

ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ ᠬᠤᠪᠢᠷᠠᠭᠤᠯᠰᠤᠭᠠᠶ

2019-11-13 14:56
  63
  0


     — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠬᠤ ᠲᠤᠬᠠᠶ ᠥᠭᠦᠯᠡᠬᠦ ᠨᠢ
 ᠲᠣᠮᠲᠠᠲᠣ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯ ᠢᠯᠡᠷᠬᠡᠢ ᠳᠠᠪᠠᠭᠤᠯᠢᠭ ᠴᠢᠨᠠᠷ ᠪᠠ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠠᠶᠢᠭᠤᠯᠤᠯ ᠮᠥᠨ᠃ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠢᠯᠡᠷᠬᠡᠢ ᠳᠠᠪᠠᠭᠤᠯᠢᠭ ᠢ ᠨᠠᠩ ᠭᠦᠶ᠋ᠴᠡᠳ ᠪᠠᠳᠠᠷᠠᠭᠤᠯᠬᠤ ᠪᠣᠯ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠷᠮᠠᠶᠢᠬᠤ ᠴᠢᠭᠯᠡᠯ ᠮᠥᠨ᠃
  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠪᠠ ᠠᠯᠤᠰ ᠬᠡᠲᠦ ᠠᠴᠠ ᠡᠭᠦᠰᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠢ ᠭᠦᠶ᠋ᠴᠡᠳ ᠪᠠᠳᠠᠷᠠᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠣᠳᠣ᠂ ᠪᠦᠬᠦ ᠨᠠᠮ ᠤᠨ ᠡᠮᠦᠨ᠎ᠡ ᠲᠠᠯᠪᠢᠭᠳᠠᠵᠤ ᠪᠠᠢᠶ᠋ᠭ᠎ᠠ ᠨᠢᠭᠡᠨ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯ ᠳᠠᠷᠤᠶ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ᠂ ᠬᠤᠯᠠ ᠤᠢᠢᠷ᠎ᠠ ᠶᠢ ᠤᠶᠠᠯᠳᠤᠭᠤᠯᠵᠤ᠂ ᠪᠦᠬᠦᠯᠢ ᠴᠣᠭᠴᠠ ᠪᠠᠷ ᠨᠢ ᠠᠬᠢᠭᠤᠯᠬᠤ ᠶᠠᠪᠤᠳᠠᠯ ᠪᠣᠯᠤᠨ᠎ᠠ᠂ ᠨᠢᠭᠡ ᠳᠤ ᠪᠠᠷᠢᠮᠲᠠᠯᠠᠨ ᠪᠠᠬᠢᠵᠢᠭᠦᠯᠵᠦ᠂ ᠬᠤᠶᠠᠷ ᠲᠤ ᠲᠡᠭᠦᠯᠳᠡᠷᠵᠢᠭᠦᠯᠤᠨ ᠬᠥᠭᠵᠢᠭᠦᠯᠵᠦ᠂ ᠭᠤᠷᠪᠠ ᠳᠤ ᠵᠢᠷᠤᠮᠯᠠᠨ ᠬᠡᠷᠡᠭᠵᠢᠭᠦᠯᠵᠦ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢᠶᠠᠨ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ ᠬᠤᠪᠢᠷᠠᠭᠤᠯᠵᠤ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃
  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠡᠷᠡᠰ ᠭᠤᠶᠢᠪᠢᠰᠢ ᠦᠭᠡᠢ ᠪᠠᠷᠢᠮᠲᠠᠯᠠᠨ ᠪᠠᠬᠢᠵᠢᠭᠦᠯᠬᠦ ᠬᠡᠷᠡᠭᠳᠠᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯ ᠨᠢᠭᠡᠨ ᠨᠠᠷᠢᠨ ᠨᠢᠭᠳᠠ ᠪᠦᠷᠢᠨ ᠪᠦᠲᠦᠨ ᠰᠢᠨᠵᠢᠯᠡᠬᠦ ᠤᠬᠠᠭᠠᠨᠴᠢ ᠪᠠᠶᠢᠭᠤᠯᠤᠯ ᠤᠨ ᠰᠢᠰᠲ᠋ᠧᠮ ᠮᠥᠨ᠂ ᠨᠢᠷᠤᠭᠤ ᠲᠤᠯᠭᠠᠭᠤᠷᠢ ᠶᠢᠨ ᠦᠶ᠋ᠯᠡᠳᠦᠯ ᠪᠠᠳᠠᠷᠠᠭᠤᠯᠳᠠᠭ ᠨᠢ ᠦᠨᠳᠦᠰᠦᠨ ᠲᠦᠷᠢᠮ᠂ ᠰᠠᠭᠤᠷᠢ ᠲᠦᠷᠢᠮ᠂ ᠴᠢᠬᠤᠯᠠ ᠲᠦᠷᠢᠮ ᠪᠣᠯᠤᠨ᠎ᠠ᠂ ᠡᠭᠦᠨ ᠳᠤ ᠶᠡᠷᠦᠩᠬᠡᠶᠢᠯᠡᠨ ᠵᠠᠬᠢᠷᠬᠤ ᠪᠠᠶᠢᠷᠢ ᠰᠠᠭᠤᠷᠢ ᠲᠠᠢ ᠨᠢ ᠨᠠᠮ ᠤᠨ ᠤᠳᠤᠷᠢᠳᠬᠤ ᠳᠦᠷᠢᠮ ᠪᠣᠯᠤᠨ᠎ᠠ᠃ ᠪᠢᠳᠡ ᠡᠯ᠎ᠡ ᠲᠠᠯ᠎ᠠ ᠶᠢᠨ ᠲᠦᠷᠢᠮ ᠤᠨ ᠪᠠᠶᠢᠭᠤᠯᠤᠯᠳᠠ ᠶᠢ ᠠᠬᠢᠭᠤᠯᠵᠥ᠂ ᠡᠯ᠎ᠡ ᠵᠦᠢᠯ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠂ ᠡᠯ᠎ᠡ ᠲᠠᠯ᠎ᠠ ᠶᠢᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠳᠤ᠂ ᠪᠦᠷ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠥ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠵᠠᠬᠢᠷᠬᠤ᠂ ᠡᠯ᠎ᠡ ᠲᠠᠯ᠎ᠠ ᠶᠢ ᠵᠤᠬᠢᠴᠠᠭᠤᠯᠬᠤ ᠱᠠᠭᠠᠷᠳᠠᠯᠭ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠬᠤ ᠬᠡᠷᠡᠭᠳᠡᠢ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠨᠳᠦᠰᠦᠨ ᠳᠦᠷᠢᠮ᠂ ᠰᠠᠭᠤᠷᠢ ᠳᠦᠷᠢᠮ᠂ ᠴᠢᠬᠤᠯᠠ ᠳᠦᠷᠢᠮ ᠪᠤᠯ ᠨᠠᠮ ᠪᠤᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠲᠤ ᠭᠠᠷᠭᠠᠭᠰᠠᠠ ᠳᠦᠷᠢᠮ ᠤᠨ ᠲᠤᠬᠢᠷᠠᠭᠤᠯᠤᠯᠳᠡ ᠪᠤᠯᠤᠨ᠎ᠠ᠃ ᠪᠢᠳᠡ ᠬᠦᠭᠵᠢᠯᠳᠡ ᠶᠢᠨ ᠲᠦᠯᠥᠪᠵᠢᠬᠦᠯᠬᠡ ᠲᠤᠭᠳᠠᠭᠠᠬᠤ᠂ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠳᠠᠭᠠᠬᠤ ᠳᠠᠭᠠᠨ ᠴᠦ ᠲᠡᠷᠡ᠂ ᠡᠯ᠎ᠡ ᠵᠦᠢᠯ ᠤᠨ ᠠᠵᠢᠯ ᠢ ᠪᠠᠶᠢᠷᠢᠯᠠᠭᠤᠯᠬᠤ ᠳᠠᠭᠠᠨ ᠴᠦ ᠲᠡᠷᠡ᠂ ᠪᠦᠷ ᠡᠳᠡᠬᠡᠷ ᠲᠦᠷᠢᠮ ᠢ ᠵᠢᠷᠤᠮᠯᠠᠬᠤ ᠬᠡᠷᠡᠭᠳᠡᠢ᠃ ᠴᠢᠭᠯᠡᠯ ᠤᠨ ᠴᠢᠨᠠᠷᠳᠠᠢ ᠠᠰᠠᠭᠤᠳᠠᠯ ᠳᠤ᠂ ᠡᠷᠬᠡᠪᠰᠢ ᠡᠳᠡᠭᠡᠷ ᠲᠦᠷᠢᠮ ᠢᠶᠠᠷ ᠪᠠᠷᠢᠮᠵᠢᠶ᠎ᠠ ᠪᠤᠯᠭᠠᠬᠤ ᠬᠡᠷᠡᠭᠳᠡᠢ᠃ ᠲᠦᠷᠢᠮ ᠤᠨ ᠲᠠᠯ᠎ᠠ ᠶᠢᠨ ᠵᠠᠷᠴᠢᠮ ᠤᠨ ᠠᠰᠠᠭᠤᠳᠠᠯ ᠳᠤ᠂ ᠡᠷᠬᠡᠪᠰᠢ ᠲᠤᠭ ᠲᠡᠮᠳᠡᠭ ᠲᠤᠳᠤᠷᠬᠠᠢ᠂ ᠵᠤᠭᠰᠤᠯᠳᠠ ᠪᠠᠳᠤ ᠪᠠᠶᠢᠬᠤ ᠬᠡᠷᠡᠭᠳᠡᠢ᠂ ᠦᠴᠦᠬᠡᠨ ᠴᠤ ᠬᠠᠰᠢ ᠶᠠᠰᠢ ᠪᠠᠶᠢᠵᠥ ᠪᠤᠯᠬᠤ ᠦᠬᠡᠢ᠃
  ᠴᠠᠭ ᠦᠶ᠎ᠡ ᠲᠠᠢ ᠵᠡᠷᠬᠡ ᠪᠠᠷ ᠤᠷᠤᠭᠰᠢᠯᠠᠵᠥ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠢ ᠲᠡᠬᠦᠯᠳᠡᠷᠵᠢᠬᠦᠯᠥᠨ ᠬᠦᠭᠵᠢᠬᠦᠯᠬᠦ ᠬᠡᠷᠡᠭᠳᠠᠢ᠃ ᠮᠠᠨ ᠤ ᠲᠤᠷᠠᠳᠤᠭᠰᠠᠠ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢᠨ ᠬᠠᠷᠠᠯᠳᠡ ᠡᠷᠬᠡᠪᠰᠢ ᠦᠢᠯᠡᠳᠦᠯᠬᠡ ᠶᠢᠨ ᠬᠦᠭᠵᠢᠯᠳᠡ ᠶᠢ ᠲᠠᠭᠠᠯᠳᠤᠨ ᠴᠠᠭ ᠦᠶ᠎ᠡ ᠲᠠᠢ ᠵᠡᠷᠬᠡ ᠪᠠᠷ ᠤᠷᠤᠭᠰᠢᠯᠠᠬᠰᠠᠠ ᠪᠠᠶᠢᠬᠤ ᠬᠡᠷᠡᠭᠳᠡᠢ᠂ ᠬᠡᠳᠤᠷᠬᠡᠢ ᠬᠦᠰᠡᠯᠡᠩᠴᠢᠯᠡᠨ᠂ ᠠᠮᠵᠢᠯᠳᠠ ᠤᠯᠬᠤ ᠪᠠᠷ ᠬᠡᠳᠤᠷᠬᠡᠢ ᠶᠠᠭᠠᠷᠠᠵᠤ ᠪᠤᠯᠬᠤ ᠦᠬᠡᠢ ᠪᠦᠬᠡᠳ ᠰᠤᠬᠤᠷ ᠪᠠᠯᠠᠢ ᠪᠠᠷ ᠰᠡᠳᠬᠢᠯ ᠬᠠᠨᠤᠵᠥ᠂ ᠬᠠᠭᠤᠴᠢᠨ ᠢᠶᠠᠨ ᠪᠠᠷᠢᠮᠳᠠᠯᠠᠵᠤ ᠬᠡᠪᠰᠢᠨ ᠵᠤᠭᠰᠤᠩᠭᠤᠢᠢᠷᠠᠵᠥ ᠪᠤᠯᠬᠤ ᠦᠬᠡᠢ᠃ ᠡᠨᠡ ᠤᠳᠠᠭ᠎ᠠ ᠶᠢᠨ ᠪᠦᠬᠦᠳᠡ ᠬᠤᠷᠡᠯ ᠠᠴᠠ ᠲᠤᠷᠠᠳᠤᠭᠰᠠᠠ ᠬᠠᠷᠠᠯᠳᠡ ᠪᠤᠯᠤᠨ ᠡᠬᠦᠷᠬᠡ ᠶᠢᠨ ᠤᠯᠠᠩᠬᠢ ᠨᠢ ᠪᠦᠷ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢᠨ ᠲᠤᠮᠳᠠᠬᠢ ᠬᠤᠭᠤᠰᠤᠨ ᠭᠠᠵᠠᠷ ᠪᠠ ᠪᠠᠭᠤᠷᠠᠢ ᠭᠤᠭᠴᠤᠭ᠎ᠠ ᠪᠠᠶᠢᠵᠥ᠂ ᠢᠯᠡ ᠲᠤᠳᠤ ᠠᠰᠠᠭᠤᠳᠠᠯ ᠤᠨ ᠤᠳᠤᠷᠢᠳᠤᠮᠵᠢ ᠲᠠᠢ ᠶᠤᠮ᠃ ᠪᠦᠬᠦᠳᠡ ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠰᠠᠭᠤᠷᠢ ᠪᠠᠨ ᠪᠠᠬᠢᠵᠢᠬᠦᠯᠬᠦ᠂ ᠲᠠᠪᠠᠭᠤᠯᠢᠭ ᠢᠶᠠᠨ ᠪᠠᠳᠠᠷᠠᠭᠤᠯᠬᠤ᠂ ᠲᠤᠳᠠᠭᠤᠳᠠᠯ ᠢᠶᠠᠨ ᠨᠦᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠬᠦᠯᠬᠦ ᠪᠠᠷ ᠬᠦᠴᠦᠯᠡᠨ ᠴᠢᠷᠮᠠᠶᠢᠵᠤ᠂ ᠨᠢᠬᠡᠨᠳᠡ ᠪᠠᠶᠢᠷᠢᠯᠠᠭᠤᠯᠤᠬᠰᠠᠠ ᠡᠯ᠎ᠡ ᠵᠦᠢᠯ ᠤᠨ ᠦᠬᠡᠷᠡᠴᠢᠯᠡᠯᠳᠡ ᠶᠢᠨ ᠡᠬᠦᠷᠬᠡ ᠲᠠᠢ ᠨᠢᠬᠳᠠ ᠤᠶᠠᠯᠳᠤᠭᠤᠯᠵᠥ᠂ ᠨᠢᠬᠡ ᠴᠤᠭᠴᠠᠵᠢᠭᠤᠯᠤᠨ ᠠᠬᠢᠭᠤᠯᠬᠤ᠂ ᠨᠢᠬᠡ ᠴᠤᠭᠴᠠᠵᠢᠭᠤᠯᠤᠨ ᠨᠠᠶᠢᠳᠠᠪᠤᠷᠢᠵᠢᠭᠤᠯᠬᠤ ᠪᠦᠳᠦᠮᠵᠢᠳᠡᠢ ᠠᠵᠢᠯ ᠤᠨ ᠲᠤᠭᠳᠠᠴᠠ ᠶᠢ ᠪᠦᠷᠢᠯᠳᠦᠬᠦᠯᠬᠦ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠲᠤᠭᠤᠢᠢᠯᠠᠩ︶ ᠨᠠᠮ ᠤᠨ ᠲᠦᠪ ᠬᠤᠷᠢᠶᠡᠨ ᠤ ᠨᠢᠬᠡᠳᠤᠯᠳᠡᠢ ᠤᠳᠤᠷᠢᠳᠤᠯᠭ᠎ᠠ ᠲᠤᠤᠷ᠎ᠡ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠲᠤᠰ ᠪᠠᠶᠢᠭᠤᠯᠭ᠎ᠠ ᠨᠢᠬᠡᠴᠢ ᠶᠢᠨ ᠢᠶᠠᠨ ᠪᠤᠳᠠᠳᠤ ᠪᠠᠶᠢᠳᠠᠯ ᠲᠠᠢ ᠨᠢᠬᠳᠠ ᠤᠶᠠᠯᠳᠤᠭᠤᠯᠵᠥ᠂ ᠲᠦᠷᠢᠮ ᠤᠨ ᠰᠢᠨᠡᠴᠢᠯᠡᠯᠳᠡ ᠪᠤᠯᠤᠨ ᠵᠠᠰᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠠᠬᠢᠭᠤᠯᠵᠥ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠬᠡᠷᠡᠭᠴᠡᠭᠡ ᠳᠤ ᠵᠤᠬᠢᠴᠠᠬᠰᠠᠠ ᠲᠦᠷᠢᠮ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠳᠤ ᠳᠤᠳᠠᠭᠳᠠᠵᠤ ᠪᠤᠯᠤᠰᠢ ᠦᠭᠡᠢ ᠲᠦᠷᠢᠮ ᠢ ᠲᠦᠷᠬᠡᠨ ᠰᠤᠳᠤᠯᠤᠨ ᠪᠠᠶᠢᠷᠢᠯᠠᠭᠤᠯᠬᠤ ᠬᠡᠷᠡᠭᠳᠡᠢ᠃
  ᠲᠦᠷᠢᠮ ᠢ ᠴᠢᠩᠭ᠎ᠠ ᠵᠢᠷᠤᠮᠯᠠᠨ ᠭᠡᠷᠡᠭᠵᠢᠬᠦᠯᠬᠦ ᠬᠡᠷᠡᠭᠳᠠᠢ᠃ ᠲᠦᠷᠢᠮ ᠤᠨ ᠠᠮᠢᠵᠢᠷᠡᠯ ᠤᠨ ᠬᠦᠴᠦᠨ ᠨᠢ ᠭᠡᠷᠡᠭᠵᠢᠬᠦᠯᠬᠦ ᠳᠤ ᠪᠠᠶᠢᠨ᠎ᠡ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠵᠢᠴᠢ ᠡᠯ᠎ᠡ ᠱᠠᠳᠤᠨ ᠤ ᠤᠳᠤᠷᠢᠳᠬᠤ ᠺᠠᠳ᠋ᠷ ᠲᠦᠷᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠦᠷᠢᠮ ᠤᠨ ᠡᠷᠭᠡ ᠰᠦᠷ ᠢ ᠲᠦᠷᠦᠭᠦᠯᠡᠨ ᠬᠠᠮᠠᠭᠠᠯᠠᠵᠤ᠂ ᠲᠦᠷᠢᠮ ᠢ ᠭᠡᠷᠡᠭᠵᠢᠬᠦᠯᠬᠦ ᠬᠡᠪ ᠲᠠᠭᠤᠷᠢᠶᠠᠯ ᠪᠤᠯᠵᠤ᠂ ᠨᠠᠮ ᠪᠤᠯᠤᠨ ᠤᠯᠤᠰ ᠤᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ᠂ ᠴᠢᠬᠤᠯᠠ ᠶᠡᠭᠡ ᠠᠵᠢᠯ ᠤᠨ ᠲᠤᠬᠢᠷᠠᠭᠤᠯᠤᠯᠳᠠ ᠶᠢ ᠴᠦᠮ ᠲᠦᠷᠢᠮ ᠤᠨ ᠱᠠᠭᠠᠷᠳᠠᠯᠭ᠎ᠠ ᠶᠤᠰᠤᠭᠠᠷ ᠪᠤᠳᠠᠳᠠᠢ ᠳᠤ ᠨᠠᠶᠢᠳᠠᠪᠤᠷᠢᠵᠢᠭᠤᠯᠵᠤ᠂ ᠲᠦᠷᠢᠮ ᠤᠨ ᠴᠢᠭᠯᠡᠯ ᠢ ᠵᠢᠭᠠᠬᠤ᠂ ᠦᠢᠯᠡ ᠠᠵᠢᠯᠯᠠᠭ᠎ᠠ ᠶᠢ ᠲᠦᠷᠢᠮᠵᠢᠬᠦᠯᠬᠦ᠂ ᠦᠷ᠎ᠡ ᠪᠦᠳᠦᠮᠵᠢ ᠶᠢ ᠲᠡᠭᠡᠭᠰᠢᠯᠡᠬᠦᠯᠬᠦ᠂ ᠲᠤᠬᠳᠠᠭᠤᠨ ᠢ ᠬᠠᠮᠠᠭᠠᠯᠠᠬᠤ᠂ ᠠᠶᠤᠯ ᠲᠦᠭᠰᠢᠬᠦᠷᠢ ᠶᠢ ᠰᠠᠷᠭᠡᠶᠢᠯᠡᠨ ᠠᠷᠢᠯᠭᠠᠬᠤ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠳᠠᠢ᠃ ᠪᠦᠬᠦᠨ ᠢ ᠬᠠᠮᠤᠷᠤᠬᠰᠡᠨ ᠲᠦᠷᠢᠮ ᠤᠨ ᠭᠡᠷᠡᠭᠵᠢᠬᠦᠯᠦᠯᠳᠠ ᠳᠤ ᠬᠢᠨᠠᠯᠳᠠ ᠲᠠᠯᠪᠢᠬᠤ ᠲᠤᠬᠳᠠᠴᠠ ᠶᠢ ᠪᠠᠶᠢᠭᠤᠯᠵᠤ᠂ ᠲᠦᠷᠢᠮ ᠤᠨ ᠬᠡᠷᠡᠭᠵᠢᠭᠦᠯᠦᠯᠳᠡ ᠪᠠ ᠬᠢᠨᠠᠯᠳᠠ ᠲᠠᠯᠪᠢᠬᠤ ᠶᠢ ᠤᠷᠤᠨ ᠪᠦᠰᠡ ᠶᠢᠨ ᠵᠠᠰᠠᠯᠳᠠ᠂ ᠰᠠᠯᠠᠭ᠎ᠠ ᠮᠦᠴᠢᠷ ᠤᠨ ᠵᠠᠰᠠᠯᠳᠠ᠂ ᠠᠵᠢᠯ ᠲᠦᠷᠦᠯ ᠤᠨ ᠵᠠᠰᠠᠯᠳᠠ᠂ ᠦᠨᠳᠦᠰᠤᠨ ᠱᠠᠳᠤᠨ ᠤ ᠵᠠᠰᠠᠯᠳᠠ᠂ ᠪᠠᠶᠢᠭᠤᠯᠭ᠎ᠠ ᠨᠢᠭᠡᠴᠢ ᠶᠢᠨ ᠵᠠᠰᠠᠯᠳᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠲᠦᠷᠢᠮ ᠤᠨ ᠴᠠᠭ ᠢᠮᠠᠬᠳᠠ ᠡᠷᠭᠡ ᠰᠦᠷ ᠲᠠᠢ᠂ ᠭᠠᠵᠠᠷ ᠪᠤᠯᠭᠠᠨ ᠳᠤ ᠬᠦᠴᠦᠨ ᠲᠠᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠲᠦᠷᠢᠮ ᠤᠨ ᠤᠨᠤᠯ ᠤᠨ ᠰᠤᠳᠤᠯᠭᠠᠨ ᠪᠤᠯᠤᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠪᠦᠬᠦ ᠨᠠᠮ ᠪᠦᠬᠦ ᠨᠡᠶᠢᠭᠡᠮ ᠢ ᠬᠦᠳᠦᠯᠤᠨ ᠲᠠᠭᠠᠭᠤᠯᠵᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠮᠦᠨ ᠴᠢᠨᠠᠷ ᠤᠨ ᠤᠨᠴᠠᠯᠢᠭ ᠪᠤᠯᠤᠨ ᠲᠠᠪᠠᠭᠤᠯᠢᠭ ᠢ ᠬᠦᠢᠴᠡᠳ ᠲᠠᠨᠢᠭᠤᠯᠵᠤ᠂ ᠪᠠᠶᠢᠭᠤᠯᠤᠯ ᠤᠨ ᠢᠳᠡᠭᠡᠯ ᠢ ᠪᠠᠳᠤᠳᠬᠠᠬᠤ ᠭᠡᠷᠡᠭᠳᠠᠢ᠃ ᠦᠷᠭᠡᠨ ᠤᠯᠠᠨ ᠺᠠᠳ᠋ᠷ ᠤᠨ ᠲᠦᠷᠢᠮ ᠢ ᠴᠢᠩᠭ᠎ᠠ ᠵᠢᠷᠤᠮᠯᠡᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠤ᠂ ᠡᠷᠭᠡ ᠪᠠᠨ ᠭᠡᠷᠡᠭᠵᠢᠬᠦᠯᠤᠨ᠂ ᠠᠵᠢᠯ ᠢᠶᠠᠨ ᠦᠷᠨᠢᠬᠦᠯᠬᠦ ᠶᠢ ᠠᠬᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ ᠪᠠ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠴᠢᠳᠠᠪᠤᠷᠢ ᠪᠤᠯᠤᠨ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ᠃
  ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠦᠨ ᠴᠢᠨᠠᠷ ᠤᠨ ᠤᠨᠴᠠᠯᠢᠭ ᠪᠤᠯᠤᠨ ᠬᠠᠮᠤᠭ ᠤᠨ ᠶᠡᠭᠡ ᠪᠠᠶᠢᠭᠤᠯᠤᠯ ᠤᠨ ᠲᠠᠪᠠᠭᠤᠯᠢᠭ ᠪᠤᠯᠬᠤ ᠪᠦᠭᠡᠳ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠵᠤ᠂ ᠤᠯᠤᠰ ᠤᠨ ᠵᠠᠰᠠᠯᠳᠠ ᠶᠢᠨ ᠰᠢᠰᠲᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠬᠠᠮᠤᠭ ᠤᠨ ᠦᠨᠳᠦᠰᠤᠨ ᠤᠯᠤᠰ ᠲᠦᠷᠦ ᠶᠢᠨ ᠪᠠᠳᠤᠯᠠᠭ᠎ᠠ ᠪᠤᠯᠤᠨ᠎ᠡ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠨᠠᠮ ᠤᠨ ᠠᠷᠪᠡ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠳᠡᠭᠡᠯ ᠵᠤᠷᠢᠭ ᠢᠶᠠᠨ ᠪᠠᠳᠤᠳᠬᠠᠵᠤ᠂ ᠲᠤᠬᠳᠠᠯ ᠬᠦᠴᠦᠨ ᠢᠶᠠᠨ ᠪᠠᠳᠤᠯᠠᠵᠤ᠂ ᠡᠷᠡᠮᠡᠬᠡᠶᠢᠯᠡᠨ ᠤᠷᠤᠬᠰᠢᠯᠡᠵᠤ᠂ ᠵᠠᠮ ᠨᠡᠭᠡᠭᠡᠨ ᠰᠢᠨ᠎ᠡ ᠶᠢ ᠡᠬᠦᠳᠴᠤ᠂ ᠲᠤᠰ ᠤᠳᠠᠭ᠎ᠠ ᠶᠢᠨ ᠪᠦᠬᠦᠳᠠ ᠬᠤᠷᠠᠯ ᠠᠴᠠ ᠲᠤᠬᠳᠠᠭᠠᠬᠰᠡᠨ ᠡᠯ᠎ᠡ ᠵᠦᠢᠯ ᠤᠨ ᠡᠬᠦᠷᠭᠡ ᠶᠢ ᠰᠠᠶᠢᠳᠤᠷ ᠪᠠᠶᠠᠯᠡᠬᠦᠯᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠠᠶᠠᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠬᠦᠴᠤᠳᠠᠢ ᠪᠠᠳᠤᠯᠠᠭ᠎ᠠ ᠬᠠᠨᠭ᠍ᠭᠠᠬᠤ ᠭᠡᠷᠡᠭᠳᠠᠢ᠃
      ︵ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 5 ᠤ ᠴᠠᠬᠢᠯᠭᠠᠨ ᠮᠡᠳᠡᠭᠡ︶



  
     
     