 

ᠮᠠᠯ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ ᠪᠠᠶᠢᠭ᠎ᠠ ᠪᠤᠳᠠᠳᠤ ᠳᠡᠮᠳᠡᠭᠯᠡᠯ

2019-11-02 19:38
  209
  0
ᠡᠭᠡ ᠪᠠᠶᠢᠭᠠᠯᠢ ᠪᠠᠨ ᠳᠡᠭᠡᠳᠦᠯᠡᠭᠰᠡᠨ ᠮᠠᠯᠵᠢᠯ ᠠᠮᠢᠳᠤᠷᠠᠯ ᠤᠨ ᠪᠠᠭ᠋ᠠᠷᠬᠠᠯ — ᠵᠠᠷᠤᠳ ᠬᠤᠰᠢᠭᠤᠨ ᠤ ᠠᠮᠢ ᠠᠬᠤᠢ ᠶᠢ ᠬᠠᠮᠠᠭᠠᠯᠠᠵᠦ ᠮᠠᠯ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ ᠪᠠᠶᠢᠭ᠎ᠠ ᠪᠤᠳᠠᠳᠤ ᠳᠡᠮᠳᠡᠭᠯᠡᠯ
 
   ᠨᠠᠷᠠ ᠨᠢ ᠳᠡᠭᠷᠢ ᠳᠡᠭᠡᠨ ᠮᠦᠰᠢᠶᠠᠨ᠂ ᠨᠠᠪᠴᠢ ᠨᠢ ᠳᠠᠯ᠎ᠠ ᠳᠠᠭᠠᠨ ᠪᠦᠵᠢᠭᠯᠡᠭᠰᠡᠨ ᠳᠡᠯᠭᠡᠷ ᠵᠤᠨ ᠤ ᠵᠠᠷᠤᠳ ᠨᠤᠳᠤᠭ ᠬᠤᠷ᠎ᠠ ᠪᠤᠷᠤᠭᠠᠨ ᠤ ᠠᠷᠢᠭᠤᠰᠬᠠᠯ ᠳᠤ ᠴᠡᠴᠡᠭᠡᠰ ᠨᠠᠪᠴᠢ ᠦᠩᠭᠡᠵᠢᠨ᠂ ᠡᠪᠡᠰᠣ ᠪᠡᠯᠴᠢᠬᠡᠷ ᠦᠳᠭᠡᠷᠡᠨ ᠰᠢᠮᠡᠵᠢᠬᠡᠳ᠂ ᠳᠡᠷᠳᠡᠭᠡ ᠬᠤᠯᠠ ᠶᠢᠨ ᠮᠢᠷᠠᠯᠵᠠᠨ ᠤᠷᠤᠰᠤᠭ᠎ᠠ ᠨᠤᠳᠤᠭ ᠤᠨ ᠭᠤᠤᠯ ᠤᠨ ᠳᠡᠨᠵᠢᠨ ᠳᠠᠬᠢ ᠴᠢᠬᠢᠭ ᠲᠠᠲᠠᠭᠰᠠᠨ ᠠᠭᠠᠷ ᠲᠤ ᠦᠭᠡᠷ ᠠᠳᠤᠭᠤᠳ ᠪᠡᠯᠴᠢᠨ ᠳᠠᠷᠬᠠᠵᠤ᠂ ᠨᠤᠮᠢᠨ ᠨᠤᠭᠤᠭᠠᠨ ᠢᠶᠠᠷ ᠬᠤᠴᠢᠭᠳᠠᠭᠰᠠᠨ ᠰᠦᠷᠯᠢᠭ ᠠᠭᠤᠯᠠᠰ ᠲᠠᠢ ᠨᠡᠶᠢᠯᠡᠭᠰᠡᠨ ᠬᠦᠳᠡᠭᠡ ᠨᠤᠳᠤᠭ ᠤᠨ ᠭᠤᠶᠢᠳᠠ ᠭᠤᠶᠤᠮᠰᠤᠭ ᠵᠢᠷᠤᠭ ᠴᠦ ᠬᠡᠮᠡᠷᠬᠡᠨ᠃ 

   ᠦᠵᠡᠰᠭᠦᠯᠡᠩᠳᠦ ᠰᠠᠶᠢᠬᠠᠨ ᠵᠠᠷᠤᠳ ᠨᠤᠳᠤᠭ ᠤᠨ ᠬᠡᠳᠤᠨ ᠮᠠᠯᠵᠢᠬᠤ ᠰᠤᠮᠤ ᠪᠠᠷ ᠰᠤᠷᠪᠤᠯᠵᠢᠯᠠᠨ ᠶᠠᠪᠤᠵᠤ᠂ ᠬᠦᠩᠭᠡᠨ ᠮᠠᠰᠢᠨ ᠢᠶᠠᠷ ᠠᠭᠤᠳᠠᠮ ᠳᠠᠯ᠎ᠠ ᠶᠢᠨ ᠳᠤᠮᠳᠠᠭᠤᠷ᠂ ᠠᠭᠤᠯᠠ ᠬᠠᠳᠠ ᠶᠢᠨ ᠬᠤᠷᠮᠤᠢ ᠪᠠᠷ ᠳᠠᠪᠬᠢᠭᠤᠯᠤᠨ ᠦᠩᠭᠡᠷᠡᠭᠦ ᠦᠶ᠎ᠡ ᠳᠤ ᠦᠭᠡᠷ ᠠᠳᠤᠭᠤᠳ ᠳᠠᠯ᠎ᠠ ᠲᠦᠭᠦᠷᠡᠩ ᠪᠡᠯᠴᠢᠭᠡ ᠲᠠᠢ ᠪᠠᠶᠢᠭᠰᠠᠨ ᠴᠦ ᠬᠤᠨᠢ ᠢᠮᠠᠭᠠᠳ ᠶᠠᠭ ᠬᠠᠷᠠᠭᠳᠠᠭᠰᠠᠨ ᠦᠭᠡᠢ᠂ ︽ᠠᠮᠢ ᠠᠬᠤᠢ ᠶᠢ ᠰᠠᠶᠢᠵᠢᠷᠠᠭᠤᠯᠬᠤ ᠶᠢᠨ ᠳᠤᠰᠠᠳᠠ ᠵᠠᠷᠤᠳ ᠤᠨ ᠬᠤᠶᠢᠳᠤ ᠬᠡᠰᠡᠭ ᠤᠨ ᠲᠦᠷᠪᠡᠨ ᠰᠤᠮᠤᠨ ᠳᠤ ᠪᠤᠭ ᠮᠠᠯ ᠢ ᠪᠦᠬᠦ ᠵᠢᠯ ᠢᠶᠠᠷ ᠬᠠᠰᠢᠶᠠᠯᠠᠭᠤᠯᠵᠤ ᠪᠠᠶᠢᠨ᠎ᠠ︾ ᠭᠡᠵᠤ ᠬᠠᠮᠳᠤ ᠶᠠᠪᠤᠭ᠎ᠠ ᠬᠤᠰᠢᠭᠤᠨ ᠤ ᠤᠬᠠᠭᠤᠯᠬᠤ ᠬᠡᠯᠳᠡᠰ ᠤᠨ ᠺᠠᠳ᠋ᠷ ᠤᠨ ᠶᠠᠷᠢᠶ᠎ᠠ ᠪᠠᠷ ᠮᠢᠨᠦ ᠭᠠᠶᠢᠬᠠᠰᠢᠷᠠᠯ ᠳᠠᠶᠢᠯᠤᠭᠳᠠᠵᠤ ᠪᠢᠯᠡ᠃ ᠵᠠᠷᠤᠳ ᠬᠤᠰᠢᠭᠤ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠰᠠᠶᠢᠨ ᠡᠭᠦᠯᠳᠡᠷ ᠤᠨ ᠦᠭᠡᠷ ᠳᠡᠵᠢᠭᠡᠭᠦ ᠶᠢ ᠵᠤᠷᠢᠭᠵᠢᠭᠤᠯᠤᠭᠰᠠᠨ ᠠᠮᠢ ᠠᠬᠤᠢ ᠶᠢᠨ ᠮᠠᠯ ᠠᠵᠤ ᠠᠬᠤᠢ ᠶᠢ ᠬᠦᠭᠵᠢᠭᠦᠯᠵᠤ ᠪᠠᠶᠢᠭ᠎ᠠ ᠨᠢ ᠡᠨᠡ ᠪᠠᠶᠢᠵᠠᠢ᠃

   ᠬᠦᠮᠦᠨ ᠪᠠᠶᠢᠭᠠᠯᠢ ᠠᠭᠤᠰᠤᠯᠴᠠᠭᠰᠠᠨ ᠨᠡᠭᠦᠳᠡᠯ ᠮᠠᠯᠵᠢᠯ

   ᠬᠦᠮᠦᠨ ᠤ ᠰᠠᠶᠢᠬᠠᠨ ᠰᠡᠳᠬᠢᠯ ᠳᠡᠭᠡᠨ ᠪᠠᠶᠢᠳᠠᠭ᠂ ᠬᠦᠳᠡᠭᠡ ᠶᠢᠨ ᠰᠠᠶᠢᠬᠠᠨ ᠨᠢ ᠵᠤᠰᠠᠯᠠᠩ ᠳᠠᠭᠠᠨ ᠪᠠᠶᠢᠳᠠᠭ᠃ ᠡᠨᠡ ᠵᠤᠨ ᠤ ᠳᠡᠯᠭᠡᠷ ᠰᠡᠶᠢᠬᠠᠨ ᠤᠯᠠᠷᠢᠯ ᠳᠤ᠂ ᠳᠤᠰ ᠬᠤᠰᠢᠭᠤᠨ ᠤ ᠬᠡᠷᠴᠢᠯᠠᠭᠤ ᠰᠤᠮᠤᠨ ᠤ ᠬᠤᠤᠯᠢᠡ ᠭᠤᠤᠯ ᠤᠨ ᠵᠤᠰᠠᠯᠠᠩ — ᠳᠡᠭᠡ ᠶᠢᠨ ᠬᠠᠨ ᠠᠭᠤᠯᠠᠨ ᠤ ᠠᠷᠤ᠂ ᠡᠩᠭᠡᠷ ᠪᠤᠯᠠᠭ ᠭᠤᠤᠯ ᠤᠨ ᠳᠡᠨᠵᠢᠨ ᠳᠤ᠂ ᠲᠠᠨᠠᠨ ᠴᠠᠭᠠᠨ ᠮᠤᠩᠭᠤᠯ ᠭᠡᠷ ᠴᠠᠶᠢᠯᠵᠠᠨ᠂ ᠳᠡᠷᠳᠡᠭᠡ ᠮᠠᠩᠨᠤᠭ ᠨᠤᠭᠤᠭᠠᠨ ᠲᠠᠯ᠎ᠠ ᠳᠤᠨᠢ ᠰᠦᠷᠦᠭ ᠰᠦᠷᠦᠭ ᠦᠭᠡᠷ ᠤᠨ ᠳᠤᠮᠳᠠᠭᠤᠷ ᠴᠦᠭᠡᠨ ᠬᠡᠳᠤᠨ ᠬᠤᠨᠢᠨ ᠰᠦᠷᠦᠭ ᠴᠠᠶᠢᠷᠠᠨ ᠪᠡᠯᠴᠢᠨ᠎ᠡ᠃ ︽ᠡᠨᠡ ᠵᠢᠯ ᠤᠨ ᠨᠠᠷᠠ ᠬᠤᠷ᠎ᠠ ᠳᠡᠩᠴᠡᠵᠤ᠂ ᠬᠤᠷ᠎ᠠ ᠪᠤᠷᠤᠭᠠᠨ ᠦᠩᠬᠡᠷᠡᠭᠰᠡᠨ ᠵᠢᠯ ᠤᠳ ᠠᠴᠠ ᠡᠷᠳᠡ ᠪᠠᠭᠤᠵᠤ᠂ ᠡᠪᠡᠰᠤ ᠪᠡᠯᠴᠢᠭᠡᠷ ᠤᠨ ᠤᠷᠭᠤᠴᠠ ᠤᠨᠴᠠ ᠶᠢᠨ ᠰᠠᠶᠢᠨ ᠪᠤᠯᠬᠤᠷ ᠵᠤᠰᠠᠯᠠᠩ ᠳᠤ ᠭᠠᠷᠤᠭᠰᠠᠨ ᠮᠠᠯ ᠤᠨ ᠳᠠᠷᠭᠤ ᠬᠦᠴᠦ ᠳᠤ ᠳᠤᠩ ᠰᠠᠶᠢᠨ ᠪᠤᠯᠵᠠᠢ︾ ᠭᠡᠵᠤ 9 ᠰᠠᠷ᠎ᠠ ᠶᠢᠨ ᠬᠤᠷᠢᠳ ᠢᠶᠠᠷ ᠬᠡᠷᠴᠢᠯᠡᠭᠤ ᠰᠤᠮᠤᠨ ᠤ ᠬᠠᠷᠠᠵᠢ ᠭᠠᠴᠠᠭᠠᠨ ᠤ ᠰᠠᠭᠤᠷᠢᠰᠢᠯ ᠳᠠᠭᠠᠨ ᠪᠤᠴᠠᠵᠤ ᠢᠷᠡᠭᠰᠡᠨ ᠮᠠᠯᠴᠢᠨ ᠬᠤᠤᠰᠪᠠᠶᠠᠷ ᠮᠠᠩᠯᠠᠢ ᠳᠡᠨᠢᠢᠨ ᠪᠠᠶᠠᠰᠤᠨ᠎ᠠ᠃
   ᠡᠪᠦᠭᠡ ᠳᠡᠭᠡᠳᠦᠰ ᠤᠨ ᠤᠯᠠᠮᠵᠢᠯᠠᠯ ᠢᠶᠠᠨ ᠤᠯᠠᠮᠵᠢᠯᠠᠨ᠂ ᠡᠭᠡ ᠪᠠᠶᠢᠭᠠᠯᠢ ᠪᠠᠨ ᠳᠡᠭᠡᠳᠦᠯᠡᠨ᠂ ᠨᠡᠭᠦᠳᠡᠯᠯᠡᠨ ᠤᠳᠤᠷᠯᠠᠵᠤ ᠨᠤᠳᠤᠭ ᠪᠡᠯᠴᠢᠭᠡᠷ ᠢ ᠰᠡᠷᠭᠦᠨ ᠠᠮᠠᠷᠠᠭᠤᠯᠬᠤ ᠶᠢ ᠡᠷᠬᠢᠮᠯᠡᠳᠡᠭ ᠮᠠᠯᠴᠢᠨ ᠬᠤᠤᠰᠪᠠᠶᠠᠷ ᠡᠨᠡ ᠵᠢᠯ ᠤᠤᠯ ᠤᠨ ᠪᠠᠶᠢᠬᠰᠡᠨ 200 ᠬᠤᠨᠢ ᠪᠠᠨ ᠬᠤᠳᠡᠯᠳᠤᠵᠤ᠂ ᠱᠦᠯᠦ ᠤᠤᠭᠤᠬᠤ ᠴᠦᠬᠡᠪᠦᠷᠢ ᠶᠢᠨ ᠬᠡᠳᠤᠨ ᠬᠤᠨᠢ ᠪᠠ ᠬᠡᠳᠤᠨ ᠠᠷᠪᠠᠨ ᠦᠭᠡᠷ ᠢᠶᠠᠨ ᠪᠤᠰᠤᠳ ᠤᠨ ᠰᠦᠷᠦᠭ ᠲᠤ ᠨᠡᠶᠢᠯᠡᠭᠦᠯᠦᠨ᠂ 6 ᠰᠠᠷ᠎ᠠ ᠶᠢᠨ 1 ᠳᠤ ᠮᠤᠷᠳᠠᠨ᠂ ᠬᠠᠩᠭᠠᠢ ᠳᠠᠪᠠᠭ᠎ᠠ ᠶᠢ ᠳᠠᠪᠠᠨ᠂ ᠳᠡᠭᠡ ᠶᠢᠨ ᠬᠠᠨ ᠠᠭᠤᠯᠠ ᠶᠢᠨ ᠬᠠᠪᠴᠢᠯ ᠢᠶᠠᠷ ᠦᠩᠭᠡᠷᠡᠨ᠂ ᠭᠠᠨᠵᠤᠤᠷ ᠤᠪᠤᠭᠠᠨ ᠳᠠᠭᠠᠨ ᠵᠠᠯᠪᠢᠷᠠᠨ ᠳᠠᠭᠠᠳᠬᠠᠵᠤ᠂ ᠮᠡᠯᠡᠭᠡᠶᠢᠳᠤ ᠶᠢᠨ ᠳᠠᠯ᠎ᠠ ᠶᠢ ᠳᠤᠭᠤᠯᠤᠨ᠂ ᠠᠰ ᠤᠨ ᠳᠠᠪᠠᠭ᠎ᠠ ᠶᠢ ᠲᠡᠪᠠᠨ᠂ 150 ᠭᠠᠷᠤᠢ ᠺᠢᠯᠦᠮᠧᠳ᠋ᠷ ᠤᠨ ᠵᠠᠮ ᠢ ᠭᠤᠷᠪᠠ ᠲᠦᠷᠪᠡᠨ ᠡᠳᠦᠷ ᠠᠶᠠᠯᠠᠨ ᠪᠠᠶᠢᠵᠤ ᠬᠤᠤᠯᠢᠨ ᠭᠤᠤᠯ ᠤᠨ ᠵᠤᠰᠠᠯᠠᠩ ᠳᠠᠬᠢ ᠡᠩᠬᠡᠷ ᠪᠤᠯᠠᠭ ᠨᠤᠳᠤᠭ ᠲᠠᠭᠠᠨ ᠢᠷᠡᠵᠤ ᠲᠦᠷᠪᠡᠨ ᠰᠠᠷ᠎ᠠ ᠰᠢᠬᠠᠮ ᠤᠨ ᠬᠤᠭᠤᠴᠠᠭ᠎ᠠ ᠲᠠᠢ ᠵᠤᠰᠠᠵᠠᠢ᠃
   ᠵᠠᠷᠤᠳ ᠬᠤᠰᠢᠭᠤᠨ ᠤ ᠭᠡᠷᠴᠢᠯᠠᠭᠤ ᠰᠤᠮᠤ ᠨᠤᠳᠤᠭ ᠪᠡᠯᠴᠢᠭᠡᠷ ᠢᠶᠠᠨ ᠡᠷᠤᠭᠡ ᠳᠤ ᠲᠠᠭᠠᠭᠠᠴᠢᠯᠠᠭᠤᠯᠤᠭᠰᠠᠨ ᠪᠤᠯᠪᠠᠴᠤ ᠬᠠᠷᠢᠨ ᠭᠠᠴᠠᠭ᠎ᠠ ᠪᠠᠷ ᠨᠢᠭᠡᠴᠢ ᠪᠤᠯᠭᠠᠨ ᠡᠵᠡᠩᠨᠡᠨ ᠬᠠᠮᠢᠶᠠᠷᠴᠤ᠂ ᠤᠯᠠᠮᠵᠢᠯᠠᠯᠳᠤ ᠨᠡᠬᠦᠳᠠᠯ ᠮᠠᠯᠵᠢᠯ ᠤᠨ ᠬᠡᠯᠪᠡᠷᠢ ᠪᠠᠷ ᠵᠤᠰᠠᠵᠤ ᠪᠠᠶᠢᠳᠠᠭ ᠢᠶᠠᠷ ᠢᠶᠠᠨ ᠲᠦᠡᠭᠯᠢᠶᠤᠤ ᠬᠤᠳᠠ ᠶᠢᠨ ᠴᠤᠷ ᠤᠨ ᠭᠠᠭᠴᠠ ᠨᠠᠬᠦᠳᠠᠯᠯᠠᠨ ᠮᠠᠯᠵᠢᠵᠤ ᠪᠠᠶᠢᠭ᠎ᠠ ᠰᠤᠮᠤ ᠪᠤᠯᠵᠠᠢ᠃ ︽ᠤᠳᠤᠬᠠᠨ ᠳᠤ ᠮᠠᠨ ᠤ ᠰᠤᠮᠤᠨ ᠤ ᠬᠤᠤᠯᠢᠨ ᠭᠤᠤᠯ ᠤᠨ ᠵᠤᠰᠠᠯᠠᠩ ᠤᠨ ᠨᠤᠳᠤᠭ ᠪᠡᠯᠴᠢᠭᠡᠷ 130 ᠲᠦᠮᠡᠨ ᠮᠦ ᠪᠠᠶᠢᠵᠤ᠂ ᠨᠤᠳᠤᠭ ᠪᠠᠯᠴᠢᠭᠡᠷ ᠢᠶᠠᠨ ᠭᠠᠴᠠᠭ᠎ᠠ ᠪᠠᠷ ᠨᠢᠭᠡᠴᠢ ᠪᠤᠯᠭᠠᠨ ᠡᠵᠡᠩᠨᠡᠵᠤ ᠪᠠᠶᠢᠳᠠᠭ᠃ ᠡᠨᠡ ᠵᠢᠯ ᠪᠦᠭᠦ ᠰᠤᠮᠤ ᠶᠢᠨ ᠪᠠᠶᠠᠨ ᠪᠤᠯᠠᠭ ᠭᠠᠴᠠᠭ᠎ᠠ᠂ ᠡᠩᠭᠡ ᠤᠪᠤᠭ᠎ᠠ ᠭᠠᠴᠠᠭ᠎ᠠ ᠠᠴᠠ ᠪᠤᠰᠤᠳ ᠠᠷᠪᠠ ᠭᠠᠷᠤᠢ ᠭᠠᠴᠠᠭ᠎ᠠ ᠶᠢᠨ 300 ᠭᠠᠷᠤᠢ ᠡᠷᠤᠭᠡ ᠶᠢᠨ 7 ᠲᠦᠮᠡ ᠭᠠᠷᠤᠢ ᠪᠤᠳᠠ ᠮᠠᠯ ᠬᠤᠤᠯᠢᠡ ᠭᠤᠤᠯ ᠤᠨ ᠳᠡᠨᠵᠢᠨ ᠳᠠᠬᠢ ᠵᠤᠰᠠᠯᠠᠩ ᠳᠤ ᠭᠠᠷᠴᠠᠢ᠃ ᠵᠤᠰᠠᠯᠠᠩ ᠳᠤ ᠭᠠᠷᠬᠤ ᠴᠠᠭ ᠤᠨ ᠲᠠᠯ᠎ᠠ ᠪᠠᠷ ᠴᠢᠩᠭ᠎ᠠ ᠬᠢᠵᠠᠭᠠᠷᠯᠠᠯ ᠲᠠᠢ ᠮᠦᠷᠲᠡᠭᠡᠨ ᠮᠡᠯ ᠪᠡᠯᠴᠢᠭᠡᠷ ᠤᠨ ᠳᠡᠩᠴᠡᠭᠦᠷᠢ ᠶᠢ ᠮᠠᠰᠢ ᠠᠩᠬᠠᠷᠴᠤ ᠪᠠᠶᠢᠳᠠᠭ︾ ᠭᠡᠵᠤ ᠬᠡᠷᠡᠴᠢᠯᠡᠭᠤ ᠰᠤᠮᠤ ᠶᠢᠨ ᠳᠡᠳ᠋ ᠰᠤᠮᠤᠨ ᠳᠠᠷᠤᠭ᠎ᠠ ᠡᠷᠳᠡᠨᠢᠪᠢᠯᠢᠭ ᠳᠠᠨᠢᠯᠴᠠᠭᠤᠯᠪᠠ᠃
   ᠤᠢᠢᠷ᠎ᠠ ᠶᠢᠨ ᠵᠢᠯ ᠠᠴᠠ ᠨᠠᠭᠠᠰᠢ᠂ ᠵᠤᠰᠠᠯᠠᠩ ᠤᠨ ᠨᠤᠳᠤᠭ ᠪᠡᠯᠴᠢᠭᠡᠷ ᠢ ᠨᠠᠩ ᠰᠠᠶᠢᠳᠤᠷ ᠬᠠᠮᠠᠭᠠᠯᠠᠵᠤ ᠪᠦᠳᠤᠭᠡᠨ ᠪᠠᠶᠢᠭᠤᠯᠵᠤ ᠠᠰᠢᠬᠯᠠᠬᠤ ᠶᠢᠨ ᠲᠦᠯᠦᠭᠡ᠂ ᠭᠡᠷᠴᠢᠯᠠᠭᠤ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ︽ᠬᠤᠤᠯᠢᠨ ᠭᠤᠤᠯ ᠤᠨ ᠵᠤᠰᠠᠯᠠᠩ ᠤᠨ ᠨᠤᠳᠤᠭ ᠪᠡᠯᠴᠢᠭᠡᠷ ᠤᠨ ᠮᠠᠯ ᠪᠠᠯᠴᠢᠭᠡᠷ ᠤᠨ ᠲᠡᠩᠴᠡᠬᠦᠷᠢ ᠶᠢ ᠪᠠᠳᠤᠯᠠᠬᠤ ᠬᠠᠮᠢᠶᠠᠷᠤᠯᠳᠠ ᠶᠢ ᠭᠡᠷᠡᠭᠵᠢᠬᠦᠯᠬᠦ ᠲᠤᠬᠠᠢ ᠭᠡᠷᠴᠢᠯᠠᠭᠤ ᠰᠤᠮᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠤᠷᠢ︾᠂ ︽ᠭᠡᠷᠴᠢᠯᠠᠭᠤ ᠰᠤᠮᠤᠨ ᠤ ᠬᠤᠤᠯᠢᠨ ᠭᠤᠤᠯ ᠤᠨ ᠵᠤᠰᠠᠯᠠᠩ ᠢ ᠬᠠᠮᠠᠭᠠᠯᠠᠬᠤ ᠪᠦᠳᠤᠭᠡᠨ ᠪᠠᠶᠢᠭᠤᠯᠬᠤ ᠠᠰᠢᠬᠯᠠᠬᠤ ᠲᠤᠬᠠᠢ ᠶᠡᠷᠦᠩᠭᠡᠢ ᠲᠦᠯᠦᠪᠵᠢᠬᠦᠯᠭᠡ︾᠂ ︽ᠬᠤᠤᠯᠢᠨ ᠭᠤᠤᠯ ᠤᠨ ᠵᠤᠰᠠᠯᠠᠩ ᠤᠨ ᠬᠠᠮᠢᠶᠠᠷᠤᠯᠳᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠢ ᠨᠠᠶᠢᠳᠠᠯᠠᠵᠤ᠂ ᠬᠤᠤᠯᠢᠨ ᠭᠤᠤᠯ ᠤᠨ ᠵᠤᠰᠠᠯᠠᠩ ᠤᠨ ᠨᠤᠳᠤᠭ ᠪᠡᠯᠴᠢᠭᠡᠷ ᠲᠤ ᠬᠤᠷ᠎ᠠ ᠪᠤᠷᠤᠭᠠᠨ ᠡᠯᠪᠡᠭ ᠵᠢᠯ ᠲᠤᠬᠢᠷᠠᠮᠵᠢᠳᠠᠢ ᠮᠠᠯᠵᠢᠭᠤᠯᠬᠤ ᠪᠠ ᠨᠤᠳᠤᠭ ᠪᠡᠯᠴᠢᠭᠡᠷ ᠤᠨ ᠲᠠᠭᠠᠭᠠᠴᠠ ᠳᠤ ᠰᠠᠭᠤᠷᠢᠯᠠᠨ ᠮᠠᠯ ᠢ ᠬᠢᠵᠠᠭᠠᠷ ᠲᠠᠢ ᠮᠠᠯᠵᠢᠭᠤᠯᠬᠤ ᠵᠢᠴᠢ ᠭᠠᠳᠠᠨᠡᠬᠢ ᠮᠠᠯ ᠰᠦ᠋ᠷᠦᠭ ᠢ ᠵᠤᠰᠠᠯᠠᠩ ᠤᠨ ᠨᠤᠳᠤᠭ ᠪᠡᠯᠴᠢᠭᠡᠷ ᠲᠤ ᠪᠡᠯᠴᠢᠭᠡᠷᠯᠡᠬᠦᠯᠬᠦ ᠶᠢ ᠡᠷᠡᠰ ᠬᠤᠷᠢᠬᠯᠠᠬᠤ ᠬᠠᠮᠢᠶᠠᠷᠤᠯᠳᠠ ᠶᠢᠨ ᠲᠦᠷᠢᠮ ᠢ ᠴᠢᠩᠭ᠎ᠠ ᠲᠤᠭᠳᠠᠭᠠᠨ ᠭᠡᠷᠡᠭᠵᠢᠬᠦᠯᠵᠤ᠂ ᠶᠡᠭᠡ ᠭᠡᠮᠵᠢᠶᠠᠨ ᠤ ᠪᠤᠳᠠᠰ ᠤᠨ ᠬᠦᠴᠤᠨ᠂ ᠬᠦᠮᠤᠨ ᠤ ᠬᠦᠴᠤᠨ ᠡᠳ᠋ ᠤᠨ ᠬᠦᠴᠤᠨ ᠢ ᠵᠠᠷᠤᠴᠠᠭᠤᠯᠤᠨ ᠪᠠᠶᠢᠵᠤ᠂ 2010 ᠤᠨ ᠳᠤ ᠭᠡᠷᠴᠢᠯᠠᠭᠤ ᠰᠤᠮᠤᠨ ᠤ ᠵᠤᠰᠠᠯᠠᠩ ᠤᠨ ᠨᠡᠶᠢᠭᠡᠮ ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠬᠦ ᠠᠯᠪᠠᠨ ᠭᠡᠷ ᠢ ᠪᠠᠶᠢᠭᠤᠯᠤᠨ᠂ ᠵᠤᠰᠠᠯᠠᠩ ᠤᠨ ᠮᠠᠯᠴᠢᠳ ᠤᠨ ᠭᠡᠪ ᠤᠨ ᠦᠢᠯᠡᠳᠪᠤᠷᠢᠯᠡᠯ ᠠᠮᠢᠳᠤᠷᠠᠯ ᠢ ᠴᠢᠨᠠᠬᠰᠢᠳᠠ ᠵᠢᠷᠤᠮᠵᠢᠭᠤᠯᠵᠠᠢ᠃ ︽ᠪᠤᠭ ᠮᠠᠯ ᠢ ᠴᠦᠬᠡᠤᠨᠭᠡᠵᠦ ᠪᠤᠳᠠ ᠮᠠᠯ ᠢ ᠨᠡᠮᠡᠭᠳᠡᠬᠦᠯᠬᠦ︾ ᠲᠦᠷᠦ ᠶᠢᠨ ᠪᠤᠳᠤᠯᠭ᠎ᠠ ᠶᠢ ᠴᠢᠩᠭ᠎ᠠ ᠪᠠᠷᠢᠮᠳᠠᠯᠠᠵᠤ᠂ ᠮᠠᠯ ᠤᠨ ᠡᠬᠦᠯᠳᠠᠷ ᠢ ᠰᠠᠶᠢᠵᠢᠷᠠᠭᠤᠯᠤᠨ ᠦᠷ᠎ᠠ ᠠᠰᠢᠭ ᠢ ᠲᠡᠭᠡᠭᠰᠢᠯᠡᠬᠦᠯᠬᠦ ᠶᠢᠨ ᠲᠦᠯᠦᠭᠡ᠂ ᠡᠨᠡ ᠵᠢᠯ ᠵᠤᠰᠠᠯᠠᠩ ᠳᠤ 36 ᠭᠡᠭᠡᠯᠳᠦᠬᠦᠯᠭᠡ ᠶᠢᠨ ᠴᠡᠭ ᠢ ᠡᠬᠢᠯᠡᠨ ᠪᠠᠶᠢᠭᠤᠯᠵᠡᠢ᠃ ᠪᠠᠰᠠ ᠨᠡᠬᠦᠳᠡᠯ ᠮᠠᠯᠵᠢᠯ ᠤᠨ ᠦᠪ ᠰᠤᠶᠤᠯ᠂ ᠪᠠᠶᠢᠭᠠᠯᠢ ᠠᠬᠤᠢ᠂ ᠨᠤᠳᠤᠭ ᠪᠡᠯᠴᠢᠭᠡᠷ ᠢ ᠬᠠᠮᠠᠭᠠᠯᠠᠨ ᠬᠦᠭᠵᠢᠬᠦᠯᠬᠦ ᠶᠢᠨ ᠲᠦᠯᠦᠭᠡ᠂ ᠵᠤᠰᠠᠯᠠᠩ ᠳᠤ ᠴᠢᠯᠠᠭᠤ ᠲᠤᠭᠤᠰᠬ᠎ᠠ ᠪᠠᠷ ᠪᠠᠷᠢᠬᠰᠡᠨ ᠭᠡᠷ ᠤᠳ ᠢ ᠪᠦᠬᠦᠨ ᠢ ᠨᠤᠷᠠᠭᠠᠭᠠᠳ ᠦᠨ᠎ᠠ ᠲᠦᠯᠦᠪᠤᠷᠢ ᠦᠭᠡᠢ ᠪᠠᠷ ᠮᠤᠩᠭᠤᠯ ᠭᠡᠷ ᠬᠤᠪᠢᠶᠠᠨ ᠦᠭᠴᠠᠢ᠃
   ᠨᠡᠬᠦᠳᠠᠯ ᠮᠠᠯᠵᠢᠯ ᠤᠨ ᠭᠡᠯᠪᠠᠷᠢ ᠨᠢ ᠪᠠᠶᠢᠭᠠᠯᠢ ᠶᠢᠨ ᠲᠠᠪᠠᠭᠤᠯᠢᠭ ᠢ ᠠᠰᠢᠬᠯᠠᠬᠤ ᠰᠢᠨᠵᠢᠯᠡᠬᠦ ᠤᠬᠠᠭᠠᠨᠴᠢ ᠦᠢᠯᠡᠳᠪᠤᠷᠢᠯᠡᠯ ᠪᠠᠶᠢᠵᠤ᠂ ᠪᠠᠯᠴᠢᠭᠡᠷ ᠤᠰᠤᠨ ᠤ ᠰᠡᠷᠬᠦᠭᠡᠯᠳᠠ ᠳᠤ ᠠᠰᠢᠬᠳᠠᠢ ᠮᠦᠷᠳᠡᠭᠡᠨ ᠮᠠᠯ ᠰᠦᠷᠦᠭ ᠤᠨ ᠲᠠᠷᠭᠤ ᠬᠦᠴᠤ ᠠᠪᠬᠤ᠂ ᠦᠰᠦᠯᠳᠠ ᠪᠤᠶᠢᠵᠢᠯᠳᠠ ᠶᠢ ᠪᠠᠳᠤᠯᠠᠬᠤ᠂ ᠡᠪᠡᠳᠴᠢᠨ ᠬᠢᠵᠢᠭ ᠢ ᠰᠡᠷᠭᠡᠶᠢᠯᠡᠬᠦ ᠳᠤ ᠴᠢᠬᠤᠯᠠ ᠤᠢᠢᠯᠡᠳᠤᠯ ᠲᠠᠢ ᠪᠠᠶᠢᠵᠤ᠂ ᠠᠮᠢ ᠠᠬᠤᠢ ᠶᠢᠨ ᠲᠠᠩᠴᠡᠬᠦᠷᠢ ᠶᠢ ᠬᠠᠮᠠᠭᠠᠯᠠᠬᠤ ᠳᠤ ᠴᠤ ᠢᠳᠡᠪᠬᠢ ᠦᠢᠯᠡᠳᠤᠯ ᠦᠵᠡᠬᠦᠯᠳᠡᠭ ᠭᠡᠵᠤ ᠲᠤᠰᠬᠠᠢ ᠮᠡᠷᠭᠡᠵᠢᠯᠳᠡᠨ ᠤ ᠰᠤᠳᠤᠯᠭᠠᠨ ᠪᠠᠳᠤᠯᠠᠬᠰᠡᠨ ᠪᠠᠶᠢᠳᠠᠬ᠃

   ᠠᠮᠢ ᠠᠬᠤᠢ ᠶᠢᠨ ᠬᠠᠮᠠᠭᠠᠯᠡᠯᠳᠠ ᠲᠠᠢ ᠪᠠᠭᠤᠴᠠ ᠨᠤᠳᠤᠬ

   ᠵᠠᠷᠤᠳ ᠬᠤᠰᠢᠭᠤᠨ ᠤ ᠪᠠᠶᠠᠷᠳᠤᠬᠤᠰᠢᠭᠤ ᠪᠠᠯᠭᠠᠰᠤᠨ ᠤ ᠲᠦᠪᠰᠢᠨ ᠭᠠᠴᠠᠭ᠎ᠠ ᠶᠢᠨ ︽ᠵᠠᠷᠤᠳ ᠪᠠᠭᠤᠴᠠ ᠨᠤᠳᠤᠭ︾ ᠨᠢ ᠡᠩᠬᠡ ᠠᠮᠤᠭᠤᠯᠠᠩ ᠬᠠᠭᠠᠨ ᠰᠠᠭᠠᠳᠠᠵᠤ ᠦᠩᠭᠡᠷᠡᠭᠰᠡᠨ ᠭᠠᠵᠠᠷ ᠭᠡᠳᠡᠭ ᠪᠤᠯᠬᠤᠷ ᠠᠳᠠᠭᠢ ᠮᠠᠯᠴᠢᠳ ᠨᠡᠨ ᠨᠤᠳᠤᠭ ᠢ ︽ᠪᠠᠭᠤᠴᠠ ᠨᠤᠳᠤᠭ︾ ᠭᠡᠵᠤ ᠳᠠᠭᠤᠳᠠᠨ ᠤᠯᠠᠮᠵᠢᠯᠠᠭᠰᠠᠭᠠᠷ ᠢᠷᠡᠵᠡᠢ᠃ ᠤᠳᠤ᠂ 300 ᠦᠭᠡᠷ ᠲᠠᠢ ᠠᠮᠢ ᠠᠬᠤᠢ ᠶᠢᠨ ᠮᠠᠯᠵᠢᠯ ᠤᠨ ᠳᠠᠯᠠᠪᠠᠢ ᠡᠵᠡᠩᠨᠡᠵᠤ ᠪᠠᠶᠢᠭ᠎ᠠ ᠮᠠᠯᠴᠢᠨ ᠬᠤᠩᠭᠤᠷᠪᠠᠭᠠᠳᠤᠷ ᠤᠨ ᠬᠢᠨ ᠪᠤᠯ ᠡᠨᠡ ᠨᠤᠳᠤᠭ ᠤᠨ ᠡᠵᠡᠨ ᠪᠤᠯᠤᠨ᠎ᠠ᠃
   ᠬᠤᠩᠭᠤᠷᠪᠠᠭᠠᠳᠤᠷ ᠤᠨ ᠬᠢᠨ ᠦᠶ᠎ᠡ ᠤᠯᠠᠷᠢᠨ ᠪᠠᠭᠤᠴᠠ ᠨᠤᠲᠤᠭ ᠲᠤ ᠠᠮᠢᠳᠤᠷᠠᠨ᠂ ᠨᠠᠮᠢᠷᠠᠭ᠎ᠠ ᠬᠤᠷ᠎ᠠ᠂ ᠨᠠᠷᠢᠨ ᠰᠠᠶᠢᠬᠠᠨ ᠡᠪᠡᠰᠣ ᠨᠣᠭᠤᠭ᠎ᠠ᠂ ᠠᠤᠨᠬᠤ ᠰᠢᠷᠤᠢ ᠭᠡᠰᠡᠭ ᠴᠢᠯᠠᠭᠤ ᠪᠦᠬᠦᠨ ᠢᠶᠠᠨ ᠣᠳᠬ᠎ᠠ ᠣᠴᠢᠷ ᠲᠠᠢ ᠵᠦᠢᠯ ᠪᠣᠯᠭᠠᠨ ᠲᠡᠭᠡᠲᠣᠯᠠᠵᠣ᠂ ᠨᠤᠳᠤᠬ ᠪᠡᠯᠴᠢᠭᠡᠷ ᠠᠮᠢ ᠠᠬᠤᠶ ᠪᠠᠨ ᠬᠠᠮᠠᠭᠠᠯᠠᠬᠤ ᠤᠬᠠᠮᠰᠠᠷ ᠨᠢ ᠵᠢᠷᠤᠭᠡ ᠰᠡᠤᠨᠭᠢᠯ ᠳᠤᠨᠢ ᠬᠠᠳᠡᠩᠰᠢᠵᠡᠢ᠃ 2014 ᠣᠨ ᠳᠤ᠂ ᠬᠤᠩᠭᠤᠷᠪᠠᠭᠠᠳᠤᠷ ᠠᠪᠤ ᠶᠢᠨ ᠢᠶᠠᠨ ᠤᠯᠠᠮᠵᠢᠯᠠᠭᠰᠠᠨ ᠲᠦᠮᠡ ᠭᠠᠷᠤᠢ ᠮᠦ ᠳᠠᠯᠠᠪᠠᠢ ᠲᠠᠢ ᠡᠨᠡ ᠨᠤᠳᠤᠭ ᠳᠡᠭᠡᠷ᠎ᠠ ᠪᠠᠨ ᠠᠬ᠎ᠠ ᠪᠢᠯᠢᠭᠦᠨᠳᠠᠯᠠᠶ᠂ ᠬᠦᠷᠭᠡᠨ ᠠᠬ᠎ᠠ ᠰᠠᠶᠢᠠᠠᠥ᠋ᠯᠵᠡᠶ ᠲᠠᠢ ᠪᠠᠨ ᠬᠠᠮᠳᠤᠷᠡᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠪᠠ᠃ ᠤᠳᠤᠬᠠᠨ ᠳᠤ ᠤᠷᠤᠯᠭ᠎ᠠ ᠪᠠᠭ᠎ᠠ ᠲᠠᠢ ᠪᠤᠰᠤᠳ 7 ᠮᠠᠯᠴᠢᠨ ᠡᠷᠦᠭᠡ ᠶᠢ ᠳᠠᠶᠢᠴᠢᠯᠠᠨ᠂ ᠬᠦᠯᠦᠰᠦ ᠬᠠᠶᠢᠷ᠎ᠠ ᠰᠢᠩᠭᠡᠭᠰᠡᠨ᠂ ᠰᠡᠳᠬᠢᠯ ᠣᠬᠠᠭᠠᠨ ᠠᠭᠤᠰᠣᠬᠰᠠᠨ᠂ ᠰᠠᠭᠠᠯᠢ ᠰᠢᠮ᠎ᠡ ᠶᠢᠨ ᠦᠨᠦᠷ ᠰᠡᠩᠬᠢᠨᠡᠭᠦᠯᠦᠭᠰᠡᠨᠠ ᠮᠠᠯᠴᠢᠨ ᠬᠦᠮᠦᠨ ᠤ ᠳᠠᠶᠢᠪᠤᠭᠤ ᠠᠮᠢᠲᠣᠷᠠᠯ ᠢᠶᠠᠨ ᠡᠳ᠋ᠯᠡᠨ ᠰᠠᠭᠤᠨ᠎ᠠ᠃ ︽2017 ᠣᠨ ᠳᠤ ᠬᠤᠨᠢ ᠪᠠᠨ ᠪᠦᠬᠦᠳᠠ ᠶᠢ ᠬᠤᠳᠡᠯᠳᠤᠵᠤ᠂ ᠮᠠᠯᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠤᠭᠰᠠᠨ ᠠᠴᠠ ᠮᠠᠯ ᠰᠦᠷᠦᠭ ᠤᠨ ᠭᠠᠮᠰᠢᠭ ᠲᠠᠢ ᠲᠡᠮᠡᠴᠡᠬᠦ ᠴᠢᠳᠠᠪᠤᠷᠢ ᠳᠡᠭᠡᠭᠰᠢᠯᠡᠭᠰᠡᠨ᠂ ᠮᠠᠯ ᠤᠨ ᠲᠠᠷᠭᠤ ᠬᠦᠴᠦ ᠨᠢ ᠴᠦ ᠮᠠᠰᠢ ᠲᠦᠷᠭᠡᠨ ᠨᠡᠮᠡᠭᠳᠡᠭᠰᠡᠨ ᠪᠠᠶᠢᠨ᠎ᠠ᠃ ᠢᠩᠭᠢᠭᠰᠡᠨ ᠢᠶᠠᠷ᠂ ᠠᠮᠢ ᠠᠬᠤᠶ ᠬᠠᠮᠠᠭᠠᠯᠠᠭᠳᠠᠭᠰᠠᠨ ᠢᠶᠠᠷ ᠪᠠᠷᠠᠬᠤ ᠥᠬᠡᠶ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠰᠡᠷᠭᠦᠵᠦ᠂ ᠮᠠᠯ ᠤᠨ ᠭᠠᠷᠭᠠᠯᠲᠠ ᠶᠢᠨ ᠬᠤᠭᠤᠴᠠᠭ᠎ᠠ ᠴᠤ ᠪᠠᠭᠠᠰᠴᠠᠶ︾ ᠬᠡᠵᠦ ᠬᠤᠩᠭᠤᠷᠪᠠᠭᠠᠲᠤᠷ ᠤᠨ ᠬᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠮᠢ ᠠᠬᠤᠶ ᠪᠣᠯᠤᠨ ᠠᠵᠤ ᠠᠬᠤᠢ ᠶᠢᠨ ᠬᠤᠤᠰ ᠦᠷ᠎ᠡ ᠠᠰᠢᠭ ᠭᠦᠷᠳᠡᠭᠰᠡᠨ ᠢᠶᠠᠨ ᠶᠠᠷᠢᠨ᠎ᠠ᠃
   2017 ᠣᠨ ᠳᠤ᠂ ᠬᠤᠩᠭᠤᠷᠪᠠᠭᠠᠲᠤᠷ ᠤᠨ ᠬᠢᠨ ᠤ ᠮᠠᠯᠵᠢᠯ ᠤᠨ ᠲᠠᠯᠠᠪᠠᠢ ᠨᠢ ᠲᠦᠩᠯᠢᠶᠣᠤ ᠬᠤᠲᠠ ᠶᠢᠨ ᠬᠠᠷᠢᠶᠠᠨ ᠳᠣᠲᠣᠷ᠎ᠠ ᠪᠠᠶᠢᠭᠤᠯᠤᠭᠰᠠᠨ 500 ᠺᠢᠯᠣᠮᠧᠲᠷ ᠤᠨ ᠦᠵᠡᠮᠵᠢ ᠶᠢᠨ ᠪᠦᠰᠡ ᠳᠤ ᠲᠦᠰᠢᠭᠯᠡᠨ᠂ ᠠᠮᠢ ᠠᠬᠤᠢ ᠶᠢᠨ ᠵᠢᠭᠤᠯᠴᠢᠯᠠᠯ ᠤᠨ ᠠᠵᠤ ᠦᠶ᠋ᠯᠡᠰ ᠢ ᠬᠥᠭᠵᠢᠭᠦᠯᠪᠡ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢᠨ ᠲᠥᠯᠥᠭᠡ᠂ ᠤᠯᠠᠮᠵᠢᠯᠠᠯᠲᠤ ᠦᠬᠡᠷ ᠬᠤᠨᠢᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ︽ᠦᠬᠡᠷ ᠲᠡᠵᠢᠭᠡᠬᠦ + ᠵᠢᠭᠤᠯᠴᠢᠯᠠᠯ︾ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠪᠣᠯᠭᠠᠵᠠᠢ᠃ ᠵᠢᠯ ᠪᠦᠷᠢ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠰᠠᠳ ᠠᠳᠡ ᠢᠷᠡᠵᠦ ᠰᠡᠯᠡᠬᠦᠴᠡᠨ ᠠᠮᠠᠷᠠᠵᠦ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠰᠣᠨᠢᠷᠬᠠᠵᠤ᠂ ᠮᠣᠩᠭᠤᠯ ᠦᠨᠳᠦᠰᠦᠲᠡᠨ ᠤ ᠰᠣᠶᠣᠯ ᠤᠨ ᠣᠨᠴᠠᠯᠢᠭ ᠢ ᠪᠡᠶᠡᠴᠢᠯᠡᠨ ᠣᠢᠢᠯᠠᠭᠠᠨ ᠶᠠᠪᠤᠳᠠᠭ ᠪᠤᠯᠪᠠ᠃ ︽ᠵᠢᠭᠤᠯᠴᠢᠯᠠᠯ ᠤᠨ ᠤᠢᠢᠯᠡᠰ ᠢ ᠬᠥᠭᠵᠢᠭᠦᠯᠬᠦ ᠪᠠᠷ ᠳᠠᠮᠵᠢᠨ ᠨᠢᠭᠡ ᠲᠠᠯ᠎ᠠ ᠪᠠᠷ ᠠᠮᠢ ᠠᠬᠤᠢ ᠶᠢ ᠬᠠᠮᠠᠭᠠᠯᠠᠵᠤ᠂ ᠨᠦᠭᠦᠭᠡ ᠲᠠᠯ᠎ᠠ ᠪᠠᠷ ᠮᠣᠩᠭᠤᠯ ᠦᠨᠳᠦᠰᠦᠲᠡᠨ ᠤ ᠪᠠᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠩ ᠤᠯᠡᠨ ᠭᠦᠮᠦᠰ ᠲᠤ ᠲᠠᠨᠢᠯᠴᠠᠭᠤᠯᠵᠤ ᠪᠠᠶᠢᠨ᠎ᠠ᠂ ᠪᠠᠰᠠ ᠪᠤᠰᠤᠳ ᠮᠠᠯᠴᠢᠤᠨ ᠢᠶᠠᠨ ᠳᠠᠶᠢᠴᠢᠯᠠᠨ ᠪᠠᠶᠠᠵᠢᠨ ᠴᠢᠨᠡᠭᠡᠯᠢᠭᠵᠢᠬᠦ ᠠᠷᠭ᠎ᠠ ᠬᠡᠯᠪᠡᠷᠢ ᠪᠠᠨ ᠬᠤᠪᠢᠷᠠᠭᠤᠯᠵᠤ ᠪᠠᠶᠢᠨ᠎ᠠ︾ ᠭᠡᠵᠤ ᠬᠤᠩᠭᠤᠷᠪᠠᠭᠠᠳᠤᠷ ᠳᠠᠶᠢᠪᠤᠭᠤᠬᠠᠨ ᠶᠠᠷᠢᠨ᠎ᠠ᠃ ᠳᠡᠭᠦᠨ ᠤ ᠳᠠᠨᠢᠯᠴᠠᠭᠤᠯᠤᠭᠰᠠᠨ ᠢᠶᠠᠷ᠂ 2017 ᠤᠨ ᠳᠤ ᠡᠳᠡᠨ ᠤ ᠬᠢᠨ ᠤ ᠮᠠᠯᠵᠢᠯ ᠤᠨ ᠲᠠᠯᠠᠪᠠᠢ ᠶᠢᠨ ᠴᠡᠪᠡᠷ ᠣᠷᠣᠯᠭ᠎ᠠ ᠨᠢ 113 ᠲᠦᠮᠡᠨ ᠲᠥᠭᠦᠷᠢᠭ ᠲᠤ ᠬᠦᠷᠴᠦ᠂ ᠡᠭᠦᠨ ᠳᠤ ᠵᠢᠭᠤᠯᠴᠢᠯᠠᠯ ᠤᠨ ᠣᠷᠣᠯᠭ᠎ᠠ ᠨᠢ 25 ᠲᠦᠮᠡᠨ ᠲᠥᠭᠦᠷᠢᠭ ᠢ ᠳᠠᠪᠠᠪᠠ᠃ 2018 ᠣᠨ ᠳᠤ ᠮᠠᠯᠵᠢᠯ ᠤᠨ ᠲᠠᠯᠠᠪᠠᠢ ᠶᠢᠨ ᠴᠡᠪᠡᠷ ᠤᠷᠤᠯᠭ᠎ᠠ ᠨᠢ 130 ᠲᠦᠮᠡᠨ ᠲᠥᠭᠦᠷᠢᠭ ᠲᠤ ᠬᠦᠷᠴᠦ᠂ ᠡᠭᠦᠨ ᠳᠤ ᠦᠬᠡᠷ ᠲᠡᠵᠢᠭᠡᠭᠰᠡᠨ ᠴᠡᠪᠡᠷ ᠤᠷᠤᠯᠭ᠎ᠠ ᠨᠢ 85 ᠲᠦᠮᠡᠨ ᠲᠥᠭᠦᠷᠢᠭ ᠲᠤ ᠬᠦᠷᠴᠦ᠂ ᠵᠢᠭᠤᠯᠴᠢᠯᠠᠯ ᠤᠨ ᠠᠰᠢᠭ ᠤᠷᠤᠯᠭ᠎ᠠ ᠨᠢ 45 ᠲᠦᠮᠡᠨ ᠲᠥᠭᠦᠷᠢᠭ ᠲᠤ ᠬᠦᠷᠴᠦ᠂ ᠠᠮᠢ ᠠᠬᠤᠢ ᠪᠠᠨ ᠬᠠᠮᠠᠭᠠᠯᠠᠬᠰᠡᠨ ᠴᠢᠨᠡᠭᠡᠯᠢᠭᠵᠢᠯ ᠤᠨ ᠵᠠᠮ ᠢᠶᠠᠷ ᠵᠠᠮᠨᠠᠬᠰᠡᠨ ᠠᠵᠢ᠃
   ᠬᠤᠩᠭᠤᠷᠪᠠᠭᠠᠲᠤᠷ ᠤᠨ ᠳᠠᠶᠢᠴᠢᠯᠠᠯ ᠢᠶᠠᠷ ᠪᠠᠶᠢᠭᠤᠯᠤᠭᠰᠠᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠨᠢ ᠠᠩᠬ᠎ᠠ ︽ᠪᠠᠶᠢᠭᠠᠯᠢᠯᠢᠭ ᠮᠠᠯᠵᠢᠯ᠂ ᠲᠣᠬᠢᠷᠠᠮᠵᠢᠲᠠᠶ ᠤᠯᠠᠷᠢᠯ ᠳᠤ ᠲᠡᠵᠢᠭᠡᠨ ᠦᠷᠡᠵᠢᠭᠦᠯᠵᠦ︾ ᠪᠠᠶᠢᠭᠰᠠᠨ ᠠᠴᠠ ᠤᠳᠤᠬᠠᠨ ᠤ ︽ᠡᠷᠴᠢᠮᠵᠢᠭᠦᠯᠦᠨ ᠡᠵᠡᠩᠨᠡᠬᠦ︾ ᠲᠡᠶᠢᠰᠢ ᠬᠤᠪᠢᠷᠠᠭᠤᠯᠵᠤ᠂ ᠦᠭᠡᠷ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠶᠢ ᠵᠤᠷᠢᠵᠤ ᠡᠬᠢᠯᠡᠪᠡ᠃ ᠡᠨᠡ ᠵᠢᠯ ᠤᠨ 5 ᠰᠠᠷ᠎ᠠ ᠳᠤ᠂ ᠬᠤᠩᠭᠤᠷᠪᠠᠭᠠᠲᠤᠷ ᠤᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠣᠯᠤᠨ ᠥᠪᠥᠷ ᠮᠣᠩᠭᠤᠯ ᠤᠨ ᠡᠯ ᠱᠠᠩ ᠮᠧᠩ ᠰᠢ ᠬᠦᠷᠢᠶᠡᠯᠡᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠧᠯᠧᠨ ᠡᠯᠪᠡᠭ ᠠᠭᠤᠯᠤᠬᠳᠠᠬᠤ ᠦᠬᠡᠷ ᠤᠨ ᠠᠵᠤ ᠦᠢᠯᠡᠰ ᠢ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠵᠢᠩᠬᠢᠨᠢ ᠪᠠᠷ ᠫᠠᠶᠢᠰᠠ ᠡᠯᠭᠦᠨ ᠪᠡᠭᠡᠵᠢᠩ ᠤᠨ ᠡᠯ ᠱᠠᠩ ᠪᠦᠯᠦᠭᠯᠡᠯ ᠤᠨ ᠵᠠᠷᠤᠳ ᠬᠤᠰᠢᠭᠤᠨ ᠤ ᠰᠧᠯᠧᠨ ᠡᠯᠪᠡᠭ ᠠᠭᠤᠯᠬᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠪᠣᠯᠪᠠ᠃ ᠣᠳᠣᠬᠠᠨ ᠳᠤ ᠲᠡᠳᠡᠨ ᠤ ᠬᠢᠨ ᠥᠪᠡᠷ ᠢᠶᠠᠨ 300 ᠦᠬᠡᠷ ᠲᠠᠢ᠂ ᠨᠡᠨ ᠵᠢᠯ ᠤᠨ ᠰᠡᠭᠦᠯᠴᠢ ᠪᠤᠯᠳᠠᠯ᠎ᠠ ᠬᠤᠩᠭᠤᠷᠪᠠᠭᠠᠳᠤᠷ ᠠᠬ᠎ᠠ ᠳᠡᠭᠦᠦ ᠭᠤᠷᠪᠠᠨ ᠡᠷᠦᠬᠡ ᠪᠠᠷ ᠢᠶᠠᠨ 100 ᠰᠧᠯᠧᠨ ᠦᠬᠡᠷ ᠲᠡᠵᠢᠭᠡᠬᠦ ᠪᠠᠷ ᠲᠥᠯᠥᠪᠯᠡᠵᠦ ᠪᠠᠶᠢᠬᠤ ᠪᠥᠭᠡᠳ 7 ᠡᠷᠦᠬᠡ ᠶᠢ ᠳᠠᠭᠠᠭᠤᠯᠤᠨ 200 ᠰᠧᠯᠧᠨ ᠦᠬᠡᠷ ᠪᠣᠯᠭᠠᠬᠤ ᠪᠠᠷ ᠲᠥᠯᠥᠪᠯᠡᠵᠦ ᠪᠠᠶᠢᠯ᠎ᠠ᠃
   ︽ᠰᠧᠯᠧᠨ ᠡᠯᠪᠡᠭ ᠠᠭᠤᠯᠤᠭᠰᠠᠨ ᠦᠬᠡᠷ ᠤᠨ ᠮᠢᠬᠠᠨ ᠤ ᠵᠢᠩ ᠪᠦᠷᠢ ᠶᠢᠨ ᠬᠤᠳᠡᠯᠳᠤᠨ ᠠᠪᠬᠤ ᠦᠨ᠎ᠡ ᠨᠢ ᠡᠩ ᠤᠨ ᠦᠬᠡᠷ ᠤᠨ ᠮᠢᠬ᠎ᠠ ᠠᠴᠠ 6 — 8 ᠲᠥᠭᠦᠷᠢᠭ ᠦᠨᠡᠳᠡᠢ᠂ ᠵᠠᠷᠢᠮ ᠳᠠᠭᠠᠨ ᠡᠭᠦᠨ ᠠᠴᠠ ᠨᠢ ᠬᠤᠯᠠ ᠢᠯᠡᠭᠦᠦ ᠦᠨ᠎ᠡ ᠬᠦᠷᠦᠨ᠎ᠡ᠃ ᠦᠬᠡᠷ ᠰᠧᠯᠧᠨ ᠡᠯᠪᠡᠭ ᠠᠭᠤᠯᠤᠭᠰᠠᠨ ᠲᠡᠵᠢᠭᠡᠯ ᠪᠣᠷᠳᠤᠭ᠎ᠠ ᠶᠢ ᠢᠳᠡᠭᠰᠡᠨ ᠤ ᠳᠠᠷᠠᠭ᠎ᠠ᠂ ᠦᠭᠡᠷ ᠤᠨ ᠰᠢᠭᠡᠭ ᠪᠤᠷᠳᠤᠭᠤᠷ ᠲᠤ ᠴᠦ ᠰᠧᠯᠧᠨ ᠡᠯᠧᠮᠧᠨ᠋ᠲ ᠠᠭᠤᠯᠵᠤ ᠪᠠᠶᠢᠳᠠᠭ᠂ ᠨᠤᠲᠤᠭ ᠪᠡᠯᠴᠢᠭᠡᠷ ᠲᠤ ᠲᠠᠷᠬᠠᠭᠰᠠᠨ ᠦᠬᠡᠷ ᠤᠨ ᠰᠢᠭᠡᠭ ᠪᠤᠷᠳᠤᠭᠤᠷ ᠨᠢ ᠡᠪᠡᠰᠦ ᠪᠡᠯᠴᠢᠭᠡᠷ ᠤᠨ ᠤᠷᠭᠤᠯᠳᠠ ᠳᠤ ᠠᠰᠢᠭᠲᠠᠢ ᠪᠠᠶᠢᠵᠤ᠂ ᠠᠮᠢ ᠠᠬᠤᠢ ᠣᠷᠴᠢᠨ ᠲᠣᠭᠤᠷᠢᠨ ᠳᠤ ᠴᠤ ᠰᠠᠶᠢᠨ ᠶᠤᠮ︾ ᠭᠡᠵᠤ ᠬᠤᠩᠭᠤᠷᠪᠠᠭᠠᠲᠤᠷ ᠲᠠᠨᠢᠯᠴᠠᠭᠤᠯᠵᠤ ᠭᠠᠷᠤᠯ᠎ᠠ᠃

   ᠪᠦᠳᠤᠴᠨ ᠶᠢᠨ ᠲᠤᠭᠢᠷᠠᠭᠤᠯᠤᠯᠳᠠ ᠠᠴᠠ ᠠᠰᠢᠬ ᠭᠦᠷᠳᠡᠭᠰᠡᠨ ᠮᠠᠯᠴᠢᠨ ᠤᠬᠠᠭᠠᠨ
  
   ᠰᠢᠨ᠎ᠠ ᠴᠠᠭ ᠦᠶ᠎ᠠ ᠳᠤ ᠤᠷᠤᠭᠰᠠᠨ ᠤ ᠳᠠᠷᠠᠭ᠎ᠠ᠂ ᠪᠠᠶᠢᠭᠠᠯᠢ ᠤᠷᠴᠢᠨ ᠳᠤᠭᠤᠷᠢᠨ ᠤ ᠬᠤᠪᠢᠷᠠᠯᠳᠠ ᠲᠠᠢ ᠵᠤᠬᠢᠴᠠᠬᠤ ᠶᠢᠨ ᠳᠤᠰᠠᠳᠠ ᠮᠠᠨ ᠤ ᠤᠷᠤᠨ ᠤ ᠤᠯᠠᠨ ᠭᠠᠵᠠᠷ ᠲᠤ ᠮᠠᠯ ᠤᠨᠤᠭ᠎ᠠ ᠶᠢ ᠬᠠᠰᠢᠶᠠᠯᠠᠨ ᠳᠡᠵᠢᠭᠡᠭᠦ ᠶᠢ ᠬᠠᠪᠰᠤᠷᠭᠠᠬᠰᠠᠨ ᠮᠠᠯᠵᠢᠯ ᠤᠨ ᠭᠤᠤᠯ ᠠᠷᠭ᠎ᠠ ᠬᠡᠯᠪᠡᠷᠢ ᠶᠢ ᠬᠡᠷᠡᠭᠵᠢᠭᠦᠯᠵᠤ᠂ ᠮᠠᠯ ᠤᠨ ᠪᠦᠳᠦᠴᠡ ᠳᠡᠭᠡᠨ ᠲᠤᠬᠢᠷᠠᠭᠤᠯᠤᠯᠳᠠ ᠬᠢᠵᠤ ᠡᠬᠢᠯᠡᠭᠰᠡᠨ ᠪᠠᠶᠢᠯ᠎ᠠ᠃ ᠡᠨᠡ ᠦᠶ᠎ᠠ ᠳᠤ ᠨᠢᠭᠡ ᠪᠦᠯᠦᠭ ᠮᠠᠯᠴᠢᠳ ᠬᠦᠯ ᠤᠯᠠ ᠪᠠᠨ ᠤᠯᠬᠤ ᠦᠬᠡᠢ ᠭᠠᠴᠢᠭᠳᠠᠵᠤ ᠪᠠᠶᠢᠬᠤ ᠳᠤ ᠦᠯᠵᠡᠶᠢᠮᠦ᠋ᠷᠡᠨ ᠰᠤᠮᠤᠨ ᠤ ᠪᠤᠯᠠᠭ ᠭᠠᠴᠠᠭᠠᠨ ᠤ ᠮᠠᠯᠴᠢᠨ ᠨᠤᠮᠢᠨᠳᠠᠯᠠᠢ ᠠᠯᠢ ᠡᠷᠳᠡ 2006 ᠤᠨ ᠠᠴᠠ ᠡᠬᠢᠯᠡᠨ ᠰᠠᠨᠠᠭᠠᠴᠢᠯᠠᠭ᠎ᠠ ᠲᠠᠢ ᠪᠠᠷ ᠮᠠᠯ ᠰᠦᠷᠦᠭ ᠤᠨ ᠪᠦᠳᠦᠴᠡ ᠳᠡᠭᠡᠨ ᠲᠤᠬᠢᠷᠠᠭᠤᠯᠤᠯᠳᠠ ᠬᠢᠭᠡᠳ ᠵᠤᠬᠢᠬᠤ ᠠᠮᠵᠢᠯᠳᠠ ᠤᠯᠵᠤ ᠦᠨᠤᠳᠦᠷ ᠨᠢᠷᠤᠭᠤ ᠬᠡᠳᠡᠭᠡᠷ ᠶᠠᠪᠤᠵᠤ᠂ ᠶᠤᠰᠤᠳᠠᠢ ᠰᠢᠨ᠎ᠡ ᠴᠠᠭ ᠦᠶ᠎ᠡ ᠶᠢᠨ ᠰᠢᠨ᠎ᠡ ᠶᠢ ᠤᠷᠤᠯᠳᠤᠨ ᠰᠡᠳᠭᠢᠳᠡᠭ ᠬᠠᠰᠢᠷ ᠮᠠᠯᠴᠢᠨ ᠪᠤᠯᠵᠠᠢ᠃ ᠤᠳᠤᠬᠠᠨ ᠳᠤ ᠳᠡᠭᠦᠨ ᠤ ᠮᠠᠯ ᠤᠨ ᠦᠩᠭᠡ ᠵᠢᠰᠤ᠂ ᠪᠡᠶ᠎ᠠ ᠪᠢᠯᠳᠠᠷ ᠵᠡᠷᠭᠡ ᠳᠠᠯ᠎ᠠ ᠪᠠᠷ ᠪᠦᠷ ᠰᠠᠶᠢᠨ ᠪᠠᠶᠢᠵᠤ᠂ ᠤᠢᠢᠷ᠎ᠠ ᠤᠷᠴᠢᠮ ᠳᠠᠭᠠᠨ ᠶᠡᠭᠡ ᠨᠡᠷ᠎ᠠ ᠠᠯᠳᠠᠷ ᠲᠠᠢ ᠪᠤᠯᠵᠠᠢ᠃ ︽ᠮᠢᠨᠦ ᠳᠡᠵᠢᠭᠡᠵᠤ ᠪᠠᠶᠢᠭ᠎ᠠ ᠦᠨᠢᠶ᠎ᠠ ᠪᠦᠷᠢ ᠠᠴᠠ ᠡᠳᠦᠷ ᠲᠤ 40 ᠭᠠᠷᠤᠢ ᠵᠢᠩ ᠰᠦ ᠭᠠᠷᠳᠠᠬ᠂ 70 ᠭᠠᠷᠤᠢ ᠵᠢᠩ ᠤᠨ ᠰᠦ ᠲᠠᠢ ᠦᠨᠢᠶ᠎ᠠ ᠴᠦ ᠪᠤᠢ᠂ ᠮᠠᠨ ᠤ ᠬᠢᠨ ᠨᠢᠳᠤᠨᠤᠨ ᠤ ᠴᠠᠭᠠᠨ ᠢᠳᠡᠭᠡᠨ ᠤ ᠤᠷᠤᠯᠭ᠎ᠠ 19 ᠲᠦᠮᠡᠨ ᠲᠦᠭᠦᠷᠢᠭ ᠲᠤ ᠬᠦᠷᠴᠦ᠂ ᠡᠨᠡ ᠵᠢᠯ 20 ᠲᠦᠮᠡᠨ ᠲᠦᠭᠦᠷᠢᠭ ᠢ ᠳᠠᠪᠠᠭ᠋ᠤ ᠪᠤᠯᠤᠮᠵᠢ ᠲᠠᠢ᠃ ᠨᠢᠳᠤᠨᠤᠨ ᠮᠠᠨ ᠤ ᠬᠢᠨ 18 ᠮᠠᠯ ᠬᠤᠳᠠᠯᠳᠤᠵᠤ᠂ 40 ᠲᠦᠮᠡᠨ ᠲᠦᠭᠦᠷᠢᠭ ᠤᠨ ᠴᠡᠪᠡᠷ ᠤᠷᠤᠯᠭ᠎ᠠ ᠤᠯᠤᠬᠰᠡᠨ︾ ᠭᠡᠵᠤ ᠨᠤᠮᠢᠨᠳᠠᠯᠠᠢ ᠳᠠᠨᠢᠯᠴᠠᠭᠤᠯᠵᠤ ᠭᠠᠷᠤᠯ᠎ᠠ᠃
   ᠪᠤᠯᠠᠭ ᠭᠠᠴᠠᠭᠠᠨ ᠳᠤ ᠤᠳᠤᠬᠠᠨ ᠳᠤ ᠨᠡᠶᠢᠳᠡ 1500 ᠭᠠᠷᠤᠢ ᠪᠤᠳᠠ ᠮᠠᠯ ᠲᠠᠢ ᠪᠠᠶᠢᠵᠤ᠂ ᠡᠳᠡᠭᠡᠷ ᠨᠢ 100% ᠪᠠᠷ ᠡᠭᠦᠯᠳᠡᠷ ᠰᠠᠶᠢᠵᠢᠷᠠᠭᠤᠯᠤᠭᠰᠠᠨ ᠰᠢᠮᠧᠨ᠋ᠳᠡᠷ ᠦᠭᠡᠷ ᠪᠤᠯᠤᠨ᠎ᠠ᠃ ︽ᠮᠠᠯ ᠪᠠᠯᠴᠢᠭᠡᠷ ᠤᠨ ᠲᠠᠩᠴᠡᠬᠦᠷᠢ ᠶᠢ ᠪᠠᠳᠤᠯᠠᠨ᠂ ᠪᠤᠭ ᠮᠠᠯ ᠤᠨ ᠲᠤᠭ᠎ᠠ ᠶᠢ ᠴᠦᠬᠡᠳᠬᠡᠨ᠂ ᠪᠤᠳᠠ ᠮᠠᠯ ᠤᠨ ᠲᠤᠭ᠎ᠠ ᠶᠢ ᠳᠤᠭᠳᠠᠭᠤᠨ ᠢᠶᠠᠷ ᠨᠡᠮᠡᠭᠳᠡᠭᠦᠯᠵᠤ᠂ ᠢᠯᠠᠩᠭᠤᠶ᠎ᠠ ᠡᠭᠦᠯᠳᠡᠷ ᠰᠠᠶᠢᠵᠢᠷᠠᠭᠤᠯᠤᠭᠰᠠᠨ ᠠᠴᠠ ᠤᠷᠤᠯᠭ᠎ᠠ ᠶᠢ ᠨᠡᠮᠡᠭᠳᠡᠭᠦᠯᠦᠭᠰᠡᠨ ᠮᠦᠷᠳᠡᠭᠡᠨ ᠠᠷᠠᠴᠢᠯᠠᠨ ᠮᠠᠯᠵᠢᠬᠤ ᠳᠤ ᠪᠡᠶ᠎ᠠ ᠳᠤ ᠠᠮᠠᠷᠬᠠᠨ ᠪᠤᠯᠵᠤ᠂ ᠨᠤᠳᠤᠭ ᠪᠠᠯᠴᠢᠭᠡᠷ ᠤᠨ ᠠᠮᠢ ᠠᠬᠤᠢ ᠳᠤ ᠴᠦ ᠰᠠᠶᠢᠨ ᠪᠤᠯᠵᠠᠢ︾ ᠭᠡᠵᠤ ᠪᠤᠯᠠᠭ ᠭᠠᠴᠠᠭ᠎ᠠ ᠶᠢᠨ ᠭᠠᠴᠠᠭᠠᠨ ᠲᠠᠷᠤᠭ᠎ᠠ ᠱᠧᠩᠯᠢ ᠬᠡᠯᠡᠨ᠎ᠡ᠃
   ᠬᠤᠰᠢᠭᠤᠨ ᠤ ᠪᠠᠨ ︽ᠦᠭᠡᠷ ᠲᠡᠵᠢᠭᠡᠬᠦ ᠲᠤᠰᠬᠠᠢ ᠭᠠᠴᠠᠭ᠎ᠠ︾ ᠪᠠᠷ ᠦᠨᠡᠯᠡᠭᠳᠡᠭᠰᠡᠨ ᠪᠤᠯᠠᠭ ᠭᠠᠴᠠᠭᠠᠨ ᠤ ᠮᠠᠯᠴᠢᠳ ᠤᠨ ᠤᠷᠤᠯᠭ᠎ᠠ ᠪᠤᠯ ᠮᠠᠯ ᠠᠵᠤ ᠠᠬᠤᠢ ᠠᠴᠠ ᠢᠷᠡᠯᠳᠡ ᠲᠠᠢ᠃ 2009 ᠤᠨ ᠠᠴᠠ ᠡᠬᠢᠯᠡᠨ ᠤᠳᠤᠬᠠᠨ ᠪᠤᠯᠳᠠᠯ᠎ᠡ ᠭᠠᠴᠠᠭᠠᠨ ᠲᠠᠷᠤᠭ᠎ᠠ ᠶᠢᠨ ᠠᠵᠢᠯ ᠳᠤ ᠠᠷᠪᠠᠨ ᠵᠢᠯ ᠰᠢᠭᠤᠷᠬᠠᠢᠢᠯᠠᠵᠤ ᠶᠠᠪᠤᠭ᠎ᠠ ᠮᠦᠷᠳᠡᠭᠡᠨ ᠦᠪᠡᠷ ᠤᠨ ᠪᠡᠶ᠎ᠠ ᠪᠠᠷ ᠢᠶᠠᠨ ᠬᠡᠪ ᠲᠦᠷᠢᠮ ᠪᠤᠯᠵᠤ ᠰᠢᠮᠧᠨ᠋ᠳᠠᠷ ᠦᠭᠡᠷ ᠠᠷᠠᠴᠢᠯᠠᠨ ᠳᠡᠵᠢᠭᠡᠵᠤ᠂ ᠵᠢᠯ ᠤᠨ 40 ᠭᠠᠷᠤᠢ ᠲᠦᠮᠡᠨ ᠲᠦᠭᠦᠷᠢᠭ ᠤᠨ ᠤᠷᠤᠯᠭ᠎ᠠ ᠲᠠᠢ ᠴᠢᠨᠡᠭᠡᠯᠢᠭ ᠠᠮᠢᠳᠤᠷᠠᠵᠤ ᠶᠠᠪᠤᠭ᠎ᠠ ᠠᠵᠢ᠃ ᠱᠧᠡᠭᠯᠢ ᠰᠠᠶᠢᠨ ᠡᠭᠦᠯᠳᠡᠷ ᠤᠨ ᠮᠠᠯ ᠠᠷᠠᠴᠢᠯᠠᠨ ᠦᠪᠡᠷ ᠢᠶᠠᠨ ᠪᠠᠶᠠᠯᠢᠭ ᠠᠮᠢᠳᠤᠷᠠᠯ ᠲᠠᠢ ᠪᠤᠯᠤᠭᠰᠠᠨ ᠢᠶᠠᠷ ᠪᠠᠷᠠᠬᠤ ᠦᠭᠡᠢ᠂ ᠠᠶᠢᠯ ᠤᠯᠠᠨ ᠢᠶᠠᠨ ᠬᠡᠷᠬᠢᠨ ᠴᠢᠨᠡᠭᠡᠯᠢᠭᠵᠢᠭᠦᠯᠬᠦ ᠲᠤᠬᠠᠢ ᠳᠤ ᠰᠠᠨᠠᠭ᠎ᠠ ᠰᠡᠳᠭᠢᠯ ᠢᠶᠠᠨ ᠵᠦᠳᠡᠷᠡᠭᠡᠭᠰᠡᠭᠡᠷ᠃ ᠲᠡᠷᠡ ᠭᠠᠴᠠᠭᠠᠨ ᠤ ᠬᠢ ᠪᠠᠨ ᠤᠯᠠᠨ ᠲᠦᠮᠡᠨ ᠢᠶᠠᠨ ᠳᠠᠭᠠᠭᠤᠯᠤᠨ ︽ᠱᠧᠡᠭᠯᠢ ᠦᠭᠡᠷ ᠲᠡᠵᠢᠭᠡᠬᠦ ᠬᠤᠷᠰᠢᠶ᠎ᠠ︾ ᠪᠠᠨ ᠲᠠᠩᠰᠠᠯᠠᠭᠤᠯᠵᠤ᠂ ᠭᠠᠴᠠᠭᠠᠨ ᠳᠠᠭᠠᠨ ᠰᠦ ᠶᠢᠨ ᠦᠷᠳᠡᠭᠡ ᠭᠠᠷᠭᠠᠨ ᠮᠠᠯᠴᠢᠳ ᠤᠨ ᠢᠶᠠᠨ ᠤᠷᠤᠯᠭ᠎ᠠ ᠶᠢ ᠨᠡᠮᠡᠭᠳᠡᠭᠦᠯᠦᠭᠰᠡᠨ ᠦᠡᠭᠭᠡᠷᠡᠯᠳᠡ ᠲᠠᠢ᠃ ᠮᠠᠯᠴᠢᠳ ᠤᠨ ᠢᠶᠠᠨ ᠮᠠᠯ ᠲᠡᠵᠢᠭᠡᠵᠤ ᠤᠷᠤᠯᠭ᠎ᠠ ᠶᠢ ᠨᠢ ᠨᠡᠮᠡᠭᠳᠡᠭᠦᠯᠬᠦ ᠶᠢᠨ ᠲᠦᠯᠦᠭᠡ᠂ ᠲᠡᠷᠡ ᠨᠢᠳᠤᠨᠤᠨ ᠭᠠᠴᠠᠭᠠᠨ ᠤ ᠪᠠᠨ 13 ᠡᠷᠦᠬᠡ ᠶᠢ ᠬᠤᠷᠰᠢᠶ᠎ᠠ ᠳᠠᠭᠠᠨ ᠤᠷᠤᠭᠤᠯᠤᠨ ᠰᠠᠶᠢᠨ ᠡᠭᠦᠯᠳᠡᠷ ᠤᠨ ᠮᠠᠯ ᠠᠵᠤ ᠠᠬᠤᠢ ᠶᠢ ᠬᠦᠭᠵᠢᠭᠦᠯᠪᠡ᠃ ︽ᠬᠤᠷᠰᠢᠶ᠎ᠠ ᠶᠢᠨ ᠰᠠᠭᠤᠷᠢ ᠪᠦᠳᠦᠭᠡᠨ ᠪᠠᠶᠢᠭᠤᠯᠤᠯᠳᠠ ᠳᠤ 10 ᠰᠠᠭᠤᠷᠢ ᠮᠠᠯ ᠤᠨ ᠫᠸᠡᠭ ᠪᠠᠷᠢᠬᠤ ᠪᠠᠷ ᠲᠦᠯᠦᠪᠯᠡᠵᠤ ᠪᠠᠶᠢᠨ᠎ᠠ᠂ ᠨᠢᠳᠤᠨᠤᠨ ᠰᠠᠭᠤᠷᠢ ᠪᠦᠷᠢ ᠨᠢ 600 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠭᠤᠷᠪᠠᠨ ᠰᠠᠭᠤᠷᠢ ᠫᠸᠡᠭ ᠪᠠᠷᠢᠵᠤ᠂ ᠪᠠᠰᠠ ᠡᠪᠡᠰᠦᠨ ᠬᠦᠮᠦᠷᠭᠡ᠂ ᠲᠡᠵᠢᠭᠡᠯ ᠪᠤᠷᠳᠤᠭ᠎ᠠ ᠡᠳ᠋ᠰᠢᠭᠦᠯᠬᠦ᠂ ᠮᠠᠯ ᠤᠨ ᠰᠢᠭᠡᠭ ᠪᠤᠷᠳᠤᠭᠤᠷ ᠢ ᠴᠡᠪᠡᠷᠯᠡᠬᠦ ᠲᠠᠰᠤᠭ᠂ ᠠᠷᠢᠭᠤᠳᠬᠠᠬᠤ ᠭᠡᠷ ᠵᠡᠷᠭᠡ ᠶᠢ ᠪᠠᠶᠢᠭᠤᠯᠵᠤ᠂ ᠪᠦᠬᠦ᠋ᠢᠯᠡ ᠪᠠᠷᠢᠯᠭ᠎ᠠ ᠳᠤ 124 ᠲᠦᠮᠡᠨ ᠲᠦᠭᠦᠷᠢᠭ ᠤᠷᠤᠭᠤᠯᠵᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠳᠤ ᠲᠦᠷᠦᠯ ᠵᠦᠢᠯ ᠭᠤᠶᠤᠴᠢᠯᠠᠬᠤ ᠪᠠᠷ ᠲᠦᠯᠦᠪᠯᠡᠵᠤ ᠪᠠᠶᠢᠨ᠎ᠠ︾ ᠭᠡᠵᠤ ᠱᠸᠡᠭᠯᠢ ᠲᠠᠨᠢᠯᠴᠠᠭᠤᠯᠤᠨ᠎ᠠ᠃
   ︽ᠪᠤᠯᠠᠭ ᠭᠠᠴᠠᠭ᠎ᠠ ᠰᠤᠮᠤᠨ ᠳᠠᠭᠠᠨ ᠠᠪᠴᠤ ᠬᠡᠯᠡᠪᠡᠯ ᠭᠠᠵᠠᠷ ᠨᠤᠳᠤᠭ ᠢᠶᠠᠷ ᠪᠠᠭ᠎ᠠ ᠭᠠᠴᠠᠭ᠎ᠠ ᠳᠠᠭᠠᠨ ᠲᠤᠭᠠᠴᠠᠭᠳᠠᠨ᠎ᠡ᠃ ᠮᠠᠨ ᠤ ᠭᠠᠴᠠᠭ᠎ᠠ ᠦᠨᠦᠳᠦᠷ ᠤᠨ ᠰᠢᠭ ᠬᠤᠪᠢᠷᠠᠯᠳᠠ ᠲᠠᠢ ᠪᠤᠯᠤᠭᠰᠠᠨ ᠨᠢ ᠪᠦᠷ ᠨᠠᠮ ᠤᠨ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠬᠢᠭᠡᠳ ᠤᠯᠠᠨ ᠲᠦᠮᠡᠨ ᠤ ᠮᠠᠨᠢ ᠴᠢᠷᠮᠠᠶᠢᠨ ᠠᠵᠢᠯᠯᠠᠵᠤ ᠢᠷᠡᠭᠰᠡᠨ ᠲᠠᠢ ᠨᠢᠭᠳᠠ ᠬᠤᠯᠪᠤᠭ᠎ᠠ ᠲᠠᠢ᠂ ᠮᠠᠨ ᠤ ᠮᠠᠯᠴᠢᠳ ᠠᠵᠢᠯ ᠳᠤ ᠰᠠᠶᠢᠨ᠂ ᠲᠡᠭᠡᠬᠦ ᠪᠠᠷ ᠠᠮᠢᠳᠤᠷᠠᠯ ᠰᠠᠶᠢᠵᠢᠷᠠᠵᠤ ᠪᠠᠶᠢᠳᠠᠭ ᠨᠢ ᠡᠨᠡ ᠰᠢᠤ︕︾ ᠭᠡᠵᠤ ᠪᠤᠯᠠᠭ ᠭᠠᠴᠠᠭ᠎ᠠ ᠶᠢᠨ ᠠᠬᠠᠮᠠᠳ ᠤᠳᠤᠷᠢᠳᠤᠯᠭ᠎ᠠ᠂ ᠡᠨᠡ ᠵᠢᠯ ᠳᠠᠯᠠ ᠲᠦᠭᠦᠭᠰᠡᠨ ᠪᠤᠶᠠᠨᠳᠠᠯᠠᠢ ᠨᠠᠰᠤᠳᠠᠨ ᠤᠷᠮᠠᠳᠠᠶᠢᠬᠠᠨ ᠶᠠᠷᠢᠵᠤ ᠪᠠᠶᠢᠵᠠᠢ᠃ 2018 ᠤᠨ ᠪᠤᠯᠬᠤ ᠳᠤ ᠪᠤᠯᠠᠭ ᠭᠠᠴᠠᠭ᠎ᠠ ᠶᠢᠨ ᠬᠦᠮᠦᠨ ᠲᠤᠮᠳᠠᠴᠢ ᠶᠢᠨ ᠤᠷᠤᠯᠭ᠎ᠠ 18000 ᠲᠦᠭᠦᠷᠢᠭ ᠰᠢᠬᠠᠵᠠᠢ᠃
   ᠮᠠᠯ ᠪᠠᠯᠴᠢᠭᠡᠷ ᠤᠨ ᠲᠠᠩᠴᠡᠬᠦᠷᠢ ᠶᠢ ᠪᠠᠳᠤᠯᠠᠬᠤ ᠶᠢᠨ ᠲᠦᠯᠦᠭᠡ᠂ ᠵᠠᠷᠤᠳ ᠬᠤᠰᠢᠭᠤ 2000 ᠤᠨ ᠠᠴᠠ ᠡᠬᠢᠯᠡᠵᠤ᠂ ᠮᠠᠯ ᠰᠦᠷᠦᠭ ᠢ ᠴᠢᠬᠢ ᠨᠤᠭᠤᠭ᠎ᠠ ᠨᠠᠬᠢᠶᠠᠯᠠᠨ ᠤᠷᠭᠤᠬᠤ ᠬᠤᠭᠤᠴᠠᠭᠠᠨ ᠳᠤ ᠬᠠᠰᠢᠶᠠᠯᠠᠨ ᠲᠡᠵᠢᠭᠡᠵᠤ ᠪᠠᠶᠢᠭᠰᠠᠨ ᠢᠶᠠᠨ ᠡᠨᠡ ᠬᠤᠶᠠᠷ ᠵᠢᠯ ᠠᠴᠠ ᠡᠬᠢᠯᠡᠨ ᠪᠤᠭ ᠮᠠᠯ ᠢ ᠪᠦᠬᠦ ᠵᠢᠯ ᠢᠶᠠᠷ ᠬᠠᠰᠢᠶᠠᠯᠠᠨ ᠳᠡᠵᠢᠭᠡᠵᠤ᠂ ᠰᠠᠶᠢᠨ ᠡᠭᠦᠯᠳᠡᠷ ᠤᠨ ᠮᠠᠯ ᠳᠡᠵᠢᠭᠡᠭᠦ ᠶᠢ ᠵᠤᠷᠢᠬᠵᠢᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠨ᠎ᠠ᠃ ᠪᠠᠶᠠᠨ ᠳᠠᠩᠰᠤᠭ ᠡᠯᠪᠡᠭ ᠬᠤᠷᠢᠶᠠᠯᠳᠠ ᠶᠢᠨ ᠤᠷᠡᠢ ᠬᠤᠷᠦ᠋ᠢᠯᠡᠨ᠂ ᠮᠠᠯᠴᠢᠨ ᠲᠦᠮᠡᠨ ᠴᠦ ᠤᠬᠠᠭᠠᠨ ᠪᠤᠳᠤᠯᠭ᠎ᠠ ᠤᠢᠢᠭ᠎ᠠ ᠦᠭᠡᠢ ᠬᠦᠳᠡᠯᠮᠦᠷᠢ ᠪᠠᠷ ᠲᠠᠮᠵᠢᠭᠠᠳ ᠪᠠᠶᠠᠨ ᠴᠢᠨᠡᠭᠡᠯᠢᠭ ᠰᠢᠨ᠎ᠡ ᠠᠮᠢᠳᠤᠷᠠᠯ ᠢᠶᠠᠨ ᠤᠬᠳᠤᠨ᠎ᠠ᠃ ᠵᠣᠬᠢᠶᠠᠭᠴᠢ᠄  ᠭᠤᠸ᠎ᠠ ᠳᠡᠯᠭᠡᠷᠭᠦᠦ



  
     
     