᠷᠬᠦᠨ᠂ ︽ᠳᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠤᠨ ᠬᠦᠬᠡᠬᠤᠳᠠ ᠶᠢᠨ ᠲᠤᠩᠬᠠᠭ︾ ᠢ ᠪᠦᠷᠢᠯᠳᠦᠬᠦᠯᠵᠡᠢ᠂ ᠤᠳᠤ ᠲᠤᠤᠷᠠᠬᠢ ᠲᠤᠩᠬᠠᠬ ᠢ ᠨᠡᠶᠢᠳᠡᠯᠡᠶ᠎ᠠ᠄
ᠨᠢᠭᠡ᠂ ᠪᠢᠳᠡᠨ ᠤ ᠦᠵᠡᠬᠦ ᠪᠠᠷ᠂ 2019 ᠳᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠳᠤ ᠤᠷᠤᠯᠴᠠᠭᠰᠠᠨ ᠪᠦᠬᠦ ᠲᠦᠯᠦᠭᠡᠯᠡᠭᠴᠢᠳ ᠬᠦᠬᠡᠬᠤᠳᠠ ᠳᠤ ᠴᠤᠬᠯᠠᠷᠠᠨ᠂ ᠠᠳᠤᠭᠤᠨ ᠰᠤᠶᠤᠯ ᠤᠨ ᠤᠯᠠᠨ ᠶᠠᠩᠵᠦᠳᠦ ᠴᠢᠨᠠᠷ ᠢ ᠬᠦᠨᠳᠦᠳᠭᠡᠬᠦ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢᠨ ᠳᠡᠯᠡᠭᠡᠢ ᠳ᠋ᠠᠬᠢᠨ ᠳᠠᠬᠢ ᠠᠴᠢ ᠬᠤᠯᠪᠤᠭᠳᠠᠯ᠂ ᠠᠳᠤᠭᠤᠨ ᠰᠤᠶᠤᠯ ᠪᠠ ᠵᠢᠭᠤᠯᠴᠢᠯᠠᠯ ᠤᠨ ᠠᠭᠤᠰᠤᠯᠴᠠᠯ ᠬᠦᠭᠵᠢᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠪᠤᠯᠤᠨ ᠤᠳᠤ ᠦᠶ᠎ᠠ ᠶᠢᠨ ᠠᠳᠤᠭᠤᠨ ᠤ ᠠᠵᠤ ᠦᠢᠯᠡᠰ ᠵᠡᠷᠭᠡ ᠲᠦᠷᠪᠡᠨ ᠵᠦᠪᠯᠡᠬᠦ ᠰᠡᠳᠦᠪ ᠤᠨ ᠲᠤᠭᠤᠷᠢᠨ ᠳᠤ ᠰᠤᠳᠤᠯᠤᠨ ᠶᠠᠷᠢᠯᠴᠠᠵᠦ᠂ ᠦᠵᠡᠯ ᠰᠠᠨᠠᠭ᠎ᠠ ᠪᠠᠨ ᠬᠦᠢᠴᠡᠳ ᠰᠤᠯᠢᠯᠴᠠᠨ᠂ ᠤᠶᠤᠨ ᠤᠬᠠᠭᠠᠨ ᠢᠶᠠᠨ ᠪᠠᠳᠠᠷᠠᠭᠤᠯᠵᠤ᠂ ᠳᠡᠯᠡᠭᠡᠢ ᠶᠢᠨ ᠡᠯ᠎ᠠ ᠤᠯᠤᠰ ᠤᠨ ᠬᠠᠷᠢᠯᠴᠠᠨ ᠲᠤᠯᠢᠳᠠᠵᠦ ᠬᠠᠮᠳᠤ ᠪᠠᠷ ᠴᠢᠷᠮᠠᠶᠢᠬᠤ ᠶᠢ ᠵᠤᠷᠢᠬᠵᠢᠭᠤᠯᠵᠦ᠂ 2019 ᠳᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠡᠯᠪᠡᠭ ᠦᠷ᠎ᠠ ᠪᠦᠳᠦᠭᠡᠯ ᠤᠯᠪᠠ᠃
ᠬᠤᠶᠠᠷ᠂ ᠪᠢᠳᠡ ︽ᠲᠡᠰᠪᠦᠷᠢ ᠬᠠᠳᠠᠭᠤᠵᠢᠯᠳᠠᠢ ᠪᠠᠷ ᠴᠤᠴᠠᠯᠳᠠ ᠦᠭᠡᠢ ᠤᠷᠤᠭᠰᠢᠯᠠᠵᠤ᠂ ᠵᠤᠷᠢᠭᠰᠠᠨ ᠳᠠᠭᠠᠨ ᠬᠦᠷᠬᠦ ᠦᠭᠡᠢ ᠪᠤᠯ ᠵᠤᠭᠰᠤᠬᠤ ᠦᠭᠡᠢ︾ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠡᠬᠡᠬᠡᠯᠳᠡ ᠭᠢᠵᠤ ᠬᠠᠮᠳᠤᠷᠠᠯᠴᠠᠬᠤ᠂ ᠪᠠᠭᠳᠠᠭᠠᠮᠵᠢᠳᠠᠢ ᠪᠠᠶᠢᠬᠤ ᠬᠠᠮᠳᠦ ᠪᠠᠷ ᠡᠳ᠋ᠯᠡᠬᠦ ᠰᠤᠶᠤᠯ ᠤᠨ ᠠᠭᠤᠯᠤᠭᠳᠠᠬᠤᠨ ᠢ ᠰᠠᠨᠠᠭᠠᠴᠢᠯᠠᠵᠤ᠂ ᠳᠡᠯᠡᠬᠡᠢ ᠶᠢᠨ ᠠᠳᠤᠭᠤᠨ ᠰᠤᠶᠤᠯ ᠠᠳᠤᠭᠤᠨ ᠤ ᠦᠢᠯᠡᠰ ᠤᠨ ᠬᠦᠭᠵᠢᠯᠳᠡ ᠳᠤ ᠳᠤᠮᠳᠠᠳᠤ ᠤᠯᠤᠰ ᠤᠨ ᠤᠢ ᠤᠬᠠᠭᠠᠨ ᠪᠠ ᠳᠤᠮᠳᠠᠳᠤ ᠤᠯᠤᠰ ᠤᠨ ᠲᠦᠰᠦᠯ ᠢ ᠨᠡᠮᠡᠷᠢᠯᠡᠬᠦ ᠪᠠᠷ ᠴᠢᠷᠮᠠᠶᠢᠨ᠎ᠠ᠃
ᠭᠤᠷᠪᠠ᠂ ᠪᠢᠳᠡ ᠳᠡᠯᠡᠬᠡᠢ ᠶᠢᠨ ᠡᠯ᠎ᠠ ᠤᠯᠤᠰ ᠤᠨ ᠬᠤᠭᠤᠷᠤᠨᠳᠤ ᠤᠯᠠᠨ ᠬᠡᠯᠪᠡᠷᠢ ᠶᠢᠨ ᠠᠳᠤᠭᠤᠨ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠦᠷᠨᠢᠭᠦᠯᠬᠦ ᠪᠠᠷ ᠳᠠᠮᠵᠢᠵᠤ᠂ ᠪᠦᠬᠦ ᠬᠦᠮᠦᠨ ᠲᠦᠷᠷᠦᠯᠬᠢᠳᠡᠨ ᠤ ᠠᠳᠤᠭᠤᠨ ᠰᠤᠶᠤᠯ ᠤᠨ ᠲᠤᠬᠠᠢ ᠳᠤᠷ᠎ᠠ ᠰᠤᠨᠢᠷᠬᠠᠯ ᠪᠠ ᠲᠤᠩᠭᠠᠨ ᠪᠤᠳᠤᠯᠳᠠ ᠶᠢ ᠰᠡᠷᠭᠦᠭᠡᠵᠤ᠂ ᠠᠳᠤᠭᠤᠨ ᠤ ᠦᠢᠯᠡᠰ ᠤᠨ ᠠᠵᠢᠯᠳᠠᠳ ᠢ ᠬᠦᠨᠳᠦᠳᠭᠡᠨ ᠪᠠᠭᠳᠠᠭᠠᠬᠤ ᠪᠤᠯᠭᠠᠵᠤ᠂ ᠠᠳᠤᠭᠤᠨ ᠰᠤᠶᠤᠯ ᠤᠨ ᠵᠢᠭᠤᠯᠴᠢᠯᠠᠯ ᠵᠡᠷᠭᠡ ᠤᠯᠠᠨ ᠠᠵᠢᠯ ᠲᠦᠷᠦᠯ ᠢ ᠬᠠᠮᠤᠷᠤᠭᠰᠠᠨ ᠨᠡᠶᠢᠯᠡᠮᠡᠯ ᠠᠵᠤ ᠦᠢᠯᠡᠰ ᠤᠨ ᠦᠷᠭᠦᠯᠵᠢᠯᠡᠬᠦ ᠬᠦᠭᠵᠢᠯᠳᠡ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠰᠢᠨ᠎ᠠ ᠨᠡᠮᠡᠭᠳᠡᠯ ᠤᠨ ᠴᠡᠭ ᠢ ᠪᠦᠷᠢᠯᠳᠦᠭᠦᠯᠬᠦ ᠪᠠᠷ ᠴᠢᠷᠮᠠᠶᠢᠨ᠎ᠠ᠃
ᠳᠦᠷᠪᠡ᠂ ᠪᠢᠳᠡ ︽ᠮᠤᠷᠢᠨ ᠤ ᠠᠰᠠᠷᠠᠮᠵᠢ ᠠᠯᠢᠪᠠ ᠠᠴᠠ ᠴᠢᠬᠤᠯᠠ︾ ᠭᠡᠬᠦ ᠵᠠᠷᠴᠢᠮ ᠢ ᠤᠯᠠᠮᠵᠢᠯᠠᠨ ᠪᠠᠷᠢᠮᠳᠠᠯᠠᠵᠤ᠂ ︽ᠶᠤᠸᠠᠨ ᠤ ᠳᠡᠭᠡᠳᠤ ᠨᠡᠶᠢᠰᠯᠡᠯ ᠤᠨ ᠠᠲᠤᠭᠤᠨ ᠤ ᠠᠰᠠᠷᠠᠮᠵᠢ ᠶᠢᠨ ᠨᠡᠶᠢᠳᠡ ᠶᠢᠨ ᠭᠡᠷ᠎ᠠ︾ ᠶᠢ ᠦᠨᠳᠦᠰᠦᠯᠡᠵᠤ᠂ ᠠᠲᠤᠭᠤᠨ ᠤ ᠠᠰᠠᠷᠠᠮᠵᠢ ᠶᠢ ᠪᠠᠳᠤᠯᠠᠵᠤ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ᠂ ᠲᠦᠪ ᠴᠢᠩᠭ᠎ᠠ ᠪᠦᠭᠡᠳ ᠪᠤᠳᠠᠳᠠᠢ ᠶᠢ ᠡᠷᠬᠢᠮᠯᠡᠬᠦ ᠠᠵᠤ ᠦᠢᠯᠡᠰ ᠤᠨ ᠠᠭᠤᠷ ᠠᠮᠢᠰᠬᠤᠯ ᠢ ᠪᠤᠢ ᠪᠤᠯᠭᠠᠬᠤ ᠪᠠᠷ ᠴᠢᠷᠮᠠᠶᠢᠨ᠎ᠠ᠃
ᠳᠠᠪᠤ᠂ ᠪᠢᠳᠡ ᠠᠳᠤᠭᠤᠨ ᠤ ᠠᠵᠦ ᠦᠢᠯᠡᠰ ᠤᠨ ᠰᠢᠨᠵᠢᠯᠡᠬᠦ ᠤᠬᠠᠭᠠᠨ ᠳᠧᠭ᠌ᠨᠢᠭ ᠮᠡᠷᠬᠡᠵᠢᠯ ᠤᠨ ᠰᠢᠨ᠎ᠠ ᠶᠢ ᠡᠬᠦᠳᠬᠦ ᠬᠦᠭᠵᠢᠯᠳᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠦ᠂ ᠳᠡᠯᠡᠬᠡᠢ ᠶᠢᠨ ᠡᠯ᠎ᠠ ᠤᠯᠤᠰ ᠤᠨ ᠬᠤᠭᠤᠷᠤᠨᠳᠦ ᠦᠷᠬᠡᠨ ᠳᠡᠯᠬᠡᠷ ᠪᠦᠬᠡᠳ ᠬᠦᠨ ᠬᠦᠨᠵᠡᠬᠡᠢ ᠠᠳᠤᠭᠤᠨ ᠤ ᠰᠢᠨᠵᠢᠯᠡᠬᠦ ᠤᠬᠠᠭᠠᠨ ᠤ ᠰᠤᠳᠤᠯᠭᠠᠨ ᠢ ᠦᠷᠨᠢᠬᠦᠯᠵᠦ᠂ ᠠᠵᠦ ᠦᠢᠯᠡᠰ ᠤᠨ ᠦᠷᠳᠡᠭ ᠤᠨ ᠤᠯᠠᠨ ᠡᠰᠢᠴᠢᠯᠡᠯᠳᠡ ᠶᠢ ᠠᠬᠢᠭᠤᠯᠵᠦ᠂ ᠳᠡᠯᠡᠬᠡᠢ ᠳ᠋ᠡᠬᠢᠨ ᠳᠤ ᠨᠡᠩ ᠤᠯᠠᠨ ᠪᠤᠳᠠᠰ ᠤᠨ ᠡᠳ᠋ ᠪᠠᠶᠠᠯᠢᠬ ᠪᠤᠯᠤᠨ ᠤᠶᠤᠨ ᠰᠠᠨᠠᠭᠠᠨ ᠤ ᠡᠳ᠋ ᠪᠠᠶᠠᠯᠢᠬ ᠢ ᠬᠠᠨᠳᠢᠪᠯᠡᠨᠠ᠃
ᠵᠢᠷᠭᠤᠭ᠎ᠠ᠂ ᠪᠢᠳᠡ ᠳᠡᠯᠡᠬᠡᠢ ᠶᠢᠨ ᠠᠳᠤᠭᠤᠨ ᠰᠤᠶᠤᠯ ᠤᠨ ᠳᠠᠪᠴᠠᠩ ᠢ ᠤᠯᠠᠨ ᠤᠯᠤᠰ ᠤᠨ ᠰᠤᠶᠤᠯ ᠤᠨ ᠳᠦᠷᠦᠯ ᠳᠡᠮᠳᠡᠭ ᠪᠤᠯᠭᠠᠨ ᠴᠤᠬᠴᠠᠯᠠᠵᠦ᠂ ᠬᠤᠶᠢᠰᠢᠳᠠ ᠬᠤᠶᠠᠷ ᠵᠢᠯ ᠪᠦᠷᠢ ᠳᠤ ᠨᠢᠬᠡ ᠤᠳᠠᠭ᠎ᠠ ᠶᠠᠪᠤᠬᠳᠠᠭᠤᠯᠵᠦ᠂ ᠶᠠᠷᠢᠶᠠᠨ ᠤ ᠳᠠᠪᠴᠠᠩ ᠤᠨ ᠨᠠᠷᠢᠨ ᠪᠢᠴᠢᠭ ᠤᠨ ᠭᠠᠵᠠᠷ ᠭᠠᠷᠭᠠᠨ᠂ ᠳᠡᠬᠦᠨ ᠢ ᠶᠠᠷᠢᠶᠠᠨ ᠤ ᠳᠠᠪᠴᠠᠩ ᠤᠨ ᠪᠠᠶᠢᠩᠭᠤ ᠶᠢᠨ ᠬᠡᠷᠡᠭ ᠡᠷᠬᠢᠯᠡᠬᠦ ᠪᠠᠶᠢᠭᠤᠯᠤᠮᠵᠢ ᠪᠤᠯᠭᠠᠨ ᠳᠤᠮᠳᠠᠳᠤ ᠤᠯᠤᠰ ᠤᠨ ᠪᠡᠬᠡᠵᠢᠩ ᠳᠤ ᠪᠠᠶᠢᠷᠢᠯᠠᠭᠤᠯᠬᠤ ᠪᠠᠷ ᠰᠠᠨᠠᠭᠠᠴᠢᠯᠠᠨ᠎ᠠ᠃
ᠳᠤᠯᠤᠭ᠎ᠠ᠂ ᠪᠢᠳᠡ ᠦᠪᠦᠷ ᠮᠤᠩᠭᠤᠯ ᠤᠨ ᠬᠦᠬᠡᠬᠤᠳᠠ ᠶᠢ ᠳᠡᠯᠡᠬᠡᠢ ᠶᠢᠨ ᠠᠳᠤᠭᠤᠨ ᠰᠤᠶᠤᠯ ᠤᠨ ᠳᠦᠪ ᠪᠤᠯᠭᠠᠬᠤ ᠪᠠᠷ ᠰᠠᠨᠠᠭᠠᠴᠢᠯᠠᠨ᠎ᠠ᠃ ᠴᠡᠯᠡᠬᠡᠷ ᠳᠠᠯ᠎ᠠ ᠶᠢᠨ ᠮᠤᠨᠠ ᠠᠭᠤᠯᠠ ᠶᠢᠨ ᠬᠤᠷᠮᠤᠢ ᠳᠤ ᠪᠠᠶᠢᠷᠢᠯᠠᠭ᠎ᠠ ᠦᠵᠡᠰᠬᠦᠯᠡᠩᠳᠦ ᠰᠠᠶᠢᠬᠠᠨ ᠳᠠᠯ᠎ᠠ ᠨᠤᠳᠤᠬ ᠤᠨ ᠬᠤᠳᠠ ᠬᠦᠬᠡᠬᠤᠳᠠ ᠪᠤᠯ ᠳᠠᠯ᠎ᠠ ᠨᠤᠳᠤᠬ ᠤᠨ ᠰᠤᠶᠤᠯ ᠬᠢᠬᠡᠳ ᠬᠠᠳᠤᠨ ᠭᠤᠤᠯ ᠤᠨ ᠰᠤᠶᠤᠯ᠂ ᠨᠡᠬᠦᠳᠡᠯ ᠮᠠᠯᠵᠢᠬᠤ ᠰᠤᠶᠤᠯ ᠬᠢᠬᠡᠳ ᠳᠠᠷᠢᠶᠠᠯᠠᠬᠤ ᠰᠤᠶᠤᠯ ᠤᠨ ᠠᠭᠤᠰᠤᠯᠴᠠᠭᠠᠨ ᠤ ᠠᠴᠢᠶᠠᠯᠠᠪᠤᠷᠢ ᠭᠠᠵᠠᠷ ᠪᠤᠯᠬᠤ ᠶᠤᠮ᠂ ᠠᠳᠡ ᠦᠨᠢ ᠤᠳᠠᠭᠠᠨ ᠠᠳᠤᠭᠤᠨ ᠰᠤᠶᠤᠯ ᠤᠨ ᠳᠡᠤᠬᠡ ᠪᠡ ᠪᠠᠳᠤ ᠪᠠᠬᠢ ᠠᠳᠤᠭᠤᠨ ᠰᠤᠶᠤᠯ ᠤᠨ ᠰᠠᠭᠤᠷᠢ ᠲᠠᠢ ᠪᠦᠬᠡᠳ ᠳᠤᠮᠳᠠᠳᠤ ᠤᠯᠤᠰ ᠤᠨ ᠠᠳᠤᠭᠤᠨ ᠰᠤᠶᠤᠯ ᠢ ᠬᠦᠭᠵᠢᠬᠦᠯᠦᠨ ᠮᠠᠨᠳᠤᠭᠤᠯᠬᠤ ᠪᠡ ᠳᠡᠯᠡᠬᠡᠢ ᠶᠢᠨ ᠠᠳᠤᠭᠤᠨ ᠤ ᠦᠢᠯᠡᠰ ᠤᠨ ᠪᠠᠶᠢᠷᠢᠰᠢᠯ ᠢ ᠰᠢᠨ᠎ᠠ ᠪᠠᠷ ᠴᠤᠬᠴᠠᠯᠠᠨ ᠪᠠᠶᠢᠭᠤᠯᠬᠤ ᠳᠦᠷᠦᠬᠦᠴᠢ ᠡᠬᠦᠷᠬᠡ ᠶᠢ ᠡᠬᠦᠷᠬᠡᠯᠡᠬᠦ ᠬᠠᠷᠢᠭᠤᠴᠠᠯᠭ᠎ᠠ ᠪᠡ ᠴᠢᠳᠠᠪᠤᠷᠢ ᠪᠦᠷᠢᠮᠦᠰᠦᠨ ᠪᠤᠢ᠃
ᠨᠠᠢᠮᠠ᠂ ᠬᠤᠶᠢᠰᠢᠲᠠ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠵᠢᠴᠢ ᠵᠤᠬᠢᠶᠠᠨ ᠪᠠᠶᠢᠭᠤᠯᠤᠯᠲᠠ ᠠᠴᠠ ᠭᠦᠨᠵᠡᠭᠡᠢ ᠰᠤᠯᠢᠯᠴᠠᠭ᠎ᠠ ᠬᠠᠮᠲᠤᠷᠠᠯᠴᠠᠭ᠎ᠠ ᠪᠠᠨ ᠦᠷᠬᠦᠯᠵᠢᠯᠡᠨ ᠴᠢᠩᠭᠠᠳᠬᠠᠵᠤ᠂ ᠠᠳᠠᠯᠢ ᠪᠤᠰᠤ ᠭᠠᠵᠠᠷ ᠤᠷᠤᠨ ᠤ ᠠᠳᠤᠭᠤᠨ ᠰᠤᠶᠤᠯ ᠢ ᠬᠦᠨᠳᠦᠳᠭᠡᠨ ᠬᠠᠮᠠᠭᠠᠯᠠᠵᠤ᠂ ᠠᠳᠤᠭᠤᠨ ᠰᠤᠶᠤᠯ ᠤᠨ ᠤᠯᠠᠨ ᠶᠠᠩᠵᠤᠲᠤ ᠴᠢᠨᠠᠷ ᠢ ᠤᠯᠠᠮᠵᠢᠯᠠᠵᠤ᠂ ᠳᠡᠯᠡᠬᠡᠢ ᠶᠢᠨ ᠪᠤᠯᠪᠠᠰᠤᠨ ᠤ ᠦᠷᠬᠦᠯᠵᠢᠯᠡᠨ ᠴᠡᠴᠡᠭᠯᠡᠨ ᠬᠦᠭᠵᠢᠬᠦ ᠶᠢ ᠠᠬᠢᠭᠤᠯᠬᠤ ᠶᠢ ᠪᠢᠳᠡ ᠰᠠᠨᠠᠭᠠᠴᠢᠯᠠᠶ᠎ᠠ᠃ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠳᠤᠮᠳᠠᠳᠤ ᠤᠯᠤᠰ ᠤᠨ ᠠᠳᠤᠭᠤᠨ ᠰᠤᠶᠤᠯ ᠢ ᠰᠡᠷᠭᠦᠭᠡᠨ ᠮᠠᠨᠳᠤᠭᠤᠯᠬᠤ ᠪᠠᠷ ᠬᠠᠷᠢᠭᠤᠴᠠᠯᠭ᠎ᠠ ᠪᠤᠯᠭᠠᠵᠤ᠂ ᠳᠡᠯᠡᠬᠡᠢ ᠶᠢᠨ ᠠᠳᠤᠭᠤᠨ ᠰᠤᠶᠤᠯ ᠤᠨ ᠳᠠᠪᠰᠢᠯᠲᠠ ᠪᠠᠷ ᠡᠭᠦᠷᠭᠡ ᠪᠤᠯᠭᠠᠵᠤ᠂ ᠪᠤᠰᠤᠳ ᠤᠯᠤᠰ ᠤᠨ ᠠᠳᠤᠭᠤᠨ ᠦᠢᠯᠡᠰ ᠤᠨ ᠡᠷᠬᠡ ᠰᠦᠷᠲᠦ ᠪᠠᠶᠢᠭᠤᠯᠤᠮᠵᠢ ᠲᠠᠢ ᠳᠡᠯᠡᠬᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠢ ᠬᠠᠮᠲᠤ ᠪᠠᠷ ᠪᠠᠶᠢᠭᠤᠯᠵᠤ᠂ ᠳᠤᠮᠳᠠᠳᠤ ᠤᠯᠤᠰ ᠤᠨ ᠠᠳᠤᠭᠤᠨ ᠰᠤᠶᠤᠯ ᠤᠨ ᠳᠡᠯᠡᠬᠡᠢ ᠳ᠋ᠠᠬᠢᠨ ᠳᠤ ᠳᠠᠭᠤᠷᠢᠰᠴᠤ᠂ ᠳᠡᠯᠡᠬᠡᠢ ᠶᠢᠨ ᠠᠳᠤᠭᠤᠨ ᠰᠤᠶᠤᠯ ᠤᠨ ᠳᠤᠮᠳᠠᠳᠤ ᠤᠯᠤᠰ ᠯᠤᠭ᠎ᠠ ᠬᠠᠮᠲᠤ ᠪᠠᠷ ᠤᠷᠤᠬᠰᠢᠯᠠᠬᠤ ᠶᠢ ᠠᠬᠢᠭᠤᠯᠤᠨ᠎ᠠ᠃
ᠮᠤᠷᠢᠨ ᠨᠢᠷᠤᠭᠤᠨ ᠳᠤ ᠤᠨ ᠵᠢᠯ ᠢ ᠦᠡᠭᠭᠡᠷᠡᠭᠡᠵᠦ᠂ ᠡᠶ᠎ᠡ ᠵᠤᠬᠢᠴᠠᠩᠭᠤᠢ ᠳᠡᠯᠡᠬᠡᠢ ᠶᠢᠷᠲᠢᠨᠴᠦ ᠶᠢ ᠬᠠᠮᠲᠤ ᠪᠠᠷ ᠴᠤᠬᠴᠠᠯᠠᠶ᠎ᠠ᠃ ᠪᠢᠳᠡ ᠦᠡᠭᠭᠡᠷᠡᠭᠰᠡᠨ ᠲᠠᠢ ᠠᠳᠠᠯᠢ ᠪᠠᠷ ᠶᠠᠷᠢᠶᠠᠨ ᠤ ᠲᠠᠪᠴᠠᠩ ᠤᠨ ᠵᠤᠬᠢᠶᠠᠨ ᠪᠠᠶᠢᠭᠤᠯᠤᠯᠲᠠ ᠶᠢᠨ ᠪᠤᠷᠤ ᠲᠦᠯᠦᠪ ᠤᠨ ᠳᠤᠲᠤᠷᠠᠬᠢ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠬᠠᠮᠲᠤ ᠡᠭᠦᠨ ᠢ ᠴᠤ᠋ ᠰᠢᠨ᠎ᠠ ᠲᠦᠪᠰᠢᠨ ᠳᠤ ᠳᠡᠭᠡᠭᠰᠢᠯᠡᠭᠦᠯᠵᠦ᠂ ᠳᠡᠯᠡᠬᠡᠢ ᠶᠢᠨ ᠠᠳᠤᠭᠤᠨ ᠰᠤᠶᠤᠯ ᠤᠨ ᠦᠷᠬᠦᠯᠵᠢᠯᠡᠨ ᠴᠡᠴᠡᠭᠯᠡᠨ ᠬᠦᠭᠵᠢᠬᠦ ᠪᠠ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠬᠦ ᠪᠠᠷ ᠬᠦᠴᠦᠯᠡᠨ ᠴᠢᠷᠮᠡᠶᠢᠨ᠎ᠠ᠃
2019 ᠳᠡᠯᠡᠬᠡᠢ ᠶᠢᠨ ᠠᠳᠤᠭᠤᠨ ᠰᠤᠶᠤᠯ ᠤᠨ ᠶᠠᠷᠢᠶᠠᠨ ᠤ
ᠲᠠᠪᠴᠠᠩ ᠤᠨ ᠵᠤᠬᠢᠶᠠᠨ ᠪᠠᠶᠢᠭᠤᠯᠬᠤ ᠺᠤᠮᠢᠰ
2019 ᠤᠨ ᠤ 12 ᠰᠠᠷ᠎ᠠ ᠶᠢᠨ 1 ᠤ ᠡᠳᠦᠷ