ᠮᠠᠭᠢᠰᠲ᠋ᠷ᠂ ᠳ᠋ᠣᠺᠲ᠋ᠣᠷ ᠤᠨ ᠵᠡᠷᠭᠡ ᠭᠣᠷᠢᠯᠠᠭᠰᠠᠨ ᠪᠥᠲᠦᠭᠡᠯ ᠪᠢᠴᠢᠬᠦ ᠠᠷᠭᠠᠴᠠᠯᠠᠯ
2018-11-07 01:42
388
0
ᠮᠠᠭᠢᠰᠲ᠋ᠷ᠂ ᠳ᠋ᠣᠺᠲ᠋ᠣᠷ ᠤᠨ ᠵᠡᠷᠭᠡ ᠭᠣᠷᠢᠯᠠᠭᠰᠠᠨ ᠪᠥᠲᠦᠭᠡᠯ ᠪᠢᠴᠢᠬᠦ ᠠᠷᠭᠠᠴᠠᠯᠠᠯ
ᠨᠢᠭᠡ᠄ ᠮᠠᠭᠢᠰᠲ᠋ᠷ ᠤᠨ ᠳ᠋ᠢᠫᠯᠣᠮ ᠤᠨ ᠠᠵᠢᠯ᠂ ᠳ᠋ᠣᠺᠲ᠋ᠣᠷ ᠤᠨ ᠵᠡᠷᠭᠡ ᠭᠣᠷᠢᠯᠠᠭᠰᠠᠨ ᠨᠢᠭᠡ ᠰᠡᠳᠦᠪᠲᠦ ᠪᠥᠲᠦᠭᠡᠯ ᠳᠦ ᠲᠠᠯᠪᠢᠭᠳᠠᠬᠤ ᠱᠠᠭᠠᠷᠳᠠᠯᠭ᠎ᠠ
ᠪᠠᠺᠠᠯᠠᠪᠤᠷᠢ ᠶᠢᠨ ᠵᠡᠷᠭᠡ ᠲᠠᠢ ᠬᠥᠮᠥᠨ ᠰᠤᠳᠤᠯᠭ᠎ᠠ ᠰᠢᠨᠵᠢᠯᠡᠭᠡᠨ ᠦ ᠪᠣᠯᠣᠨ ᠮᠡᠷᠭᠡᠵᠢᠯ ᠦᠨ ᠴᠢᠭᠯᠡᠯ ᠢᠶᠡᠷ ᠠᠬᠢᠭᠰᠠᠨ ᠲᠥᠪᠰᠢᠨ ᠳᠦ ᠮᠡᠷᠭᠡᠰᠢᠭᠦᠯᠬᠦ ᠰᠤᠷᠭᠠᠯᠲᠠ ᠳᠤ ᠰᠤᠷᠤᠯᠴᠠᠵᠤ ᠲᠣᠳᠣᠷᠬᠠᠢ ᠰᠡᠳᠦᠪ ᠢᠶᠡᠷ ᠮᠠᠭᠢᠰᠲᠷ ᠤᠨ ᠵᠡᠷᠭᠡ ᠭᠣᠷᠢᠯᠠᠭᠰᠠᠨ ᠳ᠋ᠢᠫᠯᠣᠮ ᠤᠨ ᠠᠵᠢᠯ ᠪᠢᠴᠢᠵᠦ ᠬᠠᠮᠠᠭᠠᠯᠠᠳᠠᠭ᠃
ᠮᠠᠭᠢᠰᠲ᠋ᠷ ᠤᠨ ᠵᠡᠷᠭᠡ ᠭᠣᠷᠢᠯᠠᠵᠤ ᠪᠢᠴᠢᠭᠰᠡᠨ ᠳ᠋ᠢᠫᠯᠣᠮ ︵ᠲᠥᠰᠥᠯ︶ᠦᠨ ᠠᠵᠢᠯ ᠨᠢ ᠲᠤᠬᠠᠢ ᠶᠢᠨ ᠰᠢᠨᠵᠢᠯᠡᠬᠦ ᠤᠬᠠᠭᠠᠨ ᠤ ᠲᠣᠳᠣᠷᠬᠠᠢ ᠠᠰᠠᠭᠤᠳᠠᠯ ᠢ ᠭᠦᠨᠵᠡᠭᠡᠶᠢᠷᠡᠭᠦᠯᠦᠭᠰᠡᠨ ᠰᠤᠳᠤᠯᠭ᠎ᠠ ᠲᠤᠷᠰᠢᠯᠲᠠ ᠶᠢ ᠣᠨᠣᠯ ᠠᠷᠭ᠎ᠠ ᠵᠦᠢ ᠶᠢᠨ ᠵᠣᠬᠢᠬᠤ ᠲᠦᠪᠰᠢᠨ ᠳᠦ ᠭᠦᠢᠴᠡᠳᠭᠡᠵᠦ᠂ ᠪᠣᠳᠠᠲᠤ ᠦᠨᠳᠦᠰᠦᠯᠡᠯ᠂ ᠦᠷ᠎ᠡ ᠳ᠋ᠦᠩ ᠳᠦ ᠬᠦᠷᠦᠭᠰᠡᠨ ᠲᠤᠬᠠᠢ ᠡᠷᠳᠡᠮ ᠰᠢᠨᠵᠢᠯᠡᠭᠡᠨ ᠦ ᠨᠢᠭᠡ ᠰᠡᠳᠦᠪᠲᠦ ᠪᠦᠲᠦᠭᠡᠯ ᠪᠤᠶᠤ ᠡᠷᠳᠡᠮ ᠰᠢᠨᠵᠢᠯᠡᠭᠡᠨ ᠦ ᠲᠣᠶᠢᠮᠣ ᠥᠭᠦᠯᠡᠯ ᠦᠨ ᠲᠦᠪᠰᠢᠨ ᠳᠦ ᠪᠢᠴᠢᠭᠳᠡᠭᠰᠡᠨ ᠪᠦᠲᠦᠭᠡᠯ ᠪᠠᠶᠢᠬᠤ ᠱᠠᠭᠠᠷᠳᠠᠯᠭ᠎ᠠ ᠲᠠᠢ ᠃
ᠳ᠋ᠣᠺᠲ᠋ᠣᠷ ᠤᠨ ᠵᠡᠷᠭᠡ ᠭᠣᠷᠢᠯᠠᠭᠰᠠᠨ ᠨᠢᠭᠡ ᠰᠡᠳᠦᠪᠲᠦ ᠪᠦᠲᠦᠭᠡᠯ ᠨᠢ ᠪᠣᠯᠪᠠᠰᠤᠷᠠᠯ ᠂ ᠰᠤᠶᠤᠯ ᠂ ᠰᠢᠨᠵᠢᠯᠡᠬᠦ ᠤᠬᠠᠭᠠᠨ ᠤ ᠶᠠᠮᠤᠨ ᠤ 2003 ᠣᠨ ᠤ 110 ᠳ᠋ᠤᠭᠠᠷ ᠲᠤᠰᠢᠶᠠᠯ ᠤᠨ 2 ᠳ᠋ᠤᠭᠠᠷ ᠬᠠᠪᠰᠤᠷᠤᠯᠲᠠ ᠶᠢᠨ 《ᠳ᠋ᠣᠺᠲ᠋ᠣᠷ ᠤᠨ ᠵᠡᠷᠭᠡ ᠬᠠᠮᠠᠭᠠᠯᠠᠭᠤᠯᠬᠤ ᠳᠦᠷᠢᠮ 》4.2 Б- ᠳᠦ ᠵᠢᠭᠠᠭᠰᠠᠨ ᠢᠶᠠᠷ ᠰᠢᠨᠵᠢᠯᠡᠬᠦ ᠤᠬᠠᠭᠠᠨ᠂ ᠲᠧᠭᠨᠣᠯᠣᠭᠢ ᠳᠤ ᠲᠣᠳᠣᠷᠬᠠᠢ ᠬᠤᠪᠢ ᠨᠡᠮᠡᠷᠢ ᠣᠷᠣᠭᠤᠯᠵᠤ᠂ ᠣᠨᠣᠯ ᠫᠷᠠᠺᠲ᠋ᠢᠭ ᠤᠨ ᠠᠰᠠᠭᠤᠳᠠᠯ ᠢ ᠰᠢᠢᠳᠪᠦᠷᠢᠯᠡᠭᠰᠡᠨ᠂ ᠤᠯᠤᠰ ᠣᠷᠣᠨ ᠤ ᠡᠳ᠋ ᠦᠨ ᠵᠠᠰᠠᠭ ᠢ ᠬᠥᠭᠵᠢᠭᠦᠯᠬᠦ ᠳᠦ ᠴᠢᠭᠯᠡᠭᠰᠡᠨ᠂ ᠰᠤᠷᠭᠠᠯᠲᠠ᠂ ᠦᠢᠯᠡᠳᠪᠦᠷᠢᠯᠡᠯ᠂ ᠡᠷᠳᠡᠮ ᠰᠢᠨᠵᠢᠯᠡᠭᠡᠨ ᠦ ᠠᠵᠢᠯ ᠳᠤ ᠨᠡᠪᠲᠡᠷᠡᠭᠦᠯᠬᠦ ᠠᠰᠠᠭᠤᠳᠠᠯ ᠢ ᠲᠤᠰᠬᠠᠭᠰᠠᠨ ᠪᠠᠶᠢᠨ᠎ᠠ᠃
ᠳ᠋ᠢᠰᠰᠧᠷᠲ᠋ᠠᠼᠢ ᠨᠢ ︵ᠯᠠᠲ᠋ᠢᠨ ᠬᠡᠯᠡᠨ ᠦ dissertaitio᠂ ᠲᠤᠩᠭᠠᠨ ᠪᠣᠳᠣᠬᠤ᠂ ᠰᠤᠳᠤᠯᠬᠤ ᠭᠡᠰᠡᠨ ᠤᠳᠬ᠎ᠠ ᠲᠠᠢ︶ ᠰᠤᠳᠤᠯᠤᠭᠠᠴᠢ ᠲᠣᠳᠣᠷᠬᠠᠢ ᠨᠢᠭᠡ ᠰᠡᠳᠦᠪ ᠢᠶᠡᠷ ᠳᠡᠪᠰᠢᠭᠦᠯᠦᠭᠰᠡᠨ ᠲᠠᠭᠠᠮᠠᠭᠯᠠᠯ ᠢᠶᠠᠨ ᠪᠠᠲᠤᠯᠠᠵᠤ ᠪᠤᠢ ᠶᠢ ᠰᠢᠷᠬᠡᠭᠴᠢᠯᠡᠨ ᠲᠣᠳᠣᠷᠬᠠᠶᠢᠯᠠᠵᠤ ᠳᠦᠷᠰᠦᠯᠡᠳᠡᠭ ︵ᠡᠰᠡᠪᠡᠯ ᠴᠥᠭᠡᠨ ᠲᠣᠬᠢᠶᠠᠯᠳᠤᠯ ᠳᠤ ᠮᠡᠳᠡᠭᠳᠡᠯ ᠢᠶᠡᠨ ᠪᠠᠲᠤᠯᠠᠳᠠᠭ ᠦᠭᠡᠢ ᠪᠠ ᠥᠭᠡᠷ᠎ᠡ ᠴᠢᠬᠤᠯᠠ ᠦᠷ᠎ᠡ ᠳ᠋ᠦᠩ ᠢ ᠢᠯᠡᠷᠬᠡᠶᠢᠯᠡᠳᠡᠭ︶᠂ ᠲᠤᠬᠠᠢ ᠶᠢᠨ ᠡᠷᠳᠡᠮ ᠦᠨ ᠠᠵᠢᠯ ᠤᠨ ᠲᠠᠯ᠎ᠠ ᠪᠠᠷ ᠰᠢᠭᠦᠮᠵᠢᠯᠡᠯ ᠥᠷᠨᠢᠭᠦᠯᠬᠦ ᠳᠦ ᠠᠰᠢᠭᠯᠠᠭᠳᠠᠳᠠᠭ ᠠᠯᠪᠠᠨ ᠶᠣᠰᠣᠨ ᠤ᠂ ᠰᠢᠨᠵᠢᠯᠡᠬᠦ ᠤᠬᠠᠭᠠᠨ ᠤ ᠵᠣᠬᠢᠶᠠᠯ ᠤᠨ ᠨᠠᠶᠢᠷᠠᠭᠤᠯᠭ᠎ᠠ ᠪᠠᠷ ᠨᠠᠶᠢᠷᠠᠭᠤᠯᠤᠨ ᠲᠣᠮᠢᠶᠠᠯᠠᠵᠤ ᠪᠢᠴᠢᠭᠰᠡᠨ ᠪᠠᠷᠢᠮᠲᠠ ᠪᠢᠴᠢᠭ ᠶᠤᠮ᠃
ᠳ᠋ᠣᠺᠲ᠋ᠣᠷ ᠤᠨ ᠵᠡᠷᠭᠡ ᠭᠣᠷᠢᠯᠠᠭᠰᠠᠨ ᠨᠢᠭᠡ ᠰᠡᠳᠦᠪᠲᠦ ᠪᠥᠲᠦᠭᠡᠯ ︵ᠳ᠋ᠢᠰᠰᠧᠷᠲ᠋ᠠᠼᠢ︶ᠳᠦ ᠳᠡᠪᠰᠢᠭᠦᠯᠦᠭᠰᠡᠨ ᠰᠢᠨ᠎ᠡ ᠰᠠᠨᠠᠯ ᠰᠢᠢᠳᠦᠯ ᠢ ᠣᠨᠣᠯ ᠲᠤᠷᠰᠢᠯᠲᠠ ᠪᠠᠷ ᠨᠣᠲᠠᠯᠠᠭᠰᠠᠨ᠂ ᠤᠷᠢᠳᠤ ᠡᠮᠦᠨ᠎ᠡ ᠮᠡᠳᠡᠭᠳᠡᠵᠦ ᠪᠠᠶᠢᠭᠰᠠᠨ ᠰᠢᠢᠳᠦᠯ ᠦᠳ ᠲᠡᠢ ᠪᠦᠬᠦ ᠲᠠᠯ᠎ᠠ ᠪᠠᠷ ᠬᠠᠷᠢᠴᠠᠭᠤᠯᠵᠤ᠂ ᠰᠢᠨᠡᠯᠢᠭ ᠪᠣᠯᠤᠨ ᠳᠠᠪᠠᠭᠤ ᠲᠠᠯ᠎ᠠ ᠶᠢ ᠨᠢ ᠨᠡᠭᠡᠭᠡᠨ ᠬᠠᠷᠠᠭᠤᠯᠤᠭᠰᠠᠨ ᠪᠠᠶᠢᠨ᠎ᠠ ᠃
ᠬᠠᠪᠰᠤᠷᠭ᠎ᠠ ᠰᠢᠨᠵᠢᠯᠡᠬᠦ ᠤᠬᠠᠭᠠᠨ ᠤ ᠳ᠋ᠢᠰᠰᠧᠷᠲ᠋ᠠᠼᠢ ᠳᠤ ᠭᠣᠷᠢᠯᠠᠭᠴᠢ ᠨᠢ ᠳᠡᠪᠰᠢᠭᠦᠯᠦᠭᠰᠡᠨ ᠰᠢᠨᠵᠢᠯᠡᠬᠦ ᠤᠬᠠᠭᠠᠨ ᠤ ᠰᠢᠢᠳᠦᠯ ᠢᠶᠡᠨ ᠫᠷᠠᠺᠲ᠋ᠢᠭ ᠲᠤ ᠬᠡᠷᠬᠢᠨ ᠬᠡᠷᠡᠭᠯᠡᠬᠦ ᠲᠤᠬᠠᠢ᠂ ᠬᠠᠷᠢᠨ ᠣᠨᠣᠯ ᠤᠨ ᠰᠢᠨᠵᠢᠯᠡᠬᠦ ᠤᠬᠠᠭᠠᠨ ᠤ ᠳ᠋ᠢᠰᠰᠧᠷᠲ᠋ᠠᠼᠢ ᠳᠤ ᠲᠤᠬᠠᠢ ᠶᠢᠨ ᠰᠢᠨᠵᠢᠯᠡᠬᠦ ᠤᠬᠠᠭᠠᠨ ᠤ ᠳ᠋ᠦᠩᠨᠡᠯᠲᠡ ᠨᠦᠭᠦᠳ ᠢ ᠠᠰᠢᠭᠯᠠᠬᠤ ᠵᠢᠭᠠᠪᠤᠷᠢ ᠤᠳ ᠢ ᠵᠢᠭᠠᠵᠤ ᠥᠭᠳᠡᠭ᠃
ᠵᠡᠷᠭᠡ ᠭᠣᠷᠢᠯᠠᠭᠰᠠᠨ ᠨᠢᠭᠡ ᠰᠡᠳᠦᠪᠲᠦ ᠪᠦᠲᠦᠭᠡᠯ ᠦᠨ ︵ᠳ᠋ᠢᠰᠰᠧᠷᠲ᠋ᠠᠼᠢ ᠶᠢᠨ︶ ᠤᠳᠬ᠎ᠠ ᠠᠭᠤᠯᠭ᠎ᠠ ᠨᠢ ᠥᠪᠡᠷᠮᠢᠴᠡ᠂ ᠲᠠᠯᠪᠢᠵᠤ ᠪᠤᠢ ᠦᠨᠳᠦᠰᠦᠯᠡᠯ ᠨᠢ ᠳᠠᠪᠲᠠᠭᠳᠠᠭᠠ ᠦᠭᠡᠢ ᠪᠠᠶᠢᠬᠤ ᠱᠠᠭᠠᠷᠳᠠᠯᠭ᠎ᠠ ᠲᠠᠢ᠃
ᠳ᠋ᠢᠰᠰᠧᠷᠲ᠋ᠠᠼᠢ ᠶᠢᠨ ᠤᠳᠬ᠎ᠠ ᠠᠭᠤᠯᠭ᠎ᠠ ᠶᠢ ᠢᠯᠡᠷᠬᠡᠶᠢᠯᠡᠨ ᠭᠠᠷᠭᠠᠵᠤ ᠲᠠᠯᠪᠢᠬᠤ ᠳᠠᠭᠠᠨ ᠮᠠᠲ᠋ᠧᠮᠠᠲ᠋ᠢᠺ ᠠᠫᠫᠠᠷᠠᠲ᠂ ᠰᠡᠳᠬᠢᠬᠦᠢ ᠶᠢᠨ ᠯᠣᠭᠢᠭ ᠬᠡᠷᠡᠭᠯᠡᠭᠦᠷ ᠦᠳ᠂ ᠬᠡᠶᠢᠰᠪᠦᠷᠢᠯᠡᠯ ᠢ ᠥᠨᠳᠥᠷ ᠬᠡᠮᠵᠢᠶᠡᠨ ᠳᠦ ᠬᠡᠷᠡᠭᠯᠡᠭᠰᠡᠨ᠂ ᠲᠣᠭ᠎ᠠ ᠪᠠᠷᠢᠮᠲᠠ ᠨᠤᠭᠤᠳ ᠨᠢ ᠦᠨᠡᠨ ᠵᠥᠪ ᠪᠠᠶᠢᠨ᠎ᠠ᠃
ᠬᠣᠶᠠᠷ᠄ ᠰᠤᠳᠤᠯᠭᠠᠨ ᠤ ᠠᠵᠢᠯ ᠤᠨ ᠶᠡᠷᠦᠩᠬᠡᠢ ᠳᠡᠰ ᠳᠠᠷᠠᠭᠠᠯᠠᠯ
ᠰᠤᠳᠤᠯᠭᠠᠨ ᠦ ᠠᠵᠢᠯ ᠤᠨ ᠶᠠᠪᠤᠴᠠ ᠶᠢ ᠳᠠᠷᠠᠭᠠᠬᠢ ᠳᠡᠰ ᠳᠠᠷᠠᠭᠠᠯᠠᠯ ᠢᠶᠠᠷ ᠦᠯᠢᠭᠡᠷᠯᠡᠨ ᠬᠠᠷᠠᠭᠤᠯᠵᠤ ᠪᠣᠯᠤᠨ᠎ᠠ᠃
⑴ᠠᠵᠢᠯ ᠦᠨ ᠰᠡᠳᠦᠪ ᠰᠤᠩᠭᠤᠬᠤ᠂ ᠰᠡᠳᠦᠪ ᠦᠨ ᠴᠢᠬᠤᠯᠠ᠂ ᠴᠠᠭ ᠦᠶ᠎ᠡ ᠪᠡᠨ ᠣᠯᠤᠭᠰᠠᠨ᠂ ᠰᠤᠳᠤᠯᠬᠤ ᠱᠠᠭᠠᠷᠳᠠᠯᠭ᠎ᠠ ᠲᠠᠢ ᠪᠣᠯᠬᠤ ᠶᠢ ᠦᠨᠳᠦᠰᠦᠯᠡᠬᠦ᠃
⑵ᠰᠤᠳᠤᠯᠭᠠᠨ ᠤ ᠵᠣᠷᠢᠯᠭ᠎ᠠ ᠪᠠᠨ ᠲᠣᠳᠣᠷᠬᠠᠶᠢᠯᠠᠵᠤ᠂ ᠵᠣᠷᠢᠯᠲᠠ ᠲᠠᠯᠪᠢᠬᠤ᠃
⑶ᠰᠤᠳᠤᠯᠤᠭᠳᠠᠬᠤᠨ᠂ ᠰᠤᠳᠤᠯᠬᠤᠨ ᠢ ᠲᠣᠳᠣᠷᠬᠠᠶᠢᠯᠠᠬᠤ᠃
⑷ᠰᠤᠳᠤᠯᠭᠠᠨ ᠤ ᠠᠷᠭ᠎ᠠ ᠨᠤᠭᠤᠳ ᠢ ᠰᠤᠩᠭᠤᠬᠤ᠃
⑸ᠰᠤᠳᠤᠯᠭᠠᠨ ᠤ ᠶᠠᠪᠤᠴᠠ ᠶᠢ ᠪᠢᠴᠢᠬᠦ᠃
⑹ᠭᠠᠷᠤᠭᠰᠠᠨ ᠦᠷ᠎ᠡ ᠳ᠋ᠦᠩ ᠢ ᠪᠣᠯᠪᠠᠰᠤᠷᠠᠭᠤᠯᠬᠤ᠂ ᠳ᠋ᠦᠩ ᠰᠢᠨᠵᠢᠯᠡᠭᠡ ᠬᠢᠬᠦ᠃
⑺ᠰᠤᠳᠤᠯᠭᠠᠨ ᠤ ᠦᠷ᠎ᠡ ᠳ᠋ᠦᠩ ᠢᠶᠡᠷ ᠶᠡᠷᠦᠩᠬᠡᠢ ᠳ᠋ᠦᠩᠨᠡᠯᠲᠡ᠂ ᠵᠥᠪᠯᠡᠮᠵᠢ ᠭᠠᠷᠭᠠᠬᠤ᠃
※ᠰᠡᠳᠦᠪ ᠰᠤᠩᠭᠤᠬᠤ᠄
ᠰᠡᠳᠦᠪ ᠰᠣᠩᠭᠣᠬᠤ ᠳᠤ ᠲᠤᠬᠠᠢ ᠶᠢᠨ ᠰᠠᠯᠪᠤᠷᠢ ᠳᠤ ᠠᠵᠢᠯᠯᠠᠵᠤ ᠴᠤᠭᠯᠠᠭᠤᠯᠤᠭᠰᠠᠨ ᠮᠡᠳᠡᠯᠭᠡ᠂ ᠲᠤᠷᠰᠢᠯᠭ᠎ᠠ᠂ ᠪᠦᠲᠦᠭᠡᠯᠴᠢ ᠰᠠᠨᠠᠭ᠎ᠠ᠂ ᠲᠤᠬᠠᠢ ᠶᠢᠨ ᠰᠠᠯᠪᠤᠷᠢ ᠶᠢᠨ ᠡᠷᠳᠡᠮ ᠰᠢᠨᠵᠢᠯᠡᠭᠡᠨ ᠦ ᠬᠤᠷᠠᠯ ᠳᠤ ᠢᠯᠡᠳᠬᠡᠯ ᠲᠠᠯᠪᠢᠵᠤ ᠣᠷᠣᠯᠴᠠᠵᠤ ᠪᠠᠶᠢᠭᠰᠠᠨ ᠲᠤᠷᠰᠢᠯᠭ᠎ᠠ᠂ ᠭᠠᠳᠠᠭᠠᠳᠤ ᠬᠡᠯᠡᠨ ᠦ ᠮᠡᠳᠡᠯᠭᠡ ᠶᠢᠨ ᠲᠦᠪᠰᠢᠨ ᠮᠥᠨ ᠰᠡᠳᠬᠢᠯ ᠵᠦᠢ ᠶᠢᠨ ᠪᠡᠯᠡᠳᠬᠡᠯ ᠶᠡᠬᠡ ᠡᠭᠦᠷᠭᠡ ᠲᠡᠢ᠃
ᠡᠷᠳᠡᠮ ᠦᠨ ᠵᠡᠷᠭᠡ ᠭᠣᠷᠢᠯᠠᠭᠰᠠᠨ ᠪᠦᠲᠦᠭᠡᠯ ᠢ ᠶᠠᠩᠵᠤ ᠪᠦᠷᠢ ᠪᠡᠷ ᠪᠢᠴᠢᠳᠡᠭ᠃ ᠵᠠᠷᠢᠮ ᠨᠢ ᠵᠥᠪᠬᠡᠨ ᠡᠷᠳᠡᠮ ᠦᠨ ᠵᠡᠷᠭᠡ ᠠᠪᠬᠤ ᠶᠢᠨ ᠲᠤᠯᠠᠳᠠ ᠬᠠᠮᠠᠭᠠᠯᠠᠵᠤ ᠯᠠ ᠪᠠᠶᠢᠪᠠᠯ ᠪᠣᠯᠤᠯ᠎ᠠ ᠭᠡᠵᠦ ᠦᠵᠡᠨ ᠲᠠᠭᠠᠷᠠᠯᠳᠤᠭᠰᠠᠨ ᠰᠡᠳᠦᠪ ᠠᠪᠬᠤ ᠶᠠᠪᠤᠳᠠᠯ ᠪᠠᠶᠢᠬᠤ ᠳᠤ ᠨᠥᠭᠥᠭᠡ ᠨᠢᠭᠡ ᠬᠡᠰᠡᠭ ᠨᠢ ᠪᠣᠳᠣᠭᠰᠠᠨ ᠪᠦᠲᠦᠭᠡᠯᠴᠢ ᠰᠠᠨᠠᠭ᠎ᠠ ᠪᠠᠨ ᠬᠡᠷᠡᠭᠵᠢᠭᠦᠯᠬᠦ ᠪᠡᠷ ᠰᠢᠢᠳᠦᠭᠰᠡᠨ ᠪᠠᠶᠢᠬᠤ ᠪᠥᠭᠡᠳ ᠡᠶᠢᠮᠦ ᠬᠦᠮᠦᠰ ᠲᠦ ᠯᠠ ᠰᠠᠶᠢᠨ ᠰᠡᠳᠦᠪ ᠰᠣᠩᠭᠣᠵᠤ᠂ ᠵᠣᠷᠢᠯᠭ᠎ᠠ ᠲᠠᠢ ᠪᠦᠲᠦᠭᠡᠯᠴᠢ ᠪᠡᠷ ᠠᠵᠢᠯᠯᠠᠵᠤ᠂ ᠭᠠᠷᠤᠭᠰᠠᠨ ᠦᠷ᠎ᠡ ᠳ᠋ᠦᠩ ᠳᠦ ᠰᠡᠳᠬᠢᠯ ᠬᠠᠩᠬᠠᠯᠤᠭᠤᠨ ᠪᠠᠶᠢᠬᠤ ᠪᠣᠯᠤᠮᠵᠢ ᠢᠯᠡᠭᠦᠦ ᠪᠠᠶᠢᠳᠠᠭ᠃
ᠰᠤᠳᠤᠯᠭᠠᠨ ᠤ ᠠᠵᠢᠯ ᠤᠨ ᠰᠡᠳᠦᠪ ᠢ ᠰᠣᠩᠭᠣᠬᠤ ᠳᠠᠭᠠᠨ᠄ ᠲᠤᠬᠠᠢ ᠶᠢᠨ ᠰᠠᠯᠪᠤᠷᠢ ᠶᠢᠨ ᠲᠧᠭᠨᠢᠭ᠂ ᠲᠧᠭᠨᠣᠯᠣᠭᠢ ᠶᠢᠨ ᠬᠥᠭᠵᠢᠯ ᠦᠨ ᠣᠳᠣ ᠶᠢᠨ ᠪᠠᠶᠢᠳᠠᠯ᠂ ᠬᠡᠲᠦ ᠶᠢᠨ ᠲᠥᠯᠥᠪ ᠢ ᠰᠠᠶᠢᠲᠤᠷ ᠮᠡᠳᠡᠬᠦ᠂ ᠡᠷᠳᠡᠮ ᠰᠢᠨᠵᠢᠯᠡᠭᠡᠨ ᠦ ᠪᠦᠲᠦᠭᠡᠯ ᠦᠨ ᠴᠤᠪᠤᠷᠠᠯ ᠲᠣᠪᠬᠢᠮᠠᠯ ᠤᠳ ᠲᠤ ᠨᠡᠶᠢᠲᠡᠯᠡᠭᠳᠡᠭᠰᠡᠨ ᠥᠭᠦᠯᠡᠯ᠂ ᠰᠤᠳᠤᠯᠭᠠᠨ ᠤ ᠠᠵᠢᠯ ᠤᠨ ᠲᠣᠶᠢᠮᠣ ᠤᠳ ᠲᠠᠢ ᠲᠠᠨᠢᠯᠴᠠᠬᠤ᠂ ᠰᠠᠯᠪᠤᠷᠢ ᠶᠢᠨ ᠲᠡᠷᠢᠭᠦᠯᠡᠬᠦ ᠡᠷᠳᠡᠮᠲᠡᠳ᠂ ᠡᠷᠳᠡᠮ ᠰᠢᠨᠵᠢᠯᠡᠭᠡᠨ ᠦ ᠠᠵᠢᠯᠲᠠᠨ ᠨᠤᠭᠤᠳ᠂ ᠫᠷᠠᠺᠲ᠋ᠢᠭ ᠦᠢᠯᠡᠳᠪᠦᠷᠢᠯᠡᠯ ᠳᠡᠭᠡᠷ᠎ᠡ ᠠᠵᠢᠯᠯᠠᠳᠠᠭ ᠮᠡᠷᠭᠡᠵᠢᠯᠲᠡᠨ ᠨᠦᠭᠦᠳ ᠦᠨ ᠰᠠᠨᠠᠯ ᠵᠥᠪᠯᠡᠭᠡ ᠶᠢ ᠠᠪᠬᠤ᠂ ᠥᠪᠡᠷ ᠦᠨ ᠮᠡᠳᠡᠯᠭᠡ᠂ ᠴᠢᠳᠠᠪᠤᠷᠢ᠂ ᠰᠣᠨᠢᠷᠬᠠᠯ ᠢ ᠬᠠᠷᠠᠭᠠᠯᠵᠠᠨ ᠦᠵᠡᠬᠦ ᠬᠡᠷᠡᠭᠲᠡᠢ᠃
ᠰᠡᠳᠦᠪ ᠨᠢ ᠲᠠᠨ ᠤ ᠠᠩᠬᠠᠷᠤᠯ ᠢ ᠲᠠᠲᠠᠭᠰᠠᠨ ᠲᠠᠩᠳᠠ ᠰᠣᠨᠢᠷᠬᠠᠯ ᠲᠠᠢ ᠪᠠᠶᠢᠬᠤ ᠶᠣᠰᠣᠲᠠᠢ᠃ ᠵᠣᠬᠢᠬᠤ ᠦᠷ᠎ᠡ ᠳ᠋ᠦᠩ ᠳᠦ ᠬᠦᠷᠬᠦ ᠬᠤᠪᠢ ᠶᠢᠨ ᠰᠣᠨᠢᠷᠬᠠᠯ ᠨᠢ ᠠᠵᠢᠯ ᠪᠢᠴᠢᠬᠦ ᠳᠦ ᠭᠣᠣᠯ ᠲᠦᠯᠬᠢᠴᠡ ᠪᠣᠯᠵᠤ᠂ ᠪᠦᠲᠦᠭᠡᠯᠴᠢ ᠢᠳᠡ ᠬᠠᠪᠤ ᠶᠢ ᠨᠡᠮᠡᠭᠳᠡᠭᠦᠯᠵᠦ᠂ ᠠᠵᠢᠯ ᠢ ᠬᠤᠭᠤᠴᠠᠭᠠᠨ ᠳᠤ ᠨᠢ ᠵᠣᠬᠢᠬᠤ ᠴᠢᠨᠠᠷᠲᠠᠢ ᠭᠦᠢᠴᠡᠳᠭᠡᠬᠦ ᠳᠦ ᠪᠣᠳᠠᠲᠠᠢ ᠲᠤᠰᠠᠯᠠᠳᠠᠭ᠃ ᠲᠡᠭᠦᠨᠴᠢᠯᠡᠨ ᠰᠡᠳᠦᠪ ᠨᠢ ᠲᠣᠳᠣᠷᠬᠠᠢ᠂ ᠲᠣᠪᠴᠢ᠂ ᠣᠶᠢᠯᠠᠭᠠᠮᠵᠢᠲᠠᠢ᠂ ᠰᠢᠨᠡᠯᠢᠭ᠂ ᠬᠦᠯᠢᠶᠡᠭᠳᠡᠵᠦ ᠪᠠᠶᠢᠭ᠎ᠠ ᠦᠷ᠎ᠡ ᠳ᠋ᠦᠩ ᠳᠦ ᠬᠦᠷᠴᠦ ᠲᠡᠭᠦᠨ ᠢ ᠬᠢᠯᠪᠠᠷ ᠦᠨᠡᠯᠡᠵᠦ ᠪᠣᠯᠬᠤᠶᠢᠴᠠ᠂ ᠦᠷ᠎ᠡ ᠳ᠋ᠦᠩ ᠢ ᠬᠠᠷᠢᠴᠠᠭᠤᠯᠤᠨ ᠰᠢᠯᠭᠠᠬᠤ ᠪᠣᠯᠤᠮᠵᠢ ᠲᠠᠢ ᠪᠠᠶᠢᠬᠤ ᠱᠠᠭᠠᠷᠳᠠᠯᠭ᠎ᠠ ᠲᠠᠢ᠃
ᠵᠠᠷᠢᠮ ᠭᠣᠷᠢᠯᠠᠭᠴᠢ ᠳᠤ ᠴᠢᠩᠳᠠ ᠰᠡᠳᠦᠪ ᠢ ᠠᠪᠬᠤ ᠠᠴᠠ ᠵᠠᠢᠯᠠᠰᠬᠢᠳᠠᠭ᠃ ᠡᠨᠡ ᠨᠢ ᠪᠤᠷᠤᠭᠤ ᠶᠤᠮ᠃ ᠤᠴᠢᠷ ᠨᠢ ᠥᠷᠭᠡᠨ ᠬᠦᠷᠢᠶ᠎ᠡ ᠲᠡᠢ ᠰᠡᠳᠦᠪᠲᠦ ᠵᠣᠷᠢᠭᠤᠯᠤᠭᠰᠠᠨ ᠠᠵᠢᠯ ᠨᠢ ᠥᠩᠭᠡᠪᠴᠢ᠂ ᠪᠡᠶ᠎ᠡ ᠳᠠᠭᠠᠭᠰᠠᠨ ᠠᠵᠢᠯ ᠪᠠᠭ᠎ᠠ ᠪᠠᠶᠢᠳᠠᠭ᠃ ᠴᠢᠩᠳᠠ ᠰᠡᠳᠦᠪ ᠨᠢ ᠨᠢᠭᠡ ᠪᠥᠷᠢᠴᠢᠯᠡᠨ᠂ ᠪᠦᠷ ᠭᠦᠨᠵᠡᠭᠡᠢ ᠪᠣᠯᠪᠠᠰᠤᠷᠠᠭᠤᠯᠤᠭᠳᠠᠳᠠᠭ᠃ ᠡᠬᠢᠨ ᠳᠦ ᠪᠡᠨ ᠪᠦᠭᠦᠳᠡ ᠢᠯᠡᠷᠬᠡᠢ᠂ ᠪᠢᠴᠢᠬᠦ ᠶᠠᠭᠤᠮ᠎ᠠ ᠴᠤ ᠣᠯᠳᠠᠬᠤ ᠦᠭᠡᠢ ᠶᠤᠮ ᠰᠢᠭ᠋ ᠰᠠᠨᠠᠭᠳᠠᠬᠤ ᠪᠣᠯᠪᠠᠴᠤ ᠮᠠᠲ᠋ᠧᠷᠢᠶᠠᠯ ᠲᠠᠢ ᠲᠠᠨᠢᠯᠴᠠᠬᠤ ᠶᠢᠨ ᠬᠢᠷᠢ ᠪᠡᠷ ᠡᠨᠡ ᠰᠠᠨᠠᠭ᠎ᠠ ᠵᠣᠪᠠᠭᠠᠭᠰᠠᠨ ᠠᠰᠠᠭᠤᠳᠠᠯ ᠠᠷᠢᠯᠵᠤ᠂ ᠰᠤᠳᠤᠯᠤᠭᠠᠴᠢᠳ ᠤᠷᠢᠳᠤ ᠡᠮᠦᠨ᠎ᠡ ᠰᠠᠨᠠᠭᠠᠨ ᠳᠤ ᠴᠤ ᠣᠷᠣᠭ᠎ᠠ ᠦᠭᠡᠢ ᠲᠡᠶᠢᠮᠦ ᠠᠰᠠᠭᠤᠳᠠᠯ ᠤᠳ ᠭᠠᠷᠴᠤ ᠢᠷᠡᠳᠡᠭ᠃
※ᠰᠤᠳᠤᠯᠭᠠᠨ ᠤ ᠰᠡᠳᠦᠪ ᠢ ᠳᠠᠷᠠᠭᠠᠬᠢ ᠬᠡᠯᠪᠡᠷᠢ ᠪᠡᠷ ᠰᠣᠩᠭᠣᠵᠤ ᠪᠣᠯᠬᠤ ᠶᠤᠮ᠃
①ᠬᠠᠮᠠᠭᠠᠯᠠᠭᠰᠠᠨ ᠪᠣᠯᠤᠨ ᠲᠡᠩᠬᠢᠮ ᠳᠦ ᠬᠢᠭᠳᠡᠵᠦ ᠪᠠᠶᠢᠭ᠎ᠠ ᠡᠷᠳᠡᠮ ᠦᠨ ᠵᠡᠷᠭᠡ ᠭᠣᠷᠢᠯᠠᠭᠰᠠᠨ ᠠᠵᠢᠯ ᠤᠨ ᠵᠢᠭᠰᠠᠭᠠᠯᠲᠠ ᠨᠤᠭᠤᠳ ᠲᠠᠢ ᠲᠠᠨᠢᠯᠴᠠᠬᠤ
②ᠥᠪᠡᠷ ᠦᠨ ᠰᠠᠯᠪᠤᠷᠢ ᠰᠢᠨᠵᠢᠯᠡᠬᠦ ᠤᠬᠠᠭᠠᠨ ᠲᠠᠢ ᠬᠣᠯᠪᠣᠭ᠎ᠠ ᠲᠠᠢ᠂ ᠬᠥᠷᠰᠢ ᠵᠡᠷᠭᠡᠯᠡᠳᠡᠭᠡ ᠰᠢᠨᠵᠢᠯᠡᠬᠦ ᠤᠬᠠᠭᠠᠨ ᠤ ᠰᠠᠯᠪᠤᠷᠢ ᠨᠤᠭᠤᠳ ᠤᠨ ᠨᠡᠩ ᠰᠢᠨ᠎ᠡ ᠨᠡᠭᠡᠭᠡᠯᠲᠡ᠂ ᠰᠤᠳᠤᠯᠭᠠᠨ ᠤ ᠠᠵᠢᠯ ᠤᠳ ᠤᠨ ᠦᠷ᠎ᠡ ᠳ᠋ᠦᠩ ᠲᠡᠢ ᠲᠠᠨᠢᠯᠴᠠᠬᠤ
③ᠤᠯᠤᠰ ᠠᠷᠠᠳ ᠤᠨ ᠠᠵᠤ ᠠᠬᠤᠢ ᠶᠢᠨ ᠲᠣᠳᠣᠷᠬᠠᠢ ᠰᠠᠯᠪᠤᠷᠢ ᠳᠤ ᠬᠡᠷᠡᠭᠯᠡᠭᠳᠡᠵᠦ ᠪᠤᠢ ᠲᠧᠭᠨᠣᠯᠣᠭᠢ ᠠᠷᠭ᠎ᠠ ᠵᠠᠷᠴᠢᠮ᠂ ᠰᠤᠳᠤᠯᠭ᠎ᠠ ᠬᠢᠬᠦ ᠠᠷᠭ᠎ᠠ ᠪᠣᠯᠪᠠᠰᠤᠷᠠᠭᠤᠯᠵᠤ ᠪᠤᠢ ᠪᠠᠶᠢᠳᠠᠯ ᠳᠤ ᠦᠨᠡᠯᠡᠯᠲᠡ ᠳ᠋ᠦᠩᠨᠡᠯᠲᠡ ᠥᠭᠬᠦ᠃ ᠢᠩᠭᠢᠬᠦ ᠳᠦ ᠪᠡᠨ ᠥᠪᠡᠷ ᠦᠨ ᠰᠠᠯᠪᠤᠷᠢ ᠶᠢᠨ ᠰᠤᠳᠤᠯᠭᠠᠨ ᠤ ᠠᠵᠢᠯ ᠳᠤ ᠲᠠᠭᠠᠷᠠᠬᠤ ᠪᠤᠰᠤᠳ ᠤᠨ ᠳᠡᠪᠰᠢᠯᠲᠡᠲᠦ ᠠᠷᠭ᠎ᠠ ᠶᠢ ᠬᠡᠷᠡᠭᠯᠡᠬᠦ ᠪᠣᠯᠤᠮᠵᠢ ᠶᠢ ᠰᠤᠳᠤᠯᠬᠤ
④ᠰᠢᠨᠵᠢᠯᠡᠬᠦ ᠤᠬᠠᠭᠠᠨ ᠳᠤ ᠤᠷᠢᠳ ᠨᠢ ᠭᠠᠷᠤᠭᠰᠠᠨ ᠰᠢᠢᠳᠦᠯ ᠦᠳ ᠢ ᠰᠤᠳᠤᠯᠭᠠᠨ ᠤ ᠰᠢᠨ᠎ᠡ ᠠᠷᠭ᠎ᠠ᠂ ᠣᠨᠣᠯ ᠤᠨ ᠰᠢᠨ᠎ᠡ ᠪᠠᠶᠢᠷᠢ ᠰᠠᠭᠤᠷᠢᠨ ᠠᠴᠠ᠂ ᠪᠣᠳᠠᠲᠤ ᠪᠠᠷᠢᠮᠲᠠ ᠨᠤᠭᠤᠳ ᠢ ᠠᠰᠢᠭᠯᠠᠨ ᠳᠠᠬᠢᠨ ᠠᠪᠴᠤ ᠦᠵᠡᠬᠦ ᠪᠣᠯᠤᠮᠵᠢ ᠶᠢ ᠰᠤᠳᠤᠯᠬᠤ᠃
ᠰᠢᠨᠵᠢᠯᠡᠬᠦ ᠤᠬᠠᠭᠠᠨ ᠳᠤ ᠤᠷᠢᠳ ᠨᠢ ᠲᠣᠳᠣᠷᠬᠠᠢ ᠪᠣᠯᠤᠭᠰᠠᠨ ᠣᠨᠣᠯ ᠤᠨ ᠦᠨᠳᠦᠰᠦᠯᠡᠯ ᠦᠳ ᠢ ᠰᠢᠨ᠎ᠡ ᠪᠠᠶᠢᠷᠢ ᠰᠠᠭᠤᠷᠢ᠂ ᠰᠢᠨ᠎ᠡ ᠦᠵᠡᠯ ᠪᠣᠳᠣᠯ ᠤᠨ ᠡᠭᠦᠳᠡᠨ ᠡᠴᠡ ᠲᠧᠭᠨᠢᠭ ᠦᠨ ᠢᠯᠡᠭᠦᠦ ᠥᠨᠳᠥᠷ ᠲᠦᠪᠰᠢᠨ ᠳᠦ ᠦᠨᠳᠦᠰᠦᠯᠡᠯ ᠲᠡᠢ ᠪᠡᠷ ᠳᠠᠬᠢᠨ ᠬᠢᠨᠠᠵᠤ ᠦᠵᠡᠬᠦ ᠵᠠᠷᠴᠢᠮ ᠢᠶᠠᠷ ᠡᠷᠳᠡᠮ ᠦᠨ ᠵᠡᠷᠭᠡ ᠭᠣᠷᠢᠯᠠᠭᠰᠠᠨ ᠪᠦᠲᠦᠭᠡᠯ ᠦᠨ ᠰᠡᠳᠦᠪ ᠰᠤᠩᠭᠤᠬᠤ ᠠᠷᠭ᠎ᠠ ᠰᠢᠨᠵᠢᠯᠡᠬᠦ ᠤᠬᠠᠭᠠᠨ ᠤ ᠠᠵᠢᠯ ᠤᠨ ᠫᠷᠠᠺᠲ᠋ᠢᠭ ᠲᠤ ᠥᠷᠭᠡᠨ ᠬᠡᠷᠡᠭᠯᠡᠭᠳᠡᠳᠡᠭ᠃
ᠰᠡᠳᠦᠪ ᠢᠶᠡᠨ ᠰᠣᠩᠭᠣᠭᠰᠠᠨ ᠤ ᠳᠠᠷᠠᠭ᠎ᠠ ᠳᠡᠪᠰᠢᠭᠦᠯᠵᠦ ᠪᠤᠢ ᠰᠠᠨᠠᠭᠠᠨ ᠤ ᠭᠣᠣᠯ ᠤᠳᠬ᠎ᠠ ᠠᠭᠤᠯᠭ᠎ᠠ᠂ ᠰᠢᠨᠡᠯᠢᠭ ᠲᠠᠯ᠎ᠠ᠂ ᠴᠠᠭ ᠦᠶ᠎ᠡ ᠪᠡᠨ ᠣᠯᠤᠭᠰᠠᠨ᠂ ᠰᠤᠳᠤᠯᠬᠤ ᠱᠠᠭᠠᠷᠳᠠᠯᠭ᠎ᠠ ᠲᠠᠢ ᠪᠣᠯᠬᠤ ᠲᠤᠬᠠᠢ᠂ ᠲᠡᠭᠦᠨ ᠦ ᠣᠨᠣᠯ ᠤᠨ ᠲᠠᠯ᠎ᠠ ᠶᠢᠨ ᠰᠢᠨᠡᠯᠢᠭ ᠵᠦᠢᠯ᠂ ᠫᠷᠠᠺᠲ᠋ᠢᠭ ᠠᠴᠢ ᠬᠣᠯᠪᠣᠭᠳᠠᠯ ᠵᠡᠷᠭᠡ ᠶᠢ ᠥᠪᠡᠷ ᠢᠶᠡᠨ ᠲᠣᠳᠣᠷᠬᠠᠢ ᠰᠠᠶᠢᠨ ᠣᠶᠢᠯᠠᠭᠠᠵᠤ ᠠᠪᠬᠤ ᠬᠡᠷᠡᠭᠲᠡᠢ᠃
※ᠰᠡᠳᠦᠪ ᠢ ᠰᠤᠳᠤᠯᠬᠤ ᠶᠢᠨ ᠴᠢᠬᠤᠯᠠ ᠪᠣᠯᠬᠤ᠂ ᠲᠤᠬᠠᠢ ᠶᠢᠨ ᠰᠡᠳᠦᠪ ᠴᠠᠭ ᠦᠶ᠎ᠡ ᠪᠡᠨ ᠣᠯᠣᠭᠰᠠᠨ᠂ ᠰᠤᠳᠤᠯᠬᠤ ᠱᠠᠭᠠᠷᠳᠠᠯᠭ᠎ᠠ ᠲᠠᠢ ᠪᠣᠯᠬᠤ ᠶᠢ ᠦᠨᠳᠦᠰᠦᠯᠡᠬᠦ᠃
ᠡᠨᠡ ᠨᠢ ᠠᠯᠢᠪᠠ ᠰᠤᠳᠤᠯᠭᠠᠨ ᠤ ᠬᠠᠮᠤᠭ ᠤᠨ ᠡᠬᠢᠨ ᠦ ᠦᠶ᠎ᠡ ᠱᠠᠲᠤ ᠶᠤᠮ᠃ ᠭᠣᠷᠢᠯᠠᠭᠴᠢ ᠰᠡᠳᠦᠪ ᠢᠶᠡᠨ ᠬᠢᠷᠢ ᠣᠨᠣᠪᠴᠢᠲᠠᠢ ᠰᠣᠩᠭᠣᠵᠤ᠂ ᠲᠡᠭᠦᠨ ᠢ ᠪᠡᠨ ᠴᠠᠭ ᠦᠶ᠎ᠡ ᠪᠡᠨ ᠣᠯᠤᠭᠰᠠᠨ᠂ ᠰᠢᠨᠵᠢᠯᠡᠬᠦ ᠤᠬᠠᠭᠠᠨ ᠤ ᠦᠨᠳᠦᠰᠦᠯᠡᠯ ᠲᠡᠢ᠂ ᠵᠠᠬ᠎ᠠ ᠵᠡᠭᠡᠯᠢ ᠨᠡᠶᠢᠭᠡᠮ ᠤᠨ ᠬᠡᠷᠡᠭᠴᠡᠭᠡ ᠶᠢ ᠬᠠᠩᠭᠠᠭᠰᠠᠨ ᠭᠡᠳᠡᠭ ᠢ ᠬᠢᠷᠢ ᠣᠶᠢᠯᠠᠭᠠᠵᠤ ᠪᠠᠶᠢᠭ᠎ᠠ ᠠᠴᠠ ᠲᠤᠬᠠᠢ ᠶᠢᠨ ᠬᠦᠮᠦᠨ ᠦ ᠮᠡᠷᠭᠡᠵᠢᠯ ᠦᠨ ᠪᠡᠯᠡᠳᠬᠡᠯ᠂ ᠰᠢᠨᠵᠢᠯᠡᠬᠦ ᠤᠬᠠᠭᠠᠨ ᠤ ᠮᠡᠳᠡᠯᠭᠡ ᠪᠣᠯᠪᠠᠰᠤᠷᠠᠯ ᠤᠨ ᠲᠥᠪᠰᠢᠨ ᠢ ᠲᠣᠳᠣᠷᠬᠠᠶᠢᠯᠠᠵᠤ ᠪᠣᠯᠳᠠᠭ᠃
ᠰᠡᠳᠦᠪ ᠦᠨ ᠦᠨᠳᠦᠰᠦᠯᠡᠯ ᠨᠢ ᠲᠣᠪᠴᠢ ᠲᠣᠳᠣᠷᠬᠠᠢ ᠪᠠᠶᠢᠨ᠎ᠠ᠃ ᠰᠡᠳᠦᠪ ᠴᠢᠬᠤᠯᠠ ᠪᠣᠯᠬᠤ ᠶᠢ ᠦᠨᠳᠦᠰᠦᠯᠡᠬᠦ ᠳᠡᠬᠡᠨ ︵ᠲᠤᠬᠠᠢ ᠶᠢᠨ ᠰᠡᠳᠦᠪ ᠢ ᠰᠤᠳᠤᠯᠬᠤ ᠱᠠᠭᠠᠷᠳᠠᠯᠭ᠎ᠠ ᠪᠠᠶᠢᠭ᠎ᠠ ᠶᠢ ᠪᠠᠲᠤᠯᠠᠵᠤ ᠨᠣᠲᠠᠯᠠᠬᠤ ᠲᠠᠭᠠᠨ︶ ᠬᠣᠯᠠ ᠠᠴᠠ ᠲᠣᠭᠣᠷᠢᠭᠤᠯᠤᠨ ᠨᠤᠷᠱᠤᠨ ᠥᠭᠦᠯᠡᠬᠦ ᠱᠠᠭᠠᠷᠳᠠᠯᠭ᠎ᠠ ᠦᠭᠡᠢ᠃ ᠠᠰᠠᠭᠤᠳᠠᠯ ᠡᠭᠦᠰᠬᠡᠵᠦ ᠪᠠᠶᠢᠭ᠎ᠠ ᠭᠣᠣᠯ ᠤᠴᠢᠷ ᠰᠢᠯᠲᠠᠭᠠᠨ ᠪᠣᠯᠤᠨ ᠴᠤᠬᠤᠮ ᠶᠠᠭᠠᠬᠢᠭᠠᠳ ᠡᠨᠡᠬᠦ ᠰᠡᠳᠦᠪ ᠢ ᠰᠤᠳᠤᠯᠬᠤ ᠨᠢ ᠴᠢᠬᠤᠯᠠ ᠪᠣᠯᠬᠤ ᠶᠢ ᠨᠢᠭᠡ ᠬᠠᠭᠤᠳᠠᠰᠤᠨ ᠳᠤ ᠪᠠᠭᠲᠠᠭᠠᠨ ᠲᠣᠪᠴᠢ ᠲᠣᠳᠣᠷᠬᠠᠢ ᠪᠢᠴᠢᠨ᠎ᠡ᠃
ᠶᠠᠮᠠᠷ ᠴᠤ ᠰᠢᠨᠵᠢᠯᠡᠬᠦ ᠤᠬᠠᠭᠠᠨ ᠤ ᠰᠤᠳᠤᠯᠭ᠎ᠠ ᠨᠢ ᠰᠢᠨ᠎ᠡ ᠦᠵᠡᠭᠳᠡᠯ ᠢ ᠲᠠᠨᠢᠨ ᠮᠡᠳᠡᠬᠦ ᠳᠦ ᠲᠤᠯᠭᠠᠷᠠᠵᠤ ᠪᠤᠢ ᠬᠦᠨᠳᠦᠷᠡᠯ ᠢ ᠳᠠᠪᠠᠨ ᠲᠤᠭᠤᠯᠬᠤ᠂ ᠤᠷᠢᠳ ᠡᠮᠦᠨ᠎ᠡ ᠨᠢ ᠮᠡᠳᠡᠭᠳᠡᠵᠦ ᠪᠠᠶᠢᠭ᠎ᠠ ᠦᠭᠡᠢ ᠪᠠᠷᠢᠮᠲᠠ ᠶᠢ ᠲᠠᠶᠢᠯᠪᠤᠷᠢᠯᠠᠬᠤ᠂ ᠵᠠᠷᠢᠮ ᠮᠡᠳᠡᠭᠳᠡᠵᠦ ᠪᠠᠶᠢᠭ᠎ᠠ ᠪᠠᠷᠢᠮᠲᠠ ᠨᠤᠭᠤᠳ ᠢ ᠬᠠᠭᠤᠴᠢᠨ ᠮᠡᠳᠡᠯᠭᠡ ᠶᠢᠨ ᠬᠦᠷᠢᠶᠡᠨ ᠳᠦ ᠪᠦᠷᠢᠨ ᠲᠠᠶᠢᠯᠪᠤᠷᠢᠯᠠᠬᠤ ᠪᠣᠯᠤᠮᠵᠢ ᠦᠭᠡᠢ ᠶᠢ ᠭᠠᠷᠭᠠᠵᠤ ᠢᠷᠡᠬᠦ ᠳᠦ ᠴᠢᠭᠯᠡᠨ᠎ᠡ᠃ ᠡᠨᠡ ᠬᠦᠨᠳᠦᠷᠡᠯ ᠦᠳ ᠨᠢ ᠮᠡᠳᠡᠭᠳᠡᠵᠦ ᠪᠤᠢ ᠰᠢᠨᠵᠢᠯᠡᠬᠦ ᠤᠬᠠᠭᠠᠨ ᠤ ᠮᠡᠳᠡᠯᠭᠡ ᠶᠢᠨ ᠬᠦᠷᠢᠶᠡᠨ ᠳᠦ ᠲᠠᠨᠢᠨ ᠮᠡᠳᠡᠬᠦᠢ ᠶᠢᠨ ᠰᠢᠨ᠎ᠡ ᠵᠣᠷᠢᠯᠲᠠ ᠤᠳ ᠢ ᠰᠢᠢᠳᠬᠦ ᠤᠴᠢᠷ ᠳᠤᠲᠠᠭᠳᠠᠯ ᠲᠠᠢ ᠨᠥᠬᠥᠴᠡᠯ ᠪᠦᠷᠢᠯᠳᠦᠭᠰᠡᠨ ᠦᠶ᠎ᠡ ᠳᠦ ᠨᠡᠩ ᠲᠣᠳᠣᠷᠬᠠᠢ ᠢᠯᠡᠷᠡᠳᠡᠭ᠃
ᠬᠠᠭᠤᠴᠢᠨ ᠮᠡᠳᠡᠯᠭᠡ ᠤᠴᠢᠷ ᠳᠤᠲᠠᠭᠳᠠᠯ ᠲᠠᠢ ᠪᠣᠯᠵᠤ᠂ ᠬᠠᠷᠢᠨ ᠰᠢᠨ᠎ᠡ ᠮᠡᠳᠡᠯᠭᠡ ᠬᠠᠷᠠᠬᠠᠨ ᠬᠥᠭᠵᠢᠩᠭᠦᠢ ᠬᠡᠯᠪᠡᠷᠢ ᠳᠦ ᠰᠢᠯᠵᠢᠬᠦ ᠪᠣᠯᠣᠭ᠎ᠠ ᠦᠭᠡᠢ ᠴᠤᠬᠤᠮ ᠲᠡᠷᠡ ᠦᠶ᠎ᠡ ᠳᠦ ᠯᠠ ᠢᠮᠠᠭᠲᠠ ᠠᠰᠠᠭᠤᠳᠠᠯ ᠡᠭᠦᠰᠴᠦ ᠪᠠᠶᠢᠳᠠᠭ᠃
ᠠᠰᠠᠭᠤᠳᠠᠯ ᠢ ᠵᠥᠪ ᠲᠠᠯᠪᠢᠵᠤ ᠣᠶᠢᠯᠠᠭᠠᠮᠵᠢᠲᠠᠢ᠂ ᠣᠨᠣᠪᠴᠢᠲᠠᠢ ᠲᠣᠮᠢᠶᠠᠯᠠᠬᠤ ᠶᠠᠪᠤᠳᠠᠯ ᠵᠠᠷᠢᠮ ᠳᠤ ᠪᠠᠨ ᠲᠡᠭᠦᠨ ᠢ ᠰᠢᠢᠳᠬᠦ ᠡᠴᠡ ᠪᠠᠭ᠎ᠠ ᠦᠭᠡᠢ ᠠᠴᠢ ᠬᠣᠯᠪᠣᠭᠳᠠᠯ ᠲᠠᠢ ᠪᠠᠶᠢᠳᠠᠭ ᠪᠠᠶᠢᠨ᠎ᠠ᠃ ᠡᠨᠡ ᠨᠢ ᠰᠤᠳᠤᠯᠭ᠎ᠠ ᠬᠢᠬᠦ ᠴᠢᠭᠯᠡᠯ ᠢᠶᠡᠨ ᠵᠥᠪ ᠲᠣᠳᠣᠷᠬᠠᠶᠢᠯᠠᠵᠤ ᠰᠤᠳᠤᠯᠭᠠᠨ ᠤ ᠪᠠᠨ ᠰᠲᠷᠠᠲ᠋ᠧᠭᠢ ᠶᠢ ᠲᠣᠳᠣᠷᠬᠠᠶᠢᠯᠠᠬᠤ ᠳᠤ ᠴᠢᠬᠤᠯᠠ ᠡᠭᠦᠷᠭᠡ ᠭᠦᠢᠴᠡᠳᠭᠡᠨ᠎ᠡ᠃
ᠰᠡᠳᠦᠪ ᠢ ᠰᠤᠳᠤᠯᠬᠤ ᠶᠢᠨ ᠴᠢᠬᠤᠯᠠ ᠪᠣᠯᠬᠤ ᠦᠨᠳᠦᠰᠦᠯᠡᠯ ᠳᠦ ᠲᠤᠬᠠᠢ ᠶᠢᠨ ᠰᠡᠳᠦᠪ ᠲᠡᠢ ᠢᠵᠢᠯ ᠲᠥᠰᠲᠡᠢ ᠠᠵᠢᠯ ᠤᠷᠢᠳᠤ ᠡᠮᠦᠨ᠎ᠡ ᠨᠢ ᠬᠢᠭᠳᠡᠭᠡ ᠦᠭᠡᠢ ᠭᠡᠳᠡᠭ ᠨᠢ ᠪᠠᠲᠤᠯᠠᠭ᠎ᠠ ᠲᠠᠢ᠂ ᠢᠲᠡᠭᠡᠯ ᠲᠥᠷᠥᠭᠦᠯᠦᠮ᠎ᠡ ᠪᠠᠶᠢᠬᠤ ᠶᠣᠰᠣᠲᠠᠢ᠃
※ᠰᠤᠳᠤᠯᠭᠠᠨ ᠤ ᠰᠢᠨᠡᠯᠢᠭ ᠲᠠᠯ᠎ᠠ᠃
ᠰᠡᠳᠦᠪ ᠦᠨ ᠰᠢᠨᠡᠯᠢᠭ ᠪᠠᠶᠢᠳᠠᠯ ᠤᠨ ᠲᠤᠬᠠᠢ ᠶᠠᠷᠢᠬᠤ ᠳᠤ ᠪᠠᠨ ᠰᠢᠨ᠎ᠡ ᠪᠦᠬᠦᠨ ᠳᠡᠪᠰᠢᠯᠲᠡ ᠲᠡᠢ᠂ ᠬᠠᠭᠤᠴᠢᠨ ᠪᠣᠯᠭᠠᠨ ᠬᠣᠴᠣᠷᠤᠭᠳᠠᠭᠰᠠᠨ ᠪᠠᠶᠢᠳᠠᠭ ᠦᠭᠡᠢ ᠭᠡᠳᠡᠭ ᠢ ᠮᠠᠷᠲᠠᠵᠤ ᠪᠣᠯᠬᠤ ᠦᠭᠡᠢ᠃ ᠭᠡᠬᠦ ᠳᠦ ᠪᠡᠨ ᠰᠢᠨ᠎ᠡ ᠨᠢ ᠬᠠᠭᠤᠴᠢᠨ ᠤ ᠳᠡᠪᠰᠢᠯᠲᠡ ᠲᠡᠢ ᠪᠦᠬᠦᠨ ᠢ ᠥᠪᠡᠷᠲᠡᠭᠡᠨ ᠰᠢᠩᠭᠡᠭᠡᠭᠰᠡᠨ ᠪᠠᠶᠢᠳᠠᠭ ᠪᠣᠯᠬᠣᠷ ᠵᠢᠩ ᠲᠡᠢ ᠪᠥᠭᠡᠳ ᠢᠷᠡᠭᠡᠳᠦᠢ ᠲᠡᠢ᠃
ᠰᠢᠨᠵᠢᠯᠡᠬᠦ ᠤᠬᠠᠭᠠᠨ ᠤ ᠶᠡᠬᠡᠩᠬᠢ ᠰᠠᠯᠪᠤᠷᠢ ᠳᠤ ᠰᠡᠳᠦᠪ ᠦᠨ ᠰᠢᠨᠡᠯᠢᠭ ᠲᠠᠯ᠎ᠠ ᠭᠡᠳᠡᠭ ᠨᠢ ᠠᠩᠬ᠎ᠠ ᠤᠳᠠᠭ᠎ᠠ ᠲᠣᠮᠢᠶᠠᠯᠠᠭᠳᠠᠭᠰᠠᠨ᠂ ᠣᠨᠣᠯ ᠤᠨ ᠵᠥᠪ ᠦᠨᠳᠦᠰᠦᠯᠡᠯ ᠲᠡᠢ᠂ ᠠᠮᠢᠳᠤᠷᠠᠯ ᠫᠷᠠᠺᠲ᠋ᠢᠭ ᠲᠤ ᠬᠡᠷᠡᠭᠵᠢᠵᠦ ᠨᠡᠶᠢᠭᠡᠮ ᠡᠳ᠋ ᠦᠨ ᠵᠠᠰᠠᠭ ᠤᠨ ᠬᠥᠭᠵᠢᠯ ᠳᠦ ᠪᠣᠳᠠᠲᠤ ᠨᠥᠯᠥᠭᠡ ᠦᠵᠡᠭᠦᠯᠬᠦ ᠠᠷᠭ᠎ᠠ ᠵᠦᠢ ᠶᠢᠨ ᠵᠥᠪᠯᠡᠮᠵᠢ ᠪᠠᠶᠢᠭ᠎ᠠ ᠪᠠᠷ ᠢᠯᠡᠷᠡᠳᠡᠭ᠃ ᠥᠭᠡᠷ᠎ᠡ ᠪᠡᠷ ᠬᠡᠯᠡᠪᠡᠯ ᠲᠤᠬᠠᠢ ᠶᠢᠨ ᠰᠢᠨᠵᠢᠯᠡᠬᠦ ᠤᠬᠠᠭᠠᠨ ᠳᠤ ᠪᠦᠬᠦᠯᠢ ᠳᠦ ᠨᠢ ᠪᠤᠶᠤ ᠲᠡᠭᠦᠨ ᠦ ᠲᠣᠳᠣᠷᠬᠠᠢ ᠴᠢᠭᠯᠡᠯ ᠦᠨ ᠴᠢᠨᠠᠭᠰᠢᠳᠠ ᠶᠢᠨ ᠬᠥᠭᠵᠢᠯ ᠳᠦ ᠲᠤᠰᠠ ᠪᠣᠯᠬᠤ ᠵᠥᠪᠬᠡᠨ ᠲᠡᠷᠡ ᠦᠨᠳᠦᠰᠦᠯᠡᠯ ᠦᠳ ᠢ ᠯᠠ ᠰᠢᠨ᠎ᠡ ᠭᠡᠵᠦ ᠦᠵᠡᠨ᠎ᠡ᠃
ᠰᠤᠳᠤᠯᠭᠠᠨ ᠤ ᠰᠢᠨᠡᠯᠢᠭ ᠲᠠᠯ᠎ᠠ ᠨᠢ ᠤᠷᠢᠳ ᠡᠮᠦᠨ᠎ᠡ ᠨᠢ ᠠᠵᠢᠭᠯᠠᠭᠳᠠᠭᠠ ᠦᠭᠡᠢ ᠰᠢᠨ᠎ᠡ ᠡᠬᠢ ᠰᠤᠷᠪᠤᠯᠵᠢ ᠶᠢ ᠰᠢᠨᠵᠢᠯᠡᠬᠦ ᠤᠬᠠᠭᠠᠨ ᠤ ᠡᠷᠭᠢᠯᠲᠡ ᠳᠦ ᠤᠷᠤᠭᠤᠯᠬᠤ᠂ ᠰᠢᠨᠵᠢᠯᠡᠬᠦ ᠤᠬᠠᠭᠠᠨ ᠤ ᠰᠠᠯᠪᠤᠷᠢ ᠶᠢᠨ ᠬᠥᠭᠵᠢᠯ ᠦᠨ ᠴᠢᠭ ᠬᠠᠨᠳᠤᠯᠭ᠎ᠠ ᠶᠢ ᠲᠣᠲᠣᠷᠬᠠᠢᠯᠠᠬᠤ᠂ ᠰᠢᠨᠵᠢᠯᠡᠬᠦ ᠤᠬᠠᠭᠠᠨ ᠤ ᠬᠥᠭᠵᠢᠯ ᠦᠨ ᠵᠦᠢ ᠲᠣᠭᠲᠠᠯ᠂ ᠠᠷᠭ᠎ᠠ ᠵᠠᠮ ᠢ ᠨᠡᠭᠡᠭᠡᠨ ᠢᠯᠡᠷᠡᠭᠦᠯᠬᠦ ᠳᠦ ᠣᠷᠣᠰᠢᠳᠠᠭ᠃
※ᠰᠤᠳᠤᠯᠭᠠᠨ ᠤ ᠠᠵᠢᠯ ᠤᠨ ᠵᠣᠢᠯᠭᠠ ᠶᠢ ᠲᠣᠳᠣᠷᠬᠠᠶᠢᠯᠠᠬᠤ᠃
ᠠᠯᠢᠪᠠ ᠶᠠᠭᠤᠮᠠᠰ᠂ ᠦᠵᠡᠭᠳᠡᠯ ᠦᠨ ᠮᠥᠨ ᠴᠢᠨᠠᠷ ᠢ ᠢᠯᠡᠷᠡᠭᠦᠯᠦᠨ᠂ ᠲᠥᠯᠥᠪ ᠪᠠᠢᠳᠠᠯ ᠢ ᠲᠣᠳᠣᠷᠬᠠᠶᠢᠯᠠᠵᠤ᠂ ᠬᠤᠪᠢᠰᠤᠯ ᠥᠭᠡᠷᠡᠴᠢᠯᠡᠯᠲᠡ ᠶᠢ ᠲᠠᠶᠢᠯᠪᠤᠷᠢᠯᠠᠬᠤ ᠨᠢ ᠰᠤᠳᠤᠯᠭᠠᠨ ᠤ ᠦᠨᠳᠦᠰᠦᠨ ᠵᠣᠷᠢᠯᠭ᠎ᠠ ᠪᠠᠶᠢᠨ᠎ᠠ᠃
ᠰᠤᠳᠤᠯᠭ᠎ᠠ ᠶᠢ ᠵᠣᠷᠢᠯᠭ᠎ᠠ ᠪᠠᠷ ᠨᠢ᠄
1.ᠨᠡᠭᠡᠭᠡᠬᠦ᠂
2.ᠲᠣᠳᠣᠷᠬᠠᠶᠢᠯᠠᠬᠤ᠂
3.ᠲᠠᠶᠢᠯᠪᠤᠷᠢᠯᠠᠬᠤ ᠭᠡᠵᠦ ᠠᠩᠭᠢᠯᠠᠨ᠎ᠠ᠃
ᠢᠵᠢ ᠪᠦᠷᠢᠨ ᠰᠤᠳᠤᠯᠭ᠎ᠠ ᠡᠨᠡ ᠭᠤᠷᠪᠠᠨ ᠵᠣᠷᠢᠯᠭ᠎ᠠ ᠶᠢ ᠠᠬᠤᠭᠤᠯᠤᠨᠠ᠃
ᠨᠡᠭᠡᠭᠡᠬᠦ ᠰᠤᠳᠤᠯᠭᠠᠨ ᠤ ᠵᠣᠷᠢᠯᠭ᠎ᠠ᠄
1-1.ᠰᠢᠨ᠎ᠡ ᠰᠠᠨᠠᠭ᠎ᠠ᠂ ᠮᠡᠳᠡᠯᠭᠡ᠂ ᠦᠵᠡᠯ ᠪᠠᠷᠢᠮᠲᠠᠯᠠᠯ᠂ ᠣᠨᠣᠯ᠂ ᠬᠠᠤᠯᠢ ᠨᠡᠭᠡᠭᠡᠬᠦ᠂ ᠦᠷᠭᠡᠳᠭᠡᠬᠦ᠂ ᠵᠠᠰᠠᠪᠤᠷᠢᠯᠠᠬᠤ
1-2.ᠰᠢᠨ᠎ᠡ ᠬᠡᠷᠡᠭᠯᠡᠭᠡ ᠪᠤᠢ ᠪᠣᠯᠭᠠᠬᠤ
1-3.ᠰᠤᠳᠤᠯᠭᠠᠨ ᠤ ᠰᠢᠨ᠎ᠡ ᠠᠰᠠᠭᠤᠳᠠᠯ ᠳᠡᠪᠰᠢᠭᠦᠯᠬᠦ
1-4.ᠦᠢᠯᠡ ᠶᠠᠪᠤᠴᠠ ᠶᠢᠨ ᠲᠠᠯ᠎ᠠ ᠪᠠᠷ ᠦᠨᠳᠦᠰᠦᠯᠡᠯ ᠰᠠᠶᠢᠲᠠᠢ᠂ ᠪᠦᠲᠦᠭᠡᠯᠴᠢ᠂ ᠵᠢᠷᠤᠭᠯᠠᠯ ᠪᠤᠢ ᠪᠣᠯᠭᠠᠬᠤ
1-5.ᠦᠢᠯᠡ ᠶᠠᠪᠤᠴᠠ ᠶᠢᠨ ᠬᠥᠭᠵᠢᠯ ᠦᠨ ᠴᠢᠭ ᠬᠠᠨᠳᠤᠯᠭ᠎ᠠ ᠳᠤ ᠴᠢᠨᠠᠷ ᠤᠨ ᠠᠬᠢᠴᠠ ᠭᠠᠷᠭᠠᠬᠤ
ᠲᠣᠳᠣᠷᠬᠠᠶᠢᠯᠠᠬᠤ ᠰᠤᠳᠤᠯᠭᠠᠨ ᠤ ᠵᠣᠷᠢᠯᠭ᠎ᠠ᠄
2-1. ᠶᠠᠭᠤᠮᠠᠰ᠂ ᠦᠵᠡᠭᠳᠡᠯ ᠦᠨ ᠨᠠᠷᠢᠪᠴᠢᠯᠠᠯ ᠤᠨ ᠬᠡᠮᠵᠢᠶ᠎ᠡ ᠶᠢ ᠲᠣᠭᠲᠠᠭᠠᠬᠤ
2-2. ᠬᠣᠯᠪᠣᠭ᠎ᠠ ᠬᠠᠮᠢᠶᠠᠷᠤᠯ ᠢ ᠲᠣᠭᠲᠠᠭᠠᠬᠤ
2-3. ᠦᠭᠡ ᠪᠣᠯᠤᠨ ᠲᠣᠭᠠᠨ ᠵᠢᠷᠤᠭᠯᠠᠯ ᠬᠢᠬᠦ
2-4. ᠰᠢᠨ᠎ᠡ ᠲᠠᠶᠢᠯᠪᠤᠷᠢ ᠭᠠᠷᠭᠠᠬᠤ
2-5. ᠦᠨᠳᠦᠰᠦᠨ ᠤᠬᠠᠭᠳᠠᠬᠤᠨ ᠤ ᠭᠣᠣᠯ ᠦᠨᠳᠦᠰᠦᠯᠡᠯ ᠢ ᠲᠣᠳᠣᠷᠬᠠᠶᠢᠯᠠᠬᠤ
2-6. ᠲᠥᠷᠥᠯ ᠵᠦᠢᠯ ᠢ ᠠᠩᠭᠢᠯᠠᠬᠤ᠂ ᠪᠦᠯᠦᠭᠯᠡᠬᠦ
2-7. ᠳᠠᠷᠠᠭᠠᠯᠠᠯ᠂ ᠦᠶ᠎ᠡ ᠱᠠᠲᠤ ᠶᠢ ᠲᠣᠳᠣᠷᠬᠠᠢ ᠪᠣᠯᠭᠠᠬᠤ᠃
ᠲᠣᠳᠣᠷᠬᠠᠶᠢᠯᠠᠬᠤ ᠰᠤᠳᠤᠯᠭ᠎ᠠ ᠨᠢ᠄
ᠲᠤᠬᠠᠢ ᠶᠢᠨ ᠰᠤᠳᠤᠯᠤᠭᠳᠠᠬᠤᠨ ᠤ ᠭᠣᠣᠯ ᠰᠢᠨᠵᠢ ᠴᠢᠨᠠᠷ ᠢ ᠤᠶᠢᠯᠠᠭᠠᠬᠤ᠂ ᠦᠢᠯᠡ ᠶᠠᠪᠤᠴᠠ ᠶᠢᠨ ᠬᠥᠭᠵᠢᠯ ᠦᠨ ᠴᠢᠭ ᠬᠠᠨᠳᠤᠯᠭ᠎ᠠ ᠶᠢ ᠲᠣᠭᠲᠠᠭᠠᠬᠤ ᠂ ᠴᠢᠨᠠᠭᠰᠢᠳᠠ ᠬᠢᠬᠦ ᠰᠤᠳᠤᠯᠭ᠎ᠠ ᠰᠢᠨᠵᠢᠯᠡᠭᠡᠨ ᠦ ᠲᠠᠯ᠎ᠠ ᠪᠠᠷ ᠰᠡᠳᠡᠯ ᠰᠠᠨᠠᠭ᠎ᠠ ᠪᠤᠢ ᠪᠣᠯᠭᠠᠬᠤ᠂ ᠲᠣᠳᠣᠷᠬᠠᠢ ᠬᠢᠯᠪᠠᠷ ᠰᠢᠢᠳᠦᠯ ᠭᠠᠷᠭᠠᠬᠤ ᠳᠤ ᠲᠤᠰᠠᠯᠠᠳᠠᠭ᠃
※ᠰᠤᠳᠤᠯᠭᠠᠨ ᠤ ᠵᠣᠷᠢᠯᠲᠠ᠃
ᠵᠣᠷᠢᠯᠭ᠎ᠠ ᠳᠤ ᠪᠠᠨ ᠬᠦᠷᠬᠦ ᠶᠢᠨ ᠲᠤᠯᠠᠳᠠ ᠰᠤᠳᠤᠯᠤᠭᠠᠴᠢ ᠪᠦᠷ ᠲᠣᠳᠣᠷᠬᠠᠢ ᠵᠣᠷᠢᠯᠲᠠ ᠤᠳ ᠢ ᠡᠮᠦᠨ᠎ᠡ ᠪᠡᠨ ᠲᠠᠯᠪᠢᠵᠤ ᠦᠨᠡᠨ ᠵᠥᠪ ᠰᠢᠢᠳᠪᠦᠷᠢᠯᠡᠬᠦ ᠬᠡᠷᠡᠭᠲᠡᠢ ᠪᠠᠶᠢᠳᠠᠭ᠃ ᠰᠤᠳᠤᠯᠭᠠᠨ ᠤ ᠵᠣᠷᠢᠯᠲᠠ ᠨᠢ ᠲᠥᠭᠡᠮᠡᠯ ᠬᠣᠯᠪᠣᠭ᠎ᠠ ᠬᠠᠮᠢᠶᠠᠷᠤᠯ ᠢ ᠢᠯᠡᠷᠡᠭᠦᠯᠬᠦ᠂ ᠰᠢᠨ᠎ᠡ ᠣᠨᠣᠯ᠂ ᠦᠵᠡᠯ ᠪᠠᠷᠢᠮᠲᠠᠯᠠᠯ᠂ ᠣᠶᠢᠯᠠᠭᠠᠯᠲᠠ᠂ ᠲᠤᠷᠰᠢᠯᠭ᠎ᠠ ᠪᠤᠢ ᠪᠣᠯᠭᠠᠬᠤ᠂ ᠲᠡᠳᠡᠭᠡᠷ ᠲᠦ ᠨᠡᠮᠡᠯᠲᠡ ᠵᠠᠰᠠᠪᠤᠷᠢ ᠤᠷᠤᠭᠤᠯᠬᠤ᠂ ᠶᠠᠭᠤᠮᠠᠰ ᠦᠵᠡᠭᠳᠡᠯ ᠦᠨ ᠢᠯᠭᠠᠭ᠎ᠠ ᠶᠢ ᠲᠣᠭᠲᠠᠭᠠᠬᠤ᠂ ᠡᠷᠢᠮᠪᠡᠯᠡᠬᠦ ᠳᠦ ᠴᠢᠭᠯᠡᠭᠳᠡᠨᠡ᠃
ᠰᠢᠢᠳᠬᠦ ᠭᠡᠵᠦ ᠪᠤᠢ ᠠᠰᠠᠭᠤᠳᠠᠯ ᠢᠶᠠᠨ ᠠᠯᠢ ᠪᠣᠯᠬᠤ ᠨᠤᠬᠤᠴᠠᠲᠠᠢ ᠪᠣᠳᠣᠵᠤ ᠲᠣᠮᠢᠶᠠᠯᠠᠬᠤ ᠬᠡᠷᠡᠭᠲᠡᠢ᠃ ᠡᠳᠡᠭᠡᠷ ᠢ ᠰᠢᠢᠳᠦᠭᠰᠡᠨ ᠰᠢᠢᠳᠦᠯ ᠨᠢ ᠠᠵᠢᠯ ᠤᠨ ᠪᠦᠯᠦᠭ ᠢ ᠪᠦᠷᠢᠳᠦᠭᠦᠯᠳᠡᠭ᠃
ᠰᠤᠳᠤᠯᠭᠠᠨ ᠤ ᠵᠣᠷᠢᠯᠲᠠ ᠶᠢ ᠭᠣᠣᠯᠳᠠᠭᠤ ︵ ᠰᠤᠳᠤᠯᠬᠤ᠂... ᠲᠣᠳᠣᠷᠬᠠᠶᠢᠯᠠᠬᠤ᠂ ... ᠲᠣᠭᠲᠠᠭᠠᠬᠤ᠂ ... ᠢᠯᠡᠷᠡᠭᠦᠯᠬᠦ᠂ ... ᠲᠣᠳᠣᠷᠠᠭᠤᠯᠬᠤ᠂ ...ᠲᠣᠮᠢᠶ᠎ᠠ ᠭᠠᠷᠭᠠᠬᠤ) ᠭᠡᠬᠦ ᠮᠡᠲᠦ ᠲᠣᠭᠠᠴᠢᠭᠰᠠᠨ ᠬᠡᠯᠪᠡᠷᠢ ᠪᠡᠷ ᠢᠯᠡᠷᠬᠡᠶᠢᠯᠡᠨ᠎ᠡ᠃
ᠰᠤᠳᠤᠯᠭ᠎ᠠ ᠰᠢᠨᠵᠢᠯᠡᠭᠡᠨ ᠦ ᠠᠵᠢᠯ ᠪᠦᠬᠦᠨ ᠤᠷᠢᠳᠤ ᠡᠮᠦᠨ᠎ᠡ ᠡᠷᠳᠡᠮᠲᠡᠳ᠂ ᠰᠤᠳᠤᠯᠤᠭᠠᠴᠢᠳ ᠤᠨ ᠲᠤᠬᠠᠢ ᠶᠢᠨ ᠴᠢᠭᠯᠡᠯ ᠢᠶᠡᠷ ᠬᠢᠵᠦ ᠭᠦᠢᠴᠡᠳᠭᠡᠭᠰᠡᠨ ᠰᠤᠳᠤᠯᠭᠠᠨ ᠤ ᠠᠵᠢᠯ ᠤᠨ ᠦᠷᠭᠦᠯᠵᠢᠯᠡᠯ ᠪᠣᠯᠵᠤ ᠪᠠᠶᠢᠳᠠᠭ᠃ ᠡᠶᠢᠮᠦ ᠤᠴᠢᠷ ᠠᠴᠠ ᠲᠠᠯᠪᠢᠭᠰᠠᠨ ᠵᠣᠷᠢᠯᠭ᠎ᠠ ᠳᠤ ᠪᠠᠨ ᠬᠦᠷᠬᠦ ᠶᠢᠨ ᠲᠤᠯᠠᠳᠠ ᠲᠤᠬᠠᠢ ᠶᠢᠨ ᠴᠢᠭᠯᠡᠯ ᠢᠶᠡᠷ ᠰᠤᠳᠤᠯᠭ᠎ᠠ ᠶᠠᠪᠤᠭᠤᠯᠳᠠᠭ ᠭᠠᠳᠠᠨ᠎ᠠ ᠶᠢᠨ ᠪᠣᠯᠤᠨ ᠥᠪᠡᠷ ᠦᠨ ᠣᠷᠣᠨ ᠤ ᠡᠷᠳᠡᠮᠲᠡᠳ ᠦᠨ ᠰᠤᠳᠤᠯᠭᠠᠨ ᠤ ᠠᠵᠢᠯ ᠤᠨ ᠦᠷ᠎ᠡ ᠳ᠋ᠦᠩ ᠢ ᠰᠠᠶᠢᠲᠤᠷ ᠰᠤᠳᠤᠯᠵᠤ ᠦᠨᠡᠯᠡᠯᠲᠡ ᠳ᠋ᠦᠩᠨᠡᠯᠲᠡ ᠥᠭᠬᠦ ᠬᠡᠷᠡᠭᠲᠡᠢ᠃
※ᠰᠤᠳᠤᠯᠭᠠᠨ ᠤ ᠰᠤᠳᠤᠯᠤᠭᠳᠠᠬᠤᠨ᠂ ᠰᠤᠳᠤᠯᠬᠤᠨ ᠢ ᠲᠣᠮᠢᠶᠠᠯᠠᠬᠤ᠃ ᠰᠤᠳᠤᠯᠤᠭᠳᠠᠬᠤᠨ ᠭᠡᠳᠡᠭ ᠨᠢ ᠰᠤᠳᠤᠯᠵᠤ᠂ ᠰᠢᠢᠳᠪᠦᠷᠢᠯᠡᠬᠦ ᠠᠰᠠᠭᠤᠳᠠᠯ ᠡᠭᠦᠰᠬᠡᠵᠦ ᠪᠠᠶᠢᠭ᠎ᠠ ᠪᠤᠶᠤ ᠰᠤᠳᠤᠯᠬᠤ ᠪᠠᠷ ᠰᠣᠩᠭᠣᠭᠰᠠᠨ ᠶᠠᠭᠤᠮᠠᠰ᠂ ᠦᠢᠯᠡ ᠶᠠᠪᠤᠴᠠ᠂ ᠦᠵᠡᠭᠳᠡᠯ ᠶᠤᠮ᠃
ᠰᠤᠳᠤᠯᠭᠠᠨ ᠤ ᠰᠤᠳᠤᠯᠤᠭᠳᠠᠬᠤᠨ᠂ ᠰᠤᠳᠤᠯᠬᠤᠨ ᠬᠣᠭᠣᠷᠣᠨᠳᠣ ᠪᠠᠨ ᠶᠡᠷᠦᠩᠬᠡᠢ ᠪᠠ ᠲᠤᠰᠬᠠᠢ ᠬᠠᠷᠢᠴᠠᠭ᠎ᠠ ᠲᠠᠢ ᠪᠠᠶᠢᠳᠠᠭ᠃ ᠴᠤᠬᠤᠮ ᠬᠦ ᠰᠤᠳᠤᠯᠭᠠᠨ ᠤ ᠰᠤᠳᠤᠯᠬᠤᠨ ᠨᠢ ᠡᠷᠳᠡᠮ ᠦᠨ ᠵᠡᠷᠭᠡ ᠭᠣᠷᠢᠯᠠᠭᠰᠠᠨ ᠪᠦᠲᠦᠭᠡᠯ ᠦᠨ (ᠳ᠋ᠢᠰᠰᠧᠷᠲ᠋ᠠᠼ ᠤᠨ) ᠰᠡᠳᠦᠪ ᠢ ᠲᠣᠳᠣᠷᠬᠠᠶᠢᠯᠠᠳᠠᠭ᠃
ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡ ᠴᠢᠬᠤᠯᠠ ᠦᠶ᠎ᠡ ᠱᠠᠲᠤ ᠨᠢ ᠰᠤᠳᠤᠯᠭᠠᠨ ᠤ ᠠᠷᠭ᠎ᠠ ᠶᠢ ᠰᠤᠩᠭᠤᠬᠤ ᠶᠠᠪᠤᠳᠠᠯ ᠶᠤᠮ᠃ ᠰᠤᠳᠤᠯᠭᠠᠨ ᠤ ᠠᠷᠭ᠎ᠠ ᠨᠤᠭᠤᠳ ᠢ ᠵᠥᠪ ᠰᠣᠩᠭᠣᠵᠤ ᠬᠡᠷᠡᠭᠯᠡᠬᠦ ᠨᠢ ᠲᠠᠯᠪᠢᠭᠰᠠᠨ ᠵᠣᠷᠢᠯᠭ᠎ᠠ ᠪᠠᠨ ᠪᠡᠶᠡᠯᠡᠭᠦᠯᠬᠦ ᠳᠦ ᠴᠢᠬᠤᠯᠠ ᠡᠭᠦᠷᠭᠡ ᠲᠡᠢ᠃
ᠰᠤᠳᠤᠯᠤᠭᠠᠴᠢ᠂ ᠵᠣᠷᠢᠯᠭ᠎ᠠ ᠵᠣᠷᠢᠯᠲᠠ ᠪᠠᠨ ᠲᠣᠳᠣᠷᠬᠠᠢ ᠪᠣᠯᠭᠠᠭᠰᠠᠨ ᠤ ᠳᠠᠷᠠᠭ᠎ᠠ ᠨᠠᠶᠢᠳᠠᠪᠤᠷᠢᠲᠠᠢ᠂ ᠦᠨᠡᠨ ᠪᠣᠳᠠᠲᠠᠢ ᠦᠷ᠎ᠡ ᠳ᠋ᠦᠩ ᠳᠦ ᠬᠦᠷᠬᠦ ᠶᠢᠨ ᠲᠤᠯᠠᠳᠠ ᠰᠣᠩᠭᠣᠭᠰᠠᠨ ᠰᠡᠳᠦᠪ ᠦᠨ ᠢᠶᠡᠨ ᠬᠦᠷᠢᠶᠡᠨ ᠳᠦ ᠬᠢᠬᠦ ᠠᠵᠢᠯ ᠤᠨ ᠴᠠᠷ᠎ᠠ ᠬᠦᠷᠢᠶ᠎ᠡ ᠶᠢ ᠲᠣᠭᠲᠠᠭᠠᠵᠤ᠂ ᠲᠣᠳᠣᠷᠬᠠᠢ ᠦᠷ᠎ᠡ ᠳ᠋ᠦᠩ ᠳᠦ ᠬᠦᠷᠬᠦ ᠠᠷᠭ᠎ᠠ ᠵᠠᠮ᠂ ᠲᠣᠬᠢᠶᠠᠯᠳᠤᠵᠤ ᠪᠣᠯᠬᠤ ᠪᠡᠷᠬᠡᠰᠢᠶᠡᠯ᠂ ᠱᠠᠭᠠᠷᠳᠠᠭᠳᠠᠬᠤ ᠵᠠᠷᠤᠳᠠᠯ᠂ ᠲᠣᠨᠣᠭ ᠲᠥᠬᠥᠭᠡᠷᠦᠮᠵᠢ ᠵᠡᠷᠭᠡ ᠶᠢ ᠤᠷᠢᠳᠴᠢᠯᠠᠨ ᠢᠵᠢ ᠪᠦᠷᠢᠨ ᠲᠣᠭᠠᠴᠢᠵᠤ᠂ ᠶᠡᠷᠦᠩᠬᠡᠢ ᠵᠢᠷᠤᠭᠯᠠᠯ ᠢ ᠭᠠᠷᠭᠠᠳᠠᠭ᠃ ᠡᠶᠢᠨᠬᠦ ᠰᠤᠳᠤᠯᠭᠠᠨ ᠤ ᠡᠴᠦᠰ ᠦᠨ ᠦᠷ᠎ᠡ ᠳ᠋ᠦᠩ ᠳᠦ ᠬᠡᠷᠬᠢᠨ᠂ ᠶᠠᠭᠠᠬᠢᠵᠤ ᠬᠦᠷᠬᠦ ᠲᠠᠯ᠎ᠠ ᠪᠠᠷ ᠰᠤᠳᠤᠯᠤᠭᠠᠴᠢ ᠶᠢᠨ ᠬᠣᠯᠠᠴᠢ ᠰᠠᠨᠠᠭ᠎ᠠ ᠪᠣᠳᠣᠯ ᠢ ᠲᠤᠰᠬᠠᠭᠰᠠᠨ ᠪᠠᠷᠢᠮᠲᠠ ᠪᠢᠴᠢᠭ ᠢ ᠰᠤᠳᠤᠯᠭᠠᠨ ᠤ ᠰᠲᠷᠠᠲ᠋ᠧᠭᠢ ᠭᠡᠨ᠎ᠡ᠃
※ᠰᠣᠩᠭᠣᠭᠰᠠᠨ ᠰᠡᠳᠦᠪ ᠦᠨ ᠫᠷᠠᠺᠲ᠋ᠢᠭ ᠠᠴᠢ ᠬᠣᠯᠪᠣᠭᠳᠠᠯ ᠨᠢ ᠲᠤᠬᠠᠢ ᠶᠢᠨ ᠰᠤᠳᠤᠯᠭᠠᠨ ᠤ ᠰᠢᠨᠵᠢ ᠴᠢᠨᠠᠷ ᠠᠴᠠ ᠬᠠᠮᠢᠶᠠᠷᠳᠠᠭ᠃
ᠬᠡᠷᠪᠡ ᠡᠷᠳᠡᠮ ᠦᠨ ᠵᠡᠷᠭᠡ ᠭᠣᠷᠢᠯᠠᠭᠰᠠᠨ ᠪᠦᠲᠦᠭᠡᠯ ᠨᠢ ᠠᠷᠭ᠎ᠠ ᠰᠤᠳᠤᠯᠤᠯ ᠤᠨ ᠰᠢᠨᠵᠢ ᠲᠡᠢ ᠪᠣᠯ ᠲᠡᠭᠦᠨ ᠦ ᠫᠷᠠᠺᠲ᠋ᠢᠭ ᠠᠴᠢ ᠬᠣᠯᠪᠣᠭᠳᠠᠯ ᠨᠢ᠄ ᠲᠤᠬᠠᠢ ᠶᠢᠨ ᠰᠤᠳᠤᠯᠭᠠᠨ ᠤ ᠠᠵᠢᠯ ᠤᠨ ᠦᠨᠳᠦᠰᠦᠨ ᠦᠷ᠎ᠡ ᠳ᠋ᠦᠩ ᠢ ᠭᠠᠭᠴᠠ ᠰᠡᠳᠦᠪᠲᠦ ᠵᠣᠬᠢᠶᠠᠯ᠂ ᠰᠤᠷᠬᠤ ᠪᠢᠴᠢᠭ᠂ ᠰᠢᠨᠵᠢᠯᠡᠬᠦ ᠤᠬᠠᠭᠠᠨ ᠤ ᠢᠯᠡᠳᠬᠡᠯ ᠳᠦ ᠭᠠᠷᠤᠭᠰᠠᠨ ᠢᠶᠠᠷ; ᠰᠤᠳᠤᠯᠭᠠᠨ ᠤ ᠦᠷ᠎ᠡ ᠳ᠋ᠦᠩ ᠢ ᠫᠷᠠᠺᠲ᠋ᠢᠭ ᠲᠤ ᠬᠡᠷᠡᠭᠵᠢᠭᠦᠯᠦᠭᠰᠡᠨ ᠲᠤᠬᠠᠢ ᠠᠺᠲ᠂ ᠵᠣᠬᠢᠶᠠᠭᠴᠢ ᠶᠢᠨ ᠭᠡᠷᠡᠴᠢᠯᠡᠭᠡ ᠪᠡᠷ; ᠰᠢᠨᠵᠢᠯᠡᠬᠦ ᠤᠬᠠᠭᠠᠨ ᠤ ᠶᠡᠬᠡ ᠪᠠᠭ᠎ᠠ ᠬᠤᠷᠠᠯ ᠢᠶᠠᠷ ᠬᠡᠯᠡᠯᠴᠡᠭᠦᠯᠡᠭᠳᠡᠭᠰᠡᠨ ᠪᠠᠶᠢᠳᠠᠯ ᠢᠶᠠᠷ; ᠶᠡᠬᠡ᠂ ᠳᠡᠭᠡᠳᠦ᠂ ᠲᠤᠰᠬᠠᠢ ᠮᠡᠷᠭᠡᠵᠢᠯ ᠦᠨ ᠰᠤᠷᠭᠠᠭᠤᠯᠢ ᠨᠤᠭᠤᠳ ᠤᠨ ᠰᠤᠷᠭᠠᠯᠲᠠᠨ ᠳᠤ ᠬᠡᠷᠡᠭᠯᠡᠭᠰᠡᠨ ᠪᠠᠶᠢᠳᠠᠯ ᠢᠶᠠᠷ; ᠰᠤᠳᠤᠯᠭᠠᠨ ᠤ ᠦᠷ᠎ᠡ ᠳ᠋ᠦᠩ ᠢ ᠰᠢᠨ᠎ᠡ ᠬᠡᠮ ᠬᠡᠮᠵᠢᠶ᠎ᠡ᠂ ᠠᠷᠭ᠎ᠠ ᠵᠦᠢ ᠪᠣᠯᠪᠠᠰᠤᠷᠠᠭᠤᠯᠬᠤ ᠳᠤ ᠠᠰᠢᠭᠯᠠᠭᠰᠠᠨ ᠪᠠᠢᠳᠠᠯ ᠢᠶᠠᠷ ᠢᠯᠡᠷᠡᠨ᠎ᠡ᠃
ᠬᠡᠷᠪᠡ ᠠᠷᠭ᠎ᠠ ᠵᠦᠢ ᠶᠢᠨ ᠰᠢᠨᠵᠢᠲᠡᠢ ᠪᠣᠯ ᠲᠡᠭᠦᠨ ᠦ ᠫᠷᠠᠺᠲ᠋ᠢᠭ ᠠᠴᠢ ᠬᠣᠯᠪᠣᠭᠳᠠᠯ ᠨᠢ᠄ ᠤᠯᠤᠰ ᠣᠷᠣᠨ ᠤ ᠨᠡᠶᠢᠭᠡᠮ᠂ ᠡᠳ᠋ ᠦᠨ ᠵᠠᠰᠠᠭ᠂ ᠲᠧᠭᠨᠢᠭ ᠲᠧᠭᠨᠣᠯᠣᠭᠢ ᠤᠨ ᠬᠥᠭᠵᠢᠯ ᠢ ᠪᠣᠯᠪᠠᠰᠤᠷᠠᠩᠭᠤᠢ ᠪᠣᠯᠭᠠᠬᠤ᠂ ᠲᠤᠷᠰᠢᠯᠲᠠ ᠶᠢᠨ ᠦᠷ᠎ᠡ ᠳ᠋ᠦᠩ ᠳᠦ ᠰᠠᠶᠢᠰᠢᠶᠠᠭᠳᠠᠭᠰᠠᠨ᠂ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠠᠷᠭ᠎ᠠ ᠬᠡᠷᠡᠭᠰᠡᠯ ᠦᠨ ᠲᠣᠭᠲᠠᠯᠴᠠᠭ᠎ᠠ ᠪᠤᠢ ᠪᠣᠯᠭᠠᠭᠰᠠᠨ ᠢᠶᠠᠷ ᠢᠯᠡᠷᠡᠨ᠎ᠡ᠃
ᠠᠷᠭ᠎ᠠ ᠵᠦᠢ ᠶᠢᠨ ᠰᠢᠨᠵᠢ ᠴᠢᠨᠠᠷ ᠲᠠᠢ ᠰᠤᠳᠤᠯᠭᠠᠨ ᠤ ᠠᠵᠢᠯ ᠤᠨ ᠦᠷ᠎ᠡ ᠳ᠋ᠦᠩ ᠢ ᠬᠡᠷᠡᠭᠵᠢᠭᠦᠯᠬᠦ ᠬᠡᠯᠪᠡᠷᠢ ᠨᠢ ᠶᠠᠩᠵᠤ ᠪᠦᠷᠢ ᠪᠠᠶᠢᠨ᠎ᠠ᠃ ᠲᠡᠳᠡᠭᠡᠷ ᠡᠴᠡ ᠦᠨᠳᠦᠰᠦᠨ ᠨᠢ᠄
- ᠨᠡᠶᠢᠭᠡᠮ ᠡᠳ᠋ ᠦᠨ ᠵᠠᠰᠠᠭ᠂ ᠲᠧᠭᠨᠢᠭ᠂ ᠤᠯᠤᠰ ᠲᠥᠷᠥ᠂ ᠬᠠᠤᠯᠢ ᠶᠢᠨ ᠭᠡᠬᠦ ᠮᠡᠲᠦ ᠰᠢᠰᠲ᠋ᠧᠮ ᠢ ᠰᠠᠶᠢᠵᠢᠷᠠᠭᠤᠯᠬᠤ ᠲᠠᠯᠠᠭᠠᠷᠬᠢ ᠰᠠᠨᠠᠯ ᠵᠥᠪᠯᠡᠮᠵᠢ
- ᠡᠳ᠋ ᠦᠨ ᠵᠠᠰᠠᠭ ᠤᠨ ᠮᠧᠬᠠᠨᠢᠰᠮ᠂ ᠨᠡᠶᠢᠭᠡᠮ ᠤᠨ ᠫᠷᠣᠼᠧᠰᠰ ᠤᠨ ᠤᠳᠤᠷᠢᠳᠤᠯᠭ᠎ᠠ ᠶᠢ ᠰᠠᠶᠢᠵᠢᠷᠠᠭᠤᠯᠬᠤ ᠰᠠᠨᠠᠯ᠂ ᠵᠥᠪᠯᠡᠮᠵᠢ
- ᠤᠯᠤᠰ ᠤᠨ ᠶᠠᠮᠤ᠂ ᠠᠯᠪᠠᠨ ᠭᠠᠵᠠᠷ ᠪᠠ ᠰᠣᠨᠢᠷᠬᠠᠭᠰᠠᠨ ᠭᠠᠵᠠᠷ ᠤᠳ ᠲᠤ ᠠᠰᠢᠭᠯᠠᠭᠤᠯᠬᠤ ᠪᠠᠷ ᠭᠠᠷᠭᠠᠵᠤ ᠪᠠᠲᠤᠯᠠᠭᠰᠠᠨ ᠵᠥᠪᠯᠡᠮᠵᠢ᠂ ᠠᠷᠭ᠎ᠠ ᠵᠦᠢ ᠶᠢᠨ ᠪᠠᠷᠢᠮᠲᠠ᠃
ᠬᠡᠷᠪᠡ ᠰᠢᠨᠵᠢᠯᠡᠬᠦ ᠤᠬᠠᠭᠠᠨ ᠤ ᠰᠤᠳᠤᠯᠭ᠎ᠠ ᠨᠢ ᠦᠢᠯᠡᠳᠪᠦᠷᠢᠯᠡᠯ ᠦᠨ ᠫᠷᠣᠼᠧᠰᠰ ᠢ ᠢᠳᠡᠪᠬᠢᠵᠢᠭᠦᠯᠵᠦ ᠮᠠᠲ᠋ᠧᠷᠢᠶᠠᠯᠯᠢᠭ ᠪᠠᠶᠠᠯᠢᠭ᠂ ᠬᠥᠳᠡᠯᠮᠦᠷᠢ ᠶᠢᠨ ᠨᠥᠭᠡᠴᠡ ᠶᠢ ᠨᠡᠮᠡᠭᠳᠡᠭᠦᠯᠬᠦ ᠪᠡᠷ ᠰᠢᠨᠵᠢᠯᠡᠬᠦ ᠤᠬᠠᠭᠠᠨ ᠤ ᠦᠨᠳᠦᠰᠦᠯᠡᠯ ᠲᠡᠢ᠂ ᠬᠠᠪᠰᠤᠷᠭ᠎ᠠ ᠰᠢᠨᠵᠢ ᠲᠡᠢ ᠪᠠᠶᠢᠪᠠᠯ ᠲᠡᠭᠦᠨ ᠦ ᠫᠷᠠᠺᠲ᠋ᠢᠭ ᠠᠴᠢ ᠬᠣᠯᠪᠣᠭᠳᠠᠯ ᠨᠢ ᠳᠠᠷᠠᠭᠠᠬᠢ ᠬᠡᠯᠪᠡᠷᠢ ᠤᠳ ᠢᠶᠠᠷ ᠢᠯᠡᠷᠡᠨ᠎ᠡ᠄
- ᠠᠯᠪᠠᠨ ᠭᠠᠵᠠᠷ᠂ ᠪᠠᠶᠢᠭᠤᠯᠤᠯᠭ᠎ᠠ᠂ ᠺᠣᠮᠫᠠᠨᠢ ᠶᠢᠨ ᠨᠡᠶᠢᠭᠡᠮ ᠡᠳ᠋ ᠤᠨ ᠵᠠᠰᠠᠭ ᠤᠨ ᠦᠢᠯᠡ ᠠᠵᠢᠯᠯᠠᠭ᠎ᠠ᠂ ᠦᠨᠳᠦᠰᠦᠨ ᠦᠢᠯᠡᠳᠪᠦᠷᠢᠯᠡᠯ ᠦᠨ ᠪᠣᠯᠣᠨ ᠦᠢᠯᠡᠳᠪᠦᠷᠢᠯᠡᠯ ᠦᠨ ᠪᠤᠰᠤ ᠹᠣᠨᠳ᠋᠂ ᠮᠠᠲ᠋ᠧᠷᠢᠶᠠᠯ᠂ ᠲᠦᠯᠡᠰᠢ ᠡᠷᠴᠢᠮ ᠬᠦᠴᠦᠨ ᠦ ᠨᠥᠭᠡᠴᠡ ᠶᠢ ᠰᠠᠶᠢᠵᠢᠷᠠᠭᠤᠯᠬᠤ᠂ ᠬᠥᠳᠡᠯᠮᠦᠷᠢ ᠶᠢᠨ ᠪᠦᠲᠦᠭᠡᠮᠵᠢ ᠶᠢ ᠳᠡᠭᠡᠭᠰᠢᠯᠡᠭᠦᠯᠬᠦ ᠲᠠᠯᠠᠭᠠᠷᠬᠢ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠠᠷᠭ᠎ᠠ ᠵᠠᠮ᠂ ᠬᠥᠭᠵᠢᠯ ᠦᠨ ᠴᠢᠭᠯᠡᠯ
- ᠰᠢᠨᠵᠢᠯᠡᠬᠦ ᠤᠬᠠᠭᠠᠨ ᠲᠧᠭᠨᠢᠭ ᠦᠨ ᠣᠯᠤᠯᠲᠠ ᠶᠢ ᠰᠢᠨᠵᠢᠯᠡᠬᠦ ᠤᠬᠠᠭᠠᠨ ᠤ ᠰᠠᠯᠪᠤᠷᠢ ᠤᠳ᠂ ᠫᠷᠠᠺᠲ᠋ᠢᠭ ᠲᠤ ᠬᠡᠷᠡᠭᠵᠢᠭᠦᠯᠬᠦ ᠠᠷᠭ᠎ᠠ ᠬᠡᠮᠵᠢᠶᠡᠨ ᠦ ᠡᠳ᠋ ᠦᠨ ᠵᠠᠰᠠᠭ ᠤᠨ ᠦᠨᠳᠦᠰᠦᠯᠡᠯ
- ᠦᠢᠯᠡᠳᠪᠦᠷᠢ᠂ ᠠᠯᠪᠠᠨ ᠪᠠᠢᠭᠤᠯᠤᠯᠭ᠎ᠠ ᠶᠢᠨ ᠦᠢᠯᠡ ᠠᠵᠢᠯᠯᠠᠭᠠᠨ ᠳᠤ ᠰᠢᠨᠵᠢᠯᠡᠬᠦ ᠤᠬᠠᠭᠠᠨ ᠤ ᠳᠡᠪᠰᠢᠯᠲᠡᠲᠦ ᠰᠢᠨ᠎ᠡ ᠲᠧᠭᠨᠢᠭ ᠲᠧᠭᠨᠣᠯᠣᠭᠢ ᠶᠢ ᠬᠡᠷᠡᠭᠵᠢᠭᠦᠯᠬᠦ ᠰᠠᠨᠠᠯ ᠤᠨ ᠦᠨᠳᠦᠰᠦᠯᠡᠯ
- ᠤᠯᠤᠰ ᠤᠨ ᠵᠠᠬᠢᠶᠠᠯᠠᠭ᠎ᠠ ᠪᠠ ᠠᠵᠤ ᠠᠬᠤᠢ ᠶᠢᠨ ᠭᠡᠷ᠎ᠡ ᠶᠢᠨ ᠦᠨᠳᠦᠰᠦᠨ ᠳᠡᠭᠡᠷ᠎ᠡ ᠬᠢᠭᠳᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠰᠡᠳᠦᠪ ᠦᠨ ᠲᠤᠰᠬᠠᠢ ᠨᠢᠭᠡ ᠠᠰᠠᠭᠤᠳᠠᠯ ᠢ ᠨᠢ ᠰᠢᠢᠳᠦᠭᠰᠡᠨ ᠰᠢᠢᠳᠦᠯ
- ᠰᠤᠳᠤᠯᠭᠠᠨ ᠤ ᠦᠷ᠎ᠡ ᠳ᠋ᠦᠩ ᠢ ᠵᠣᠬᠢᠶᠠᠨ ᠪᠦᠲᠦᠭᠡᠬᠦ ᠲᠣᠪᠴᠢᠶ᠎ᠠ᠂ ᠵᠢᠷᠤᠭ ᠵᠦᠢ ᠶᠢᠨ
ᠪᠠᠶᠢᠭᠤᠯᠤᠯᠭ᠎ᠠ ᠨᠤᠭᠤᠳ ᠪᠤᠰᠤᠳ ᠪᠠᠶᠢᠭᠤᠯᠤᠯᠭ᠎ᠠ ᠨᠤᠭᠤᠳ ᠤᠨ ᠠᠵᠢᠯᠯᠠᠭᠠᠨ ᠳᠤ ᠬᠡᠷᠡᠭᠯᠡᠵᠦ ᠪᠤᠢ ᠪᠠᠷ᠃
※ᠰᠤᠳᠤᠯᠭᠠᠨ ᠤ ᠦᠷ᠎ᠡ ᠳ᠋ᠦᠩ ᠢ ᠪᠣᠯᠪᠠᠰᠤᠷᠠᠭᠤᠯᠵᠤ ᠳ᠋ᠦᠩ ᠰᠢᠨᠵᠢᠯᠡᠭᠡ ᠬᠢᠬᠦ᠃
ᠰᠤᠳᠤᠯᠭᠠᠨ ᠦ ᠮᠠᠲ᠋ᠧᠷᠢᠶᠠᠯ ᠢ ᠮᠠᠲ᠋ᠧᠮᠠᠲ᠋ᠢᠺ ᠰᠲ᠋ᠠᠲ᠋ᠢᠰᠲ᠋ᠢᠺ ᠶᠢᠨ ᠠᠷᠭ᠎ᠠ ᠪᠠᠷ ᠪᠣᠯᠪᠠᠰᠤᠷᠠᠭᠤᠯᠵᠤ᠂ ᠰᠤᠳᠤᠯᠵᠤ ᠪᠤᠢ ᠵᠦᠢᠯ ᠦᠨ ᠬᠡᠮᠵᠢᠭᠳᠡᠬᠦᠨ ᠪᠠ ᠴᠢᠨᠠᠷ ᠤᠨ ᠥᠭᠡᠷᠡᠴᠢᠯᠡᠯᠲᠡ ᠶᠢᠨ ᠵᠦᠢ ᠲᠣᠭᠲᠠᠯ ᠳᠤ ᠨᠦᠯᠦᠭᠡᠯᠡᠬᠦ ᠭᠣᠣᠯ ᠬᠦᠴᠦᠨ ᠵᠦᠢᠯᠡᠰ᠂ ᠲᠡᠳᠡᠭᠡᠷ ᠦᠨ ᠬᠠᠷᠢᠯᠴᠠᠨ ᠨᠥᠯᠥᠭᠡᠯᠡᠯ ᠢ ᠲᠣᠭᠲᠠᠭᠠᠨ᠎ᠠ᠃ ᠰᠤᠳᠤᠯᠭ᠎ᠠ ᠪᠠᠷ ᠭᠠᠷᠤᠭᠰᠠᠨ ᠦᠷ᠎ᠡ ᠳ᠋ᠦᠩ ᠢ ᠡᠳ᠋ ᠦᠨ ᠵᠠᠰᠠᠭ ᠤᠨ ᠦᠵᠡᠭᠦᠯᠦᠯᠲᠡ ᠲᠡᠢ ᠬᠠᠷᠢᠴᠠᠭᠤᠯᠵᠤ ᠳ᠋ᠦᠩ ᠰᠢᠨᠵᠢᠯᠡᠭᠡ ᠬᠢᠳᠡᠭ᠃
※ᠰᠤᠳᠤᠯᠭᠠᠨ ᠤ ᠦᠷ᠎ᠡ ᠳ᠋ᠦᠩ ᠢᠶᠡᠷ ᠳ᠋ᠦᠩᠨᠡᠯᠲᠡ᠂ ᠵᠥᠪᠯᠡᠮᠵᠢ ᠭᠠᠷᠭᠠᠬᠤ᠃
ᠰᠤᠳᠤᠯᠭᠠᠨ ᠤ ᠦᠷ᠎ᠡ ᠳ᠋ᠦᠩ ᠢ ᠨᠢᠭᠡᠳᠬᠡᠬᠦ᠂ ᠳ᠋ᠦᠩᠨᠡᠯᠲᠡ ᠵᠥᠪᠯᠡᠮᠵᠢ ᠭᠠᠷᠭᠠᠬᠤ ᠠᠵᠢᠯᠯᠠᠭ᠎ᠠ ᠲᠣᠳᠣᠷᠬᠠᠢ ᠳᠦᠷᠢᠮ᠂ ᠰᠲ᠋ᠠᠨᠳᠠᠷᠲ ᠶᠢᠨ ᠳᠠᠭᠠᠤ ᠬᠢᠭᠳᠡᠨ᠎ᠡ᠃ ᠰᠤᠳᠤᠯᠭ᠎ᠠ ᠰᠢᠨᠵᠢᠯᠡᠭᠡᠨ ᠦ ᠠᠵᠢᠯ ᠤᠨ ᠡᠨᠡ ᠦᠶ᠎ᠡ ᠱᠠᠲᠤ ᠨᠢ ᠰᠤᠳᠤᠯᠭᠠᠨ ᠤ ᠦᠷ᠎ᠡ ᠳ᠋ᠦᠩ ᠳᠦ ᠪᠣᠳᠠᠲᠤ ᠳ᠋ᠦᠩᠨᠡᠯᠲᠡ ᠭᠠᠷᠭᠠᠬᠤ᠂ ᠵᠥᠪᠯᠡᠮᠵᠢ ᠪᠣᠯᠪᠠᠰᠤᠷᠠᠭᠤᠯᠬᠤ ᠳᠤ ᠴᠢᠭᠯᠡᠨ᠎ᠡ᠃
ᠰᠤᠳᠤᠯᠭᠠᠨ ᠤ ᠦᠨᠳᠦᠰᠦᠨ ᠳᠦ ᠭᠠᠷᠭᠠᠬᠤ ᠵᠥᠪᠯᠡᠮᠵᠢ᠂ ᠳ᠋ᠦᠩᠨᠡᠯᠲᠡ ᠨᠢ ᠲᠣᠪᠴᠢ ᠲᠣᠳᠣᠷᠬᠠᠢ᠂ ᠴᠢᠨᠠᠷ ᠤᠨ ᠦᠵᠡᠭᠦᠯᠦᠯᠲᠡ ᠡᠴᠡ ᠭᠠᠳᠠᠨ᠎ᠠ ᠲᠣᠭᠠᠨ ᠤ ᠦᠵᠡᠭᠦᠯᠦᠯᠲᠡ ᠠᠭᠤᠯᠬᠤ ᠶᠣᠰᠣᠲᠠᠢ᠃ ᠳ᠋ᠦᠩᠨᠡᠯᠲᠡ ᠨᠢ ᠣᠨᠣᠯ ᠪᠣᠯᠤᠨ ᠫᠷᠠᠺᠲ᠋ᠢᠭ ᠦᠷ᠎ᠡ ᠳ᠋ᠦᠩ ᠡᠴᠡ ᠭᠠᠷᠤᠭᠰᠠᠨ ᠰᠢᠨ᠎ᠡ᠂ ᠨᠡᠩ ᠴᠢᠬᠤᠯᠠ ᠵᠦᠢᠯ ᠢ ᠠᠭᠤᠯᠤᠭᠰᠠᠨ ᠪᠠᠶᠢᠨ᠎ᠠ᠃
ᠡᠷᠳᠡᠮ ᠦᠨ ᠵᠡᠷᠭᠡ ᠭᠣᠷᠢᠯᠠᠭᠰᠠᠨ ᠪᠦᠲᠦᠭᠡᠯ ᠦᠨ ᠨᠢᠭᠡ ᠭᠣᠣᠯ ᠬᠡᠰᠡᠭ ᠨᠢ ᠬᠢᠭᠰᠡᠨ ᠰᠤᠳᠤᠯᠭ᠎ᠠ ᠲᠤᠷᠰᠢᠯᠲᠠ ᠶᠢᠨ ᠠᠵᠢᠯ᠂ ᠰᠤᠳᠤᠯᠭᠠᠨ ᠤ ᠲᠧᠭᠨᠢᠭ ᠠᠷᠭ᠎ᠠ ᠪᠠᠷᠢᠯ᠂ ᠰᠤᠳᠤᠯᠭᠠᠨ ᠤ ᠦᠷ᠎ᠡ ᠳ᠋ᠦᠩ ᠢ ᠳᠡᠰ ᠳᠠᠷᠠᠭᠠᠯᠠᠯ ᠲᠠᠢ ᠪᠠᠷ᠂ ᠦᠨᠡᠨ ᠵᠥᠪ ᠴᠠᠶᠢᠷᠠᠭᠤᠯᠤᠨ ᠪᠢᠴᠢᠵᠦ ᠬᠡᠯᠪᠡᠷᠢᠵᠢᠭᠦᠯᠬᠦ ᠶᠠᠪᠤᠳᠠᠯ ᠶᠤᠮ᠃
ᠠᠯᠢᠪᠠ ᠪᠠᠷᠢᠮᠲᠠ ᠪᠢᠴᠢᠭ ᠦᠨ ᠬᠡᠯᠡ ᠨᠠᠶᠢᠷᠠᠭᠤᠯᠭ᠎ᠠ᠂ ᠲᠡᠷᠡ ᠴᠤ ᠪᠠᠶᠢᠲᠤᠭᠠᠢ ᠬᠦᠮᠦᠨ ᠪᠦᠷᠢ ᠶᠢᠨ ᠨᠠᠶᠢᠷᠠᠭᠤᠯᠭ᠎ᠠ ᠥᠪᠡᠷ ᠥᠪᠡᠷ ᠦᠨ ᠣᠨᠴᠠᠯᠢᠭ ᠲᠠᠢ᠃ ᠭᠡᠬᠦ ᠳᠦ ᠪᠡᠨ ᠨᠠᠶᠢᠷᠠᠭᠤᠯᠭ᠎ᠠ ᠵᠦᠢ ᠶᠢᠨ ᠨᠢᠭᠡᠨ ᠶᠡᠷᠦᠩᠬᠡᠢ ᠱᠠᠭᠠᠷᠳᠠᠯᠭ᠎ᠠ ᠶᠢ ᠵᠠᠪᠠᠯ ᠬᠠᠩᠭᠠᠭᠰᠠᠨ ᠪᠠᠶᠢᠬᠤ ᠤᠴᠢᠷ ᠲᠠᠢ ᠪᠠᠶᠢᠳᠠᠭ᠃
ᠷ᠂ ᠵᠧᠶᠣᠷᠵᠢᠨ《ᠨᠠᠶᠢᠷᠠᠭᠤᠯᠭ᠎ᠠ ᠶᠢᠨ ᠨᠢᠭᠤᠴᠠ ᠦᠳ︾ ᠨᠣᠮ ᠳᠠᠭᠠᠨ᠄ ︽ ᠨᠠᠶᠢᠷᠠᠭᠤᠯᠬᠤ ᠡᠷᠳᠡᠮ ᠦᠨ ᠭᠣᠣᠯ ᠰᠦᠨᠡᠰᠦ ᠨᠢ ᠦᠭᠡ ᠰᠣᠩᠭᠣᠯᠲᠠ ᠮᠥᠨ᠃ ᠨᠠᠶᠢᠷᠠᠭᠤᠯᠵᠤ ᠰᠤᠷᠬᠤ ᠳᠤ ᠡᠵᠡᠮᠰᠢᠪᠡᠯ ᠵᠣᠬᠢᠬᠤ ᠬᠠᠮᠤᠭ ᠤᠨ ᠴᠢᠬᠤᠯᠠ ᠴᠢᠨᠠᠷ ᠤᠳ ᠪᠣᠯ᠄
- ᠦᠭᠦᠯᠡᠵᠦ ᠪᠠᠶᠢᠭ᠎ᠠ ᠵᠦᠢᠯ ᠲᠣᠳᠣᠷᠬᠠᠢ᠂
- ᠦᠭᠡ ᠬᠡᠯᠡᠯᠭᠡ ᠣᠨᠣᠪᠴᠢᠲᠠᠢ᠂
- ᠦᠭᠡ ᠶᠢᠨ ᠪᠠᠶᠠᠯᠢᠭ ᠠᠷᠪᠢᠨ᠂
- ᠨᠤᠷᠱᠤᠭᠰᠠᠨ ᠵᠦᠢᠯ ᠦᠭᠡᠢ ᠲᠣᠪᠴᠢ᠂
- ᠥᠪᠡᠷ ᠦᠨ ᠭᠡᠰᠡᠨ ᠠᠷᠭ᠎ᠠ ᠪᠠᠷᠢᠯ ᠲᠠᠢ᠂
- ᠤᠩᠰᠢᠭᠴᠢᠳ ᠲᠤ ᠨᠢᠭᠡᠨ ᠴᠡᠭᠴᠡ ᠣᠶᠢᠯᠠᠭᠠᠯᠲᠠ ᠥᠭᠬᠦ᠂
- ᠭᠣᠶᠣᠵᠤ ᠭᠠᠩᠭᠠᠯᠠᠭᠰᠠᠨ ᠴᠠᠮᠢᠷᠬᠠᠭᠰᠠᠨ ᠵᠦᠢᠯ ᠦᠭᠡᠢ ᠡᠩ ᠦᠨ ᠪᠠᠶᠢᠬᠤ ᠡᠳᠡᠭᠡᠷ ᠰᠢᠭ ᠰᠠᠨᠠᠭᠳᠠᠨ᠎ᠠ 》ᠭᠡᠵᠡᠢ᠃
ᠠᠤᠬᠠᠨ ᠵᠠᠮᠢᠶᠠᠨ ᠺᠢᠷᠢᠯ ᠨᠣᠮ ᠠᠴᠠ ᠰᠣᠩᠭᠣᠨ ᠬᠥᠷᠪᠡᠭᠦᠯᠪᠡ᠃
2018.11.06
ᠠᠰᠢᠭᠯᠠᠭᠰᠠᠨ ᠨᠣᠮ ᠨᠢ᠄
ᠴ᠂ ᠵᠢᠭᠡᠨᠢᠩᠪᠤᠤ ᠴ᠂ ᠤᠷᠠᠨᠪᠢᠯᠢᠭ᠌ ᠄ ︽ᠷᠧᠹᠧᠷᠠᠲ᠂ ᠠᠩᠬᠢ ᠶᠢᠨ ᠪᠣᠯᠤᠨ ᠳ᠋ᠢᠫᠯᠣᠮ ᠤᠨ ᠠᠵᠢᠯ᠂ ᠮᠠᠭᠢᠰᠲ᠋ᠷ ᠳ᠋ᠣᠺᠲ᠋ᠣᠷ ᠤᠨ ᠵᠡᠷᠭᠡ ᠭᠣᠷᠢᠯᠠᠭᠰᠠᠨ ᠵᠣᠬᠢᠶᠠᠯ ᠪᠢᠴᠢᠬᠦ ᠠᠷᠭ᠎ᠠ ᠵᠦᠢ ᠶᠢᠨ ᠵᠥᠪᠯᠡᠮᠵᠢ︾ ᠂ ᠤᠯᠠᠭᠠᠨᠪᠠᠭᠠᠲᠤᠷ ᠬᠣᠲᠠ᠂ 2009 ᠣᠨ
Ч.Зээнямбуу, Ч.Уранбилгээ: “РЕФЕРАТ, АНГИЙН БОЛОН ДИПЛОМЫН АЖИЛ, МАГИСТР ДОКТОРЫН ЗЭРЭГ ГОРИЛСОН ЗОХИОЛ БИЧИХ АРГА ЗҮЙН ЗӨВЛӨМЖ” Улаанбаатар хот 2009 он