 

︽ᠬᠠᠷᠢᠭᠤᠴᠠᠯᠭ᠎ᠠ ᠶᠢᠨ ᠲᠦᠷᠢᠮ︾ ᠬᠡᠬᠦ ᠡᠨᠡ ᠬᠦ ᠵᠠᠩᠬᠢᠯᠠᠭ᠎ᠠ ᠶᠢ ᠰᠠᠶᠢᠳᠦᠷ ᠠᠳᠬᠤᠰᠤᠭᠠᠢ

2019-07-14 14:04
  627
  0

     — ᠶᠡᠷᠤᠩᠬᠡᠢ ᠱᠦᠵᠢ ᠰᠢ ᠶᠢᠨ ᠫᠢᠩ ᠤᠨ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠡᠯ ᠲᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ
  ᠨᠠᠮ ᠢ ᠴᠢᠩᠭ᠎ᠠ ᠵᠠᠰᠠᠬᠤ ᠳᠤ᠂ ᠡᠷᠬᠡᠪᠰᠢ ᠨᠠᠮ ᠢ ᠬᠠᠮᠢᠶᠠᠷᠬᠤ ᠨᠠᠮ ᠢ ᠵᠠᠰᠠᠬᠤ ᠤᠬᠠᠮᠰᠠᠷ ᠢ ᠴᠢᠩᠭᠠᠳᠬᠠᠵᠥ᠂ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠬᠠᠷᠢᠭᠤᠴᠠᠯᠭ᠎ᠠ ᠶᠢ ᠲᠤᠳᠤᠷᠬᠠᠢᠢᠯᠠᠬᠤ ᠦᠬᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠬᠡᠢ᠂ ᠬᠠᠷᠢᠭᠤᠴᠠᠯᠭ᠎ᠠ ᠨᠡᠬᠡᠮᠵᠢᠯᠡᠬᠦ ᠦᠬᠡᠢ ᠪᠤᠯ ᠨᠠᠮ ᠢ ᠴᠢᠩᠭ᠎ᠠ ᠵᠠᠰᠠᠵᠥ ᠴᠢᠳᠠᠬᠤ ᠦᠬᠡᠢ ᠶᠤᠮ ᠬᠡᠳᠡᠭ ᠢ ᠲᠡᠤᠬᠡ ᠪᠤᠯᠤᠨ ᠪᠤᠳᠠᠳᠤ ᠠᠬᠤᠢ ᠪᠦᠷ ᠪᠢᠳᠡᠨ ᠳᠤ ᠬᠡᠯᠡᠵᠥ ᠦᠭᠪᠡ᠃
  ︽ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠴᠢᠩᠭᠠᠳᠬᠠᠨ ᠰᠠᠶᠢᠵᠢᠷᠠᠭᠤᠯᠬᠤ ᠳᠤ᠂ ᠡᠷᠬᠡᠪᠰᠢ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠥ᠂ ᠬᠠᠷᠢᠭᠤᠴᠠᠯᠭ᠎ᠠ ᠶᠢᠨ ᠲᠦᠷᠢᠮ ᠬᠡᠬᠦ ᠡᠨᠡ ᠬᠦ ︿ᠵᠠᠩᠬᠢᠯᠠᠭ᠎ᠠ﹀ ᠶᠢ ᠰᠠᠶᠢᠳᠦᠷ ᠠᠳᠬᠤᠬᠤ  ᠬᠡᠷᠡᠭᠳᠡᠢ︾᠃ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠡᠯ ᠲᠡᠭᠡᠷ᠎ᠡ᠂ ᠶᠡᠷᠤᠩᠬᠡᠢ ᠱᠦᠵᠢ ᠰᠢ ᠶᠢᠨ ᠫᠢᠩ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠡᠯ᠎ᠡ ᠪᠠᠷ ᠨᠠᠶᠢᠳᠠᠪᠤᠷᠢᠵᠢᠭᠤᠯᠬᠤ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠴᠦ᠂ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠬᠤ ᠠᠵᠢᠯ ᠢ ᠬᠡᠨ ᠠᠳᠬᠤᠬᠤ᠂ ᠬᠡᠨ ᠬᠠᠷᠢᠭᠤᠴᠠᠬᠤ᠂ ᠬᠡᠨ ᠨᠢᠬᠡᠳᠤᠭᠡᠷ ᠬᠠᠷᠢᠭᠤᠴᠠᠯᠭᠠᠳᠠᠨ ᠪᠤᠯᠬᠤ ᠴᠢᠬᠤᠯᠠ ᠶᠡᠭᠡ ᠠᠰᠠᠭᠤᠳᠠᠯ ᠳᠤ ᠬᠠᠷᠢᠭᠤᠯᠳᠠ ᠦᠭᠭᠦᠭᠰᠡᠨ ᠪᠠ ᠴᠢᠬᠤᠯᠠᠴᠢᠯᠠᠬᠰᠠᠠ ᠪᠠᠶᠢᠨ᠎ᠠ᠃ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠥ᠂ ᠬᠠᠷᠢᠭᠤᠴᠠᠯᠭ᠎ᠠ ᠶᠢ ᠱᠠᠳᠤ ᠱᠠᠳᠤ ᠪᠠᠷ ᠤᠯᠠᠮᠵᠢᠯᠠᠬᠤ᠂ ᠲᠠᠷᠤᠯᠳᠠ ᠶᠢ ᠱᠠᠳᠤ ᠱᠠᠳᠤ ᠪᠠᠷ ᠲᠠᠮᠵᠢᠭᠤᠯᠬᠤ᠂ ᠡᠬᠦᠷᠬᠡ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ  ᠬᠡᠷᠡᠭᠳᠡᠢ᠃
  ᠡᠷᠭᠡ ᠪᠤᠯ ᠲᠠᠷᠤᠢ ᠬᠠᠷᠢᠭᠤᠴᠠᠯᠭ᠎ᠠ ᠮᠦᠨ᠂ ᠬᠠᠷᠢᠭᠤᠴᠠᠯᠭ᠎ᠠ ᠪᠤᠯ ᠲᠠᠷᠤᠢ ᠡᠬᠦᠷᠭᠡᠯᠡᠯ ᠮᠦᠨ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠡ ᠨᠠᠮ ᠤᠨ ᠪᠠᠶᠢᠭᠤᠯᠤᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠬᠰᠠᠨ ᠤ ᠨᠢᠭᠡ ᠴᠢᠬᠤᠯᠠ ᠲᠠᠯ᠎ᠡ ᠭᠡᠪᠡᠯ ︽ᠡᠯ᠎ᠡ ᠱᠠᠳᠤᠨ ᠤ ᠨᠠᠮ ᠤᠨ ᠬᠤᠷᠢᠶ᠎ᠡ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠰᠠᠶᠢᠳᠤᠷ ᠡᠬᠦᠷᠭᠡᠯᠡᠵᠦ ᠨᠠᠶᠢᠳᠠᠪᠤᠷᠢᠵᠢᠭᠤᠯᠬᠤ︾ ᠶᠢ ᠲᠤᠳᠤᠷᠬᠠᠢ ᠲᠤᠷᠠᠳᠤᠬᠰᠡᠨ ᠪᠦᠭᠡᠳ ᠨᠠᠮ ᠤᠨ ᠵᠤᠬᠢᠶᠠᠨ ᠪᠠᠶᠢᠭᠤᠯᠤᠯᠳᠠ ᠶᠢᠨ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠤᠶᠤ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠵᠡᠷᠭᠡ ᠬᠤᠯᠪᠤᠬᠳᠠᠯ ᠪᠦᠬᠦᠢ ᠪᠠᠶᠢᠳᠠᠯ ᠳᠤ ᠰᠠᠬᠢᠯᠭ᠎ᠠ ᠪᠠᠳᠤ ᠶᠢᠨ ᠰᠢᠢᠳᠬᠡᠯ ᠦᠭᠴᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠤᠶᠤ ᠵᠦᠪ ᠬᠦᠢᠴᠡᠳᠭᠡᠬᠦ ᠦᠭᠡᠢ ᠠᠴᠠ ᠪᠤᠯᠵᠤ ᠨᠠᠮ ᠤᠨ ᠤᠳᠤᠷᠢᠳᠤᠯᠭ᠎ᠠ ᠶᠢ ᠰᠤᠯᠠᠷᠠᠭᠤᠯᠵᠤ᠂ ᠨᠠᠮ ᠤᠨ ᠪᠠᠶᠢᠭᠤᠯᠤᠯᠳᠠ ᠶᠢ ᠲᠤᠳᠠᠭᠤᠳᠠᠭᠤᠯᠵᠤ᠂ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠠᠵᠢᠯ ᠢ ᠴᠢᠩᠭ᠎ᠠ ᠪᠢᠰᠢ ᠪᠤᠯᠭᠠᠬᠤ ᠵᠡᠷᠭᠡ ᠲᠤᠰᠢᠶᠠᠯ ᠳᠠᠭᠠᠨ ᠤᠰᠤᠯᠳᠠᠵᠤ ᠬᠠᠷᠢᠭᠤᠴᠠᠯᠭ᠎ᠠ ᠠᠯᠳᠠᠬᠰᠡᠨ ᠪᠠᠶᠢᠳᠠᠯ ᠳᠤ ᠬᠠᠷᠢᠭᠤᠴᠠᠯᠭ᠎ᠠ ᠲᠤᠯᠭᠠᠬᠤ ᠪᠠᠷ ᠲᠤᠭᠳᠠᠭᠰᠠᠠ ᠪᠠᠶᠢᠨ᠎ᠠ᠃ ︽ᠬᠠᠷᠢᠭᠤᠴᠠᠯᠭ᠎ᠠ ᠶᠢᠨ ᠲᠦᠷᠢᠮ︾ ᠬᠡᠬᠦ ᠡᠨᠡ ᠬᠦ ᠵᠠᠩᠭᠢᠯᠠᠭ᠎ᠠ ᠶᠢ ᠠᠳᠬᠤᠬᠤ ᠪᠤᠯ ᠲᠠᠷᠤᠢ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠱᠠᠭᠠᠷᠳᠠᠯᠭ᠎ᠠ᠂ ᠨᠠᠮ ᠤᠨ ᠲᠤᠳᠤᠭᠠᠳᠤ ᠶᠢᠨ ᠬᠠᠤᠯᠢ ᠲᠦᠷᠢᠮ ᠤᠨ ᠬᠠᠳᠠᠭᠤ ᠲᠤᠬᠳᠠᠭᠠᠯ ᠮᠦ᠋ᠨ᠂ ᠪᠠᠰᠠ ᠨᠠᠮ ᠤᠨ ᠪᠠᠶᠢᠭᠤᠯᠤᠯᠳᠠ ᠶᠢ ᠴᠢᠩᠭᠠᠳᠬᠠᠨ ᠰᠠᠶᠢᠵᠢᠷᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠦᠨ ᠭᠡᠵᠤ ᠬᠡᠯᠡᠵᠤ ᠪᠤᠯᠤᠨ᠎ᠡ᠃
   ︽ᠬᠠᠷᠢᠭᠤᠴᠠᠯᠭ᠎ᠠ ᠶᠢᠨ ᠲᠦᠷᠢᠮ︾ ᠬᠡᠬᠦ ᠡᠨᠡ ᠬᠦ ᠵᠠᠩᠭᠢᠯᠠᠭ᠎ᠠ ᠶᠢ ᠠᠳᠬᠤᠬᠤ ᠳᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠬᠤᠷᠢᠶ᠎ᠡ ᠠᠳᠬᠤᠵᠤ᠂ ᠱᠦᠵᠢ ᠠᠳᠬᠤᠵᠤ᠂ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠠᠳᠬᠤᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠲᠡᠰ ᠲᠡᠰ ᠢᠶᠠᠷ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠬᠦᠯᠬᠦ ᠭᠡᠷᠡᠭᠳᠠᠢ᠃ ᠡᠯ᠎ᠠ ᠱᠠᠳᠤᠨ ᠤ ᠨᠠᠮ ᠤᠨ ᠤᠳᠤᠷᠢᠳᠬᠤ ᠲᠤᠭᠤᠢᠢᠯᠠᠩ ︵ᠨᠠᠮ ᠤᠨ ᠬᠤᠷᠢᠶ᠎ᠠ︶ ᠤᠨ ᠬᠢᠨ ᠨᠠᠮ ᠤᠨ ᠤᠳᠤᠷᠢᠳᠬᠤ ᠲᠤᠭᠤᠢᠢᠯᠠᠩ ︵ᠨᠠᠮ ᠤᠨ ᠬᠤᠷᠢᠶ᠎ᠠ︶ ᠤᠨ ᠪᠠᠬ ᠲᠠᠭᠠᠭᠤᠯᠬᠤ᠂ ᠲᠡᠭᠡᠳᠦ ᠱᠠᠳᠤ ᠨᠢ ᠲᠤᠤᠷᠠᠳᠦ ᠱᠠᠳᠤ ᠪᠠᠨ ᠲᠠᠭᠠᠭᠤᠯᠬᠤ᠂ ᠪᠠᠶᠢᠭᠤᠯᠭ᠎ᠠ ᠪᠠᠷ ᠰᠢᠰᠲ᠋ᠧᠮ ᠢ ᠲᠠᠶᠢᠴᠢᠯᠠᠬᠤ ᠶᠢ ᠪᠠᠷᠢᠮᠳᠠᠯᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠦᠴᠦᠷᠭᠡᠭ ᠶᠡᠭᠡ ᠬᠠᠮᠳᠤᠷᠠᠯ ᠬᠦᠴᠤᠨ ᠢ ᠪᠦᠷᠢᠯᠳᠤᠬᠦᠯᠬᠦ ᠭᠡᠷᠡᠭᠳᠠᠢ︔ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠠᠳᠬᠤᠬᠤ ᠨᠢ ᠬᠠᠷᠢᠭᠤᠴᠠᠯᠭ᠎ᠠ ᠪᠠᠨ ᠬᠦᠢᠴᠡᠳᠭᠡᠭᠰᠡᠨ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠦᠯᠤ ᠠᠳᠬᠤᠬᠤ ᠨᠢ ᠬᠠᠷᠢᠭᠤᠴᠠᠯᠭ᠎ᠠ ᠪᠠᠨ ᠠᠯᠳᠠᠬᠰᠠᠨ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠰᠠᠶᠢᠨ ᠠᠳᠬᠤᠬᠰᠠᠨ ᠦᠬᠡᠢ ᠨᠢ ᠲᠤᠰᠢᠶᠠᠯ ᠢᠶᠠᠨ ᠭᠤᠳᠤᠭᠠᠬᠰᠠᠨ ᠬᠡᠬᠦ ᠤᠢᠢᠯᠠᠭᠠᠭᠳᠠᠬᠤᠨ ᠢ ᠴᠢᠩᠭᠠᠳᠬᠠᠵᠤ᠂ ︽ᠱᠦᠵᠢ ᠠᠳᠬᠤᠵᠤ᠂ ᠱᠦᠵᠢ ᠶᠢ ᠠᠳᠬᠤᠬᠤ︾ ᠶᠢ ᠪᠠᠷᠢᠮᠳᠠᠯᠠᠵᠤ᠂ ᠤᠳᠤᠷᠢᠳᠬᠤ ᠪᠠᠬ ᠤᠨ ᠪᠦᠷᠢᠯᠳᠤᠬᠦᠨ ᠪᠤᠯᠤᠨ ᠡᠯ᠎ᠠ ᠱᠠᠳᠤᠨ ᠤ ᠤᠳᠤᠷᠢᠳᠬᠤ ᠺᠠᠳ᠋ᠷ ︽ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠪᠠᠨ ᠬᠦᠢᠴᠡᠳᠬᠡᠵᠤ᠂ ᠬᠠᠷᠢᠭᠤᠴᠠᠯᠭ᠎ᠠ ᠪᠠᠨ ᠳᠤᠳᠤᠷᠬᠠᠢᠢᠯᠠᠵᠤ᠂ ᠬᠠᠷᠢᠭᠤᠴᠠᠯᠭ᠎ᠠ ᠪᠠᠨ ᠭᠡᠷᠡᠭᠵᠢᠬᠦᠯᠵᠤ᠂ ᠬᠠᠷᠢᠭᠤᠴᠠᠯᠭ᠎ᠠ ᠪᠠᠨ ᠬᠦᠢᠴᠡᠳᠬᠡᠬᠦ ᠭᠡᠷᠡᠭᠳᠠᠢ᠃ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠢ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠬᠦᠯᠵᠤ᠂ ᠡᠬᠦᠷᠬᠡ ᠴᠢᠳᠠᠪᠬᠢ ᠶᠢᠨ ᠤᠢᠢᠯᠡᠳᠤᠯ ᠢᠶᠠᠨ ᠦᠨᠡᠨ ᠬᠦ ᠪᠠᠳᠠᠷᠠᠭᠤᠯᠬᠤ ᠭᠡᠷᠡᠭᠳᠠᠢ᠃
  ︽ᠬᠠᠷᠢᠭᠤᠴᠠᠯᠭ᠎ᠠ ᠶᠢᠨ ᠲᠦᠷᠢᠮ︾ ᠬᠡᠬᠦ ᠡᠨᠡ ᠬᠦ ᠵᠠᠩᠬᠢᠯᠠᠭ᠎ᠠ ᠶᠢ ᠠᠳᠬᠤᠬᠤ ᠳᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠤᠨ ᠠᠬᠢᠭᠤᠯᠬᠤ ᠲᠤᠭᠳᠠᠴᠠ ᠶᠢ ᠲᠡᠬᠦᠯᠳᠡᠷᠵᠢᠬᠦᠯᠵᠤ᠂ ᠨᠠᠮ ᠤᠨ ᠲᠦᠷᠤ ᠪᠠᠷᠢᠬᠤ ᠪᠠᠶᠢᠷᠢ ᠰᠠᠭᠤᠷᠢ ᠶᠢ ᠪᠠᠳᠤᠳᠬᠠᠬᠤ ᠶᠡᠭᠡ ᠲᠠᠯ᠎ᠠ ᠠᠴᠠ ᠠᠰᠠᠭᠤᠳᠠᠯ ᠢ ᠦᠵᠡᠬᠦ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠳᠠ ᠶᠢ ᠰᠠᠶᠢᠳᠤᠷ ᠠᠳᠬᠤᠬᠤ ᠶᠢ ᠬᠠᠮᠤᠬ ᠤᠨ ᠶᠡᠭᠡ ᠠᠵᠢᠯ ᠤᠨ ᠠᠮᠵᠢᠯᠳᠠ ᠪᠤᠯᠭᠠᠬᠤ ᠭᠡᠷᠡᠭᠳᠠᠢ᠃ ᠲᠦᠪ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠬᠢᠨ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠲᠤᠭᠳᠠᠬᠰᠠᠨ ᠬᠤᠭᠤᠴᠠᠭ᠎ᠠ ᠲᠠᠢ ᠪᠠᠷ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠬᠤᠯᠪᠤᠬᠳᠠᠯ ᠪᠦᠬᠦᠢ ᠠᠰᠠᠭᠤᠳᠠᠯ ᠢ ᠴᠠᠬ ᠲᠤᠬᠠᠢ ᠳᠤᠨᠢ ᠰᠤᠳᠤᠯᠤᠨ ᠰᠢᠢᠳᠪᠤᠷᠢᠯᠠᠬᠦ ᠭᠡᠷᠡᠭᠳᠠᠢ᠃ ᠲᠦᠪ ᠤᠨ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠦᠪᠡᠷ ᠦᠪᠡᠷ ᠤᠨ ᠬᠠᠷᠢᠭᠤᠴᠠᠯᠭ᠎ᠠ ᠪᠠᠨ ᠬᠦᠢᠴᠡᠳᠬᠡᠵᠤ᠂ ᠨᠢᠬᠳᠠ ᠬᠠᠮᠵᠢᠯᠴᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠠᠳᠬᠤᠬᠤ ᠬᠠᠮᠳᠤᠷᠠᠯ ᠬᠦᠴᠤᠨ ᠢ ᠪᠦᠷᠢᠯᠳᠤᠬᠦᠯᠬᠦ ᠭᠡᠷᠡᠭᠳᠠᠢ᠃ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠨᠢ ᠨᠠᠮ ᠤᠨ ᠲᠦᠪ ᠬᠤᠷᠢᠶᠠᠨ ᠤ ᠲᠤᠮᠢᠯᠠᠬᠰᠠᠨ ᠪᠠᠶᠢᠭᠤᠯᠤᠮᠵᠢ ᠪᠤᠯᠤᠬᠰᠠᠨ ᠤ ᠬᠤᠪᠢ ᠳᠤ᠂ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠵᠤ᠂ ᠴᠢᠳᠠᠪᠤᠷᠢ ᠶᠢᠨ ᠲᠦᠪᠰᠢᠨ ᠢᠶᠠᠨ ᠲᠡᠭᠡᠭᠰᠢᠯᠡᠬᠦᠯᠵᠤ᠂ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠨᠠᠮ ᠤᠨ ᠠᠵᠢᠯ ᠢ ᠨᠢᠬᠡᠳᠤᠯᠳᠠᠢ ᠤᠳᠤᠷᠢᠳᠬᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠤ᠂ ᠡᠯ᠎ᠠ ᠰᠠᠯᠠᠭ᠎ᠠ ᠮᠦᠴᠢᠷ ᠤᠨ ᠨᠠᠮ ᠤᠨ ᠤᠳᠤᠷᠢᠳᠬᠤ ᠲᠤᠭᠤᠢᠢᠯᠠᠩ ︵ᠨᠠᠮ ᠤᠨ ᠬᠤᠷᠢᠶ᠎ᠠ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ ᠱᠠᠯᠠᠪᠳᠠᠭᠤᠯᠤᠨ ᠱᠠᠭᠠᠷᠳᠠᠬᠤ ᠭᠡᠷᠡᠭᠳᠠᠢ᠃
  ︽ᠬᠠᠷᠢᠭᠤᠴᠠᠯᠭ᠎ᠠ ᠶᠢᠨ ᠳᠦᠷᠢᠮ︾ ᠬᠡᠬᠦ ᠡᠨᠡ ᠬᠦ ᠵᠠᠩᠭᠢᠯᠠᠭ᠎ᠠ ᠶᠢ ᠠᠳᠬᠤᠬᠤ ᠳᠤ᠂ ᠨᠠᠮ ᠤᠨ ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠪ ᠴᠢᠨᠠᠷ ᠰᠠᠶᠢᠳᠠᠢ ᠪᠠᠶᠢᠭᠤᠯᠭ᠎ᠠ ᠶᠢᠨ ᠨᠠᠮ ᠤᠨ ᠠᠵᠢᠯ ᠤᠨ ᠠᠵᠢᠯᠲᠠᠨ ᠤ ᠡᠩᠨᠡᠭᠡ ᠶᠢ ᠪᠠᠶᠢᠭᠤᠯᠬᠤ ᠶᠠᠪᠤᠳᠠᠯ ᠢ ᠴᠢᠬᠤᠯᠠ ᠡᠭᠦᠷᠭᠡ ᠪᠤᠯᠭᠠᠨ ᠠᠳᠬᠤᠬᠤ ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠵᠠᠩᠬᠢᠯᠠᠭ᠎ᠠ ᠨᠢ ᠬᠦᠮᠦᠨ ᠳᠤ ᠪᠤᠢ᠃ ᠰᠢᠨ᠎ᠡ ᠴᠠᠬ ᠦᠶ᠎ᠡ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠳᠤᠷ ᠬᠢᠬᠦ ᠳᠤ᠂ ᠬᠡᠪ ᠴᠢᠨᠠᠷ ᠰᠠᠶᠢᠳᠠᠢ ᠲᠤᠰᠬᠠᠢᠢᠵᠢᠬᠰᠠᠨ ᠨᠠᠮ ᠤᠨ ᠠᠵᠢᠯ ᠤᠨ ᠺᠠᠳ᠋ᠷ ᠤᠨ ᠡᠩᠨᠡᠭᠡ ᠠᠴᠠ ᠰᠠᠯᠵᠤ ᠪᠤᠯᠤᠰᠢ ᠦᠭᠡᠢ ᠶᠤᠮ᠃ ᠤᠯᠤᠰ ᠲᠦᠷᠦ ᠪᠠᠳᠦ ᠴᠢᠩᠭ᠎ᠠ᠂ ᠲᠤᠬᠠᠢᠢᠯᠠᠬᠰᠠᠨ ᠠᠵᠢᠯ ᠳᠠᠭᠠᠨ ᠰᠢᠯᠭᠠᠷᠠᠬᠰᠠᠨ᠂ ᠰᠤᠷᠲᠠᠯ ᠰᠠᠶᠢᠨ ᠺᠠᠳ᠋ᠷ ᠢ ᠭᠤᠤᠯᠳᠠᠯᠭ᠎ᠠ ᠲᠠᠢ ᠰᠤᠩᠭᠤᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠢᠯᠭᠡᠵᠦ᠂ ᠨᠠᠮ ᠤᠨ ᠠᠵᠢᠯ ᠤᠨ ᠺᠠᠳ᠋ᠷ ᠪᠠ ᠲᠤᠰᠬᠠᠢᠢᠵᠢᠬᠰᠠᠨ ᠠᠵᠢᠯ ᠤᠨ ᠺᠠᠳ᠋ᠷ ᠤᠨ ᠰᠤᠯᠢᠯᠴᠠᠭ᠎ᠠ ᠶᠢ ᠠᠬᠢᠭᠤᠯᠵᠤ᠂ ᠨᠠᠮ ᠤᠨ ᠠᠵᠢᠯ ᠢ ᠠᠵᠢᠯ ᠦᠢᠯᠡᠰ ᠪᠦᠲᠦᠭᠡᠬᠦ ᠮᠦᠷᠲᠡᠭᠡᠨ ᠪᠠᠰᠠ ᠴᠢᠳᠠᠪᠤᠷᠢᠲᠡᠨ ᠬᠦᠮᠦᠵᠢᠭᠦᠯᠬᠦ ᠠᠵᠢᠯ ᠪᠤᠯᠭᠠᠬᠤ ᠬᠡᠷᠡᠭᠲᠡᠢ᠃ ᠲᠤᠰᠬᠠᠢ ᠲᠤᠰᠢᠶᠠᠯ ᠪᠤᠯᠤᠨ ᠲᠤᠰᠢᠶᠠᠯ ᠬᠠᠪᠰᠤᠷᠭᠠᠬᠰᠠᠨ ᠨᠠᠮ ᠤᠨ ᠠᠵᠢᠯ ᠤᠨ ᠺᠠᠳ᠋ᠷ ᠤᠨ ᠬᠦᠮᠦᠵᠢᠯ ᠪᠤᠯᠪᠠᠰᠤᠷᠠᠯ ᠢ ᠴᠢᠩᠭᠠᠳᠬᠠᠨ ᠰᠠᠶᠢᠵᠢᠷᠠᠭᠤᠯᠵᠤ᠂ ᠬᠡᠪ ᠴᠢᠨᠠᠷ ᠴᠢᠳᠠᠪᠤᠷᠢ ᠶᠢ ᠨᠢ ᠳᠡᠭᠡᠭᠰᠢᠯᠡᠭᠦᠯᠵᠦ᠂ ᠨᠠᠮ ᠤᠨ ᠠᠵᠢᠯ ᠤᠨ ᠺᠠᠳ᠋ᠷ ᠢ ᠤᠯᠤᠰ ᠲᠦᠷᠦ ᠶᠢᠨ ᠲᠠᠯ᠎ᠠ ᠶᠢᠨ ᠮᠡᠷᠭᠡᠨ ᠬᠦᠮᠦᠨ᠂ ᠨᠠᠮ ᠤᠨ ᠪᠠᠶᠢᠭᠤᠯᠤᠯᠲᠠ ᠶᠢᠨ ᠠᠵᠢᠯ ᠳᠤ ᠴᠠᠭᠠᠷᠠᠭᠰᠠᠠ᠂ ᠺᠠᠳ᠋ᠷ ᠠᠵᠢᠯᠲᠠᠳ ᠤᠨ ᠰᠡᠳᠭᠢᠯ ᠢ ᠮᠡᠳᠡᠭᠴᠢ ᠪᠤᠯᠭᠠᠨ ᠬᠦᠮᠦᠵᠢᠭᠦᠯᠬᠦ ᠬᠡᠷᠡᠭᠲᠡᠢ᠃
  ︽ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ︾ ᠭᠡᠳᠡᠭ ᠶᠤᠮ᠃ ᠡᠭᠦᠷᠭᠡ ᠬᠠᠷᠢᠭᠤᠴᠠᠯᠭ᠎ᠠ ᠶᠢ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠡᠭᠦᠷᠭᠡᠯᠡᠬᠦ ᠪᠤᠯ ᠦᠶ᠎ᠡ ᠦᠶ᠎ᠡ ᠶᠢᠨ ᠡᠪ ᠬᠠᠮᠲᠤᠴᠤᠳ ᠤᠨ ᠤᠯᠠᠮᠵᠢᠯᠠᠨ ᠵᠠᠯᠭᠠᠮᠵᠢᠯᠠᠬᠤ ᠤᠶᠤᠨ ᠰᠠᠨᠠᠭᠠᠨ ᠤ ᠵᠠᠩ ᠰᠤᠷᠳᠠᠯ ᠮᠦᠨ᠂ ᠪᠠᠰᠠ ᠴᠤ ᠮᠠᠨ ᠤ ᠡᠨᠡ ᠬᠦ ᠡᠩᠨᠡᠭᠡ ᠶᠢᠨ ᠤᠨᠴᠠ ᠴᠢᠳᠠᠮᠠᠭᠠᠢ ᠪᠠᠶᠢᠯᠳᠤᠵᠤ ᠴᠢᠳᠠᠬᠤ ᠬᠦᠴᠦᠨ ᠮᠦᠨ᠃ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠪᠠᠯ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠡᠮᠦᠨ᠎ᠡ ᠡᠩᠨᠡᠭᠡᠨ ᠳᠤ ᠬᠤᠰᠢᠭᠤᠷᠠᠵᠤ᠂ ᠦᠯᠢᠭᠡᠷ ᠳᠠᠭᠤᠷᠢᠶᠠᠯ ᠪᠤᠯᠵᠤ᠂ ᠨᠠᠮ ᠤᠨ ᠲᠦᠪ ᠬᠤᠷᠢᠶᠠᠨ ᠤ ᠢᠳᠡᠭᠡᠯ ᠢ ᠤᠯᠵᠤ᠂ ᠠᠷᠠᠳ ᠲᠦᠮᠡᠨ ᠳᠤ ᠲᠠᠭᠠᠰᠢᠶᠠᠬᠳᠠᠬᠤ ᠪᠤᠯᠤᠨ᠎ᠠ᠃ ᠵᠣᠬᠢᠶᠠᠭᠴᠢ᠄  ᠠᠷᠠᠳ ᠤᠨ ᠡᠳᠤᠷ ᠤᠨ ᠰᠤᠨᠢᠨ ᠤ ᠰᠢᠬᠦᠮᠵᠢᠯᠡᠭᠴᠢ 

   



  
     
     