 

ᠤᠬ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ ᠲᠡᠣᠬᠡ  ᠶᠢᠨ ᠠᠭᠤᠤ ᠦᠢᠯᠡᠰ  ᠢ ᠴᠤᠬᠴᠠᠯᠠᠨ᠎ᠠ

2019-10-03 17:05
  293
  0
   — ᠶᠡᠷᠦᠩᠭᠡᠢ ᠱᠦᠵᠢ ᠰᠢ ᠶᠢᠨ ᠫᠢᠩ ᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠠᠮ ᠵᠠᠰᠠᠭ ᠤᠨ ᠺᠠᠳ᠋ᠷᠴᠤᠳ ᠤᠨ ᠳᠤᠮᠳᠠ ᠬᠠᠯᠠᠭᠤᠨ ᠲᠤᠰᠬᠠᠯ ᠭᠠᠷᠪᠠ

  ᠣᠭ ᠰᠠᠨᠠᠭ᠎ᠠ ᠠᠭᠤᠤ ᠦᠢᠯᠡᠰ ᠢ ᠴᠤᠬᠴᠠᠯᠠᠵᠦ᠂ ᠡᠬᠦᠷᠭᠡ ᠬᠠᠷᠢᠭᠤᠴᠠᠯᠭ᠎ᠠ ᠠᠶᠠᠨ ᠵᠠᠮ ᠢ ᠵᠢᠯᠤᠭᠤᠳᠤᠨ᠎ᠠ᠃ ᠶᠡᠷᠦᠩᠭᠡᠢ ᠱᠦᠵᠢ ᠰᠢ ᠶᠢᠨ ᠫᠢᠩ 1 ᠤ ᠡᠳᠦᠷ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠦ᠂ ᠮᠤᠵᠢ ᠤᠷᠤᠨ ᠬᠤᠳᠠ ᠶᠢᠨ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠨᠠᠮ ᠵᠠᠰᠠᠭ ᠤᠨ ᠺᠠᠳ᠋ᠷᠴᠤᠳ ᠤᠨ ᠳᠤᠮᠳᠠ ᠬᠠᠯᠠᠭᠤᠨ ᠲᠤᠰᠬᠠᠯ ᠭᠠᠷᠴᠠᠢ᠃
  ᠤᠯᠠᠨ ᠢᠶᠠᠷ ᠢᠶᠠᠨ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠠᠶᠠᠨ ᠳᠤ᠂ ᠵᠠᠪᠠᠯ ᠤᠬ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠶᠢᠨ ᠲᠦᠯᠦᠭᠡ ᠴᠢᠷᠮᠠᠶᠢᠨ ᠲᠡᠮᠡᠴᠡᠨ᠎ᠠ ᠭᠡᠵᠦ ᠢᠯᠡᠳᠭᠡᠵᠡᠭᠡᠪᠡ᠃
  ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ ᠵᠢᠶᠠᠩᠰᠢ ᠶᠢᠨ ᠷᠦᠢᠵᠢᠨ ᠳᠤ᠂ ᠷᠦᠢᠵᠢᠨ ᠬᠤᠳᠠ ᠶᠢᠨ ᠨᠠᠮ ᠤᠨ ᠬᠤᠷᠢᠶᠠᠨ ᠤ ᠱᠦᠵᠢ ᠰᠢᠤᠢ ᠷᠦᠢ ᠲᠤᠬᠠᠢ ᠶᠢᠨ ᠭᠠᠵᠠᠷ ᠤᠨ 50 ᠰᠢᠬᠠᠮ ᠺᠠᠳ᠋ᠷ ᠠᠵᠢᠯᠳᠠᠨ ᠲᠠᠢ ᠬᠠᠮᠳᠦ ᠴᠡᠷᠢᠭ ᠤᠨ ᠵᠢᠭᠰᠠᠭᠠᠯ ᠰᠢᠯᠭᠠᠨ ᠦᠵᠡᠬᠦ ᠶᠤᠰᠤᠯᠠᠯ ᠢ ᠦᠵᠡᠭᠡᠳ ᠬᠡᠮᠵᠢᠶᠡᠯᠡᠰᠢ ᠦᠭᠡᠢ ᠳᠤᠭᠳᠤᠯᠤᠨ ᠤᠮᠤᠭᠰᠢᠵᠠᠢ᠃
  ︽ᠷᠦᠢᠵᠢᠨ ᠨᠢᠳᠤᠨᠤᠨ ᠶᠠᠳᠠᠭᠤ ᠠᠴᠠ ᠠᠩᠭᠢᠵᠢᠷᠠᠵᠤ᠂ ᠬᠤᠳᠠ ᠬᠦᠳᠡᠭᠡ ᠶᠢᠨ ᠳᠦᠷᠢ ᠪᠠᠶᠢᠳᠠᠯ ᠳᠤ ᠯᠤᠳᠤ ᠶᠡᠭᠡ ᠬᠤᠪᠢᠷᠠᠯᠳᠠ ᠭᠠᠷᠴᠠᠢ︾ ᠭᠡᠵᠤ ᠰᠢᠤᠢ ᠷᠦᠢ ᠬᠡᠯᠡᠨ᠎ᠠ᠃ ᠲᠡᠷᠡ᠂ ᠰᠢᠨ᠎ᠠ ᠠᠶᠠᠨ ᠵᠠᠮ ᠳᠡᠭᠡᠷ᠎ᠠ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠠ ᠦᠷ᠎ᠠ ᠪᠦᠲᠦᠮᠵᠢ ᠪᠠᠨ ᠪᠠᠬᠢᠵᠢᠬᠦᠯᠵᠤ᠂ ᠰᠤᠪᠢᠶᠠᠳ ᠤᠷᠤᠨ ᠤ ᠵᠤᠷᠢᠭ ᠰᠠᠨᠠᠭ᠎ᠠ ᠪᠤᠯᠤᠨ ᠤᠷᠳᠤ ᠵᠠᠮ ᠤᠨ ᠠᠶᠠᠨ ᠳᠠᠶᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ ᠤ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠬᠦ ᠳᠤ ᠬᠤᠰᠢᠭᠤᠴᠢ᠂ ᠵᠢᠱᠢᠶᠡᠴᠢ ᠪᠤᠯᠤᠨ᠎ᠠ ᠭᠡᠵᠤ ᠬᠡᠯᠡᠪᠡ᠃
  ᠬᠡᠴᠢᠨᠡᠨ ᠬᠤᠯᠠ ᠶᠠᠪᠤᠭᠰᠠᠨ ᠴᠤ ᠶᠠᠪᠤᠵᠤ ᠢᠷᠡᠭᠰᠡᠨ ᠵᠠᠮ ᠢᠶᠠᠨ ᠮᠠᠷᠳᠠᠵᠤ ᠪᠤᠯᠬᠤ ᠦᠭᠡᠢ᠃ ᠤᠯᠤᠰ ᠤᠨ ᠪᠠᠶᠠᠷ ᠤᠨ ᠬᠤᠭᠤᠴᠠᠭᠠᠨ ᠳᠤ᠂ ᠵᠧᠵᠢᠶᠠᠩ ᠤᠨ ᠢ ᠦ᠋ ᠶᠢᠨ ᠤᠯᠠᠨ ᠤᠯᠤᠰ ᠤᠨ ᠬᠤᠳᠠᠯᠳᠤᠭᠠᠨ ᠤ ᠬᠤᠳᠠ ᠶᠢᠨ ᠭᠤᠷᠪᠠᠳᠤᠭᠠᠷ ᠲᠤᠭᠤᠷᠢᠭ ᠨᠢ ︽ᠳᠤᠮᠳᠠᠳᠤ ᠤᠯᠤᠰ ᠤᠨ   ᠤᠯᠠᠭᠠᠨ︾ ᠤ ᠳᠠᠯᠠᠢ ᠪᠤᠯᠵᠠᠢ᠃ ᠤᠯᠤᠰ ᠤᠨ ᠲᠤᠭ᠂ ᠳ᠋ᠧᠩᠯᠦ ᠵᠡᠷᠭᠡ ᠨᠢ ᠡᠯ᠎ᠠ ᠳᠡᠯᠭᠡᠭᠦᠷ ᠤᠨ ᠬᠠᠮᠤᠭ ᠤᠨ ᠢᠯᠡ ᠲᠠᠯᠪᠢᠭᠤᠷ ᠳᠡᠭᠡᠷ᠎ᠠ ᠲᠠᠯᠪᠢᠭᠳᠠᠵᠤ ᠪᠠᠶᠢᠯ᠎ᠠ᠃
  ᠢ ᠦ᠋ ᠬᠤᠳᠠ ᠶᠢᠨ ᠨᠠᠮ ᠤᠨ ᠬᠤᠷᠢᠶᠠᠨ ᠤ ᠱᠦᠵᠢ ᠯᠢᠨ ᠢ᠂ 2019 ᠤᠨ ᠪᠤᠯ ᠴᠢᠯᠦᠭᠡᠳᠤ ᠠᠷᠠᠯᠵᠢᠶᠠᠨ ᠤ ᠤᠷᠤᠨ ᠢᠶᠠᠷ ᠪᠠᠷᠢᠮᠵᠢᠶᠠᠯᠠᠨ᠂ ᠲᠤᠷᠰᠢᠯᠳᠠ ᠶᠢᠨ ᠤᠷᠤᠨ ᠢ ᠪᠤᠳᠠᠳᠠᠢ ᠪᠦᠲᠦᠭᠡᠨ ᠪᠠᠶᠢᠭᠤᠯᠬᠤ ᠡᠬᠢᠯᠡᠯᠳᠡ ᠶᠢᠨ ᠵᠢᠯ ᠪᠤᠯᠤᠨ᠎ᠠ᠃ ᠵᠠᠩᠭᠢᠯᠠᠭ᠎ᠠ ᠶᠢᠨ ᠴᠠᠭ ᠤᠢᠢᠷᠠᠳᠬᠤ ᠳᠤᠳᠤᠮ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠯᠬᠤᠮ ᠢᠶᠠᠨ ᠤᠯᠠᠮ ᠲᠦᠷᠭᠡᠳᠭᠡᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠤ᠂ ᠢ ᠦ᠋ ᠶᠢ ᠰᠦᠯᠵᠢᠶᠡᠨ ᠳᠡᠭᠡᠷ᠎ᠠ ᠰᠦᠯᠵᠢᠶᠡᠨ ᠳᠤᠤᠷ᠎ᠠ ᠲᠤᠭᠠᠴᠢᠯᠠᠨ ᠬᠦᠳᠡᠯᠦᠯᠴᠡᠬᠦ᠂ ᠳᠡᠯᠡᠬᠡᠶᠢᠵᠢᠯᠳᠡ ᠶᠢᠨ ᠪᠠᠶᠢᠷᠢᠰᠢᠭᠤᠯᠤᠯᠳᠠ ᠲᠠᠢ᠂ ᠳᠡᠯᠡᠬᠡᠢ ᠳ᠋ᠠᠬᠢᠨ᠎ᠠ ᠪᠠᠷᠠᠭ᠎ᠠ ᠨᠡᠪᠳᠡᠷᠡᠭᠰᠡᠨ ᠤᠯᠠᠨ ᠤᠯᠤᠰ ᠤᠨ ᠠᠷᠠᠯᠵᠢᠶᠠᠨ ᠤ ᠬᠦᠢᠰᠤ ᠭᠠᠵᠠᠷ ᠪᠤᠯᠭᠠᠨ ᠪᠦᠲᠦᠭᠡᠨ ᠪᠠᠶᠢᠭᠤᠯᠤᠨ᠎ᠠ ᠭᠡᠵᠤ ᠬᠡᠯᠡᠵᠠᠢ᠃
  ︽ᠶᠠᠮᠠᠷᠪᠠ ᠬᠦᠴᠤᠨ ᠴᠤ ᠮᠠᠨ ᠤ ᠠᠭᠤᠤ ᠶᠡᠭᠡ ᠡᠬᠡ ᠤᠯᠤᠰ ᠤᠨ ᠪᠠᠶᠢᠷᠢ ᠰᠠᠭᠤᠷᠢ ᠶᠢ ᠭᠤᠶᠢᠪᠢᠯᠵᠠᠭᠤᠯᠵᠤ ᠴᠢᠲᠠᠬᠤ ᠦᠬᠡᠢ᠂ ᠶᠠᠮᠠᠷᠪᠠ ᠬᠦᠴᠤᠨ ᠴᠤ ᠳᠤᠮᠳᠠᠳᠤ ᠶᠢᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠤ ᠤᠷᠤᠬᠰᠢᠯᠠᠯᠳᠠ ᠶᠢᠨ ᠠᠯᠬᠤᠭ᠎ᠠ ᠶᠢ ᠬᠤᠷᠢᠬᠯᠠᠵᠤ ᠲᠡᠶᠢᠯᠬᠦ ᠦᠬᠡᠢ︾᠃ 1 ᠤ ᠦᠳᠡ ᠶᠢᠨ ᠡᠮᠤᠨ᠎ᠠ᠂ ᠡᡁᠧᠨᠠᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠡᠭᠡᠳᠤ ᠰᠤᠷᠭᠠᠭᠤᠯᠢ ᠶᠢᠨ ᠪᠤᠭᠤᠳᠠᠢ ᠶᠢᠨ ᠲᠦᠪ ᠤᠨ ᠡᠷᠬᠢᠯᠡᠭᠴᠢ ᠷᠦ᠋ ᠵᠧᠨ ᠭᠠᠩ ᠤᠯᠠᠨ ᠲᠥᠮᠡᠨ ᠤ ᠵᠢᠬᠰᠠᠭᠠᠯ ᠢᠶᠠᠷ ᠡᡁᠧᠨᠠᠨ ᠮᠤᠵᠢ ᠶᠢᠨ ᠴᠢᠮᠡᠭᠳᠤ ᠲᠡᠷᠬᠡᠨ ᠳᠤ ᠰᠠᠭᠤᠵᠤ ᠲᠢᠶᠠᠨ ᠠᠨ ᠮᠧᠨ ᠠᠰᠠᠷ ᠤᠨ ᠡᠮᠦᠨᠡᠬᠦᠷ ᠦᠩᠬᠡᠷᠡᠵᠠᠢ᠂ ᠡᠳᠤᠬᠡ ᠲᠡᠷᠡ ᠤᠮᠤᠬᠰᠢᠬᠰᠠᠨ ᠰᠡᠳᠬᠢᠯᠬᠡ ᠪᠠᠨ ᠦᠬᠡ ᠪᠠᠷ ᠢᠯᠡᠳᠬᠡᠬᠦᠶ᠎ᠠ ᠪᠡᠷᠬᠡ ᠪᠠᠶᠢᠯ᠎ᠠ᠃ 
  ︽ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯ ᠲᠠᠷᠤᠢ ᠪᠦᠬᠦ ᠤᠯᠤᠰ ᠤᠨ ᠠᠷᠠᠳ ᠲᠦᠮᠡᠨ ᠤ ᠴᠦᠬᠦᠷᠡᠰᠢ ᠦᠬᠡᠢ ᠲᠡᠮᠡᠴᠡᠬᠦ ᠢᠳᠡᠬᠡᠯ ᠪᠢᠰᠢᠷᠡᠯ ᠪᠤᠯᠤᠨ ᠬᠦᠴᠤᠨ ᠴᠢᠳᠠᠯ ᠪᠤᠯᠤᠨ᠎ᠠ︾᠃ ᠷᠦ᠋ ᠵᠧᠨ ᠭᠠᠩ᠂ ︽ᠮᠢᠨᠤ ᠬᠠᠮᠤᠬ ᠤᠨ ᠶᠡᠭᠡ ᠬᠦᠰᠡᠯ ᠡᠷᠡᠮᠡᠯᠵᠡᠯ ᠪᠤᠯ ᠨᠡᠩ ᠤᠯᠠᠨ ᠰᠠᠶᠢᠨ ᠡᠬᠦᠯᠳᠠᠷ ᠤᠨ ᠦᠷ᠎ᠠ ᠶᠢ ᠪᠤᠶᠢᠵᠢᠭᠤᠯᠵᠤ᠂ ᠳᠤᠮᠳᠠᠳᠤ ᠤᠯᠤᠰ ᠤᠨ ᠬᠦᠷᠤᠰᠤ ᠰᠢᠷᠤᠢ ᠶᠢ ᠰᠠᠶᠢᠨ ᠦᠷ᠎ᠠ ᠪᠠᠷ ᠲᠦᠬᠦᠷᠬᠡᠵᠤ᠂ ᠨᠡᠩ ᠶᠡᠭᠡ ᠡᠯᠪᠡᠭ ᠬᠤᠷᠢᠶᠠᠯᠳᠠ ᠤᠯᠬᠤ ᠪᠤᠯᠭᠠᠨ᠎ᠠ︾ ᠬᠡᠵᠤ ᠬᠡᠯᠡᠪᠡ᠃ 
  ᠰᠧᠴᠤᠸᠠᠨ ᠤ ᠠᠸᠠ ᠲᠦᠪᠡᠳ ᠦᠨᠳᠤᠰᠤᠳᠠᠨ ᠴᠢᠶᠠᠩ ᠦᠨᠳᠤᠰᠤᠳᠠᠨ ᠤ ᠦᠪᠡᠷᠳᠡᠬᠡᠨ ᠵᠠᠰᠠᠬᠤ ᠵᠸᠤ ᠶᠢᠨ ᠨᠦᠸᠧᠷᠭᠠᠢ ᠰᠢᠶᠠᠨ ᠤ ᠰᠢᠶᠠᠩᠵᠠ ᠰᠢᠶᠠᠩ ᠤᠨ ᠭᠧᠵᠢ ᠲᠤᠰᠬᠤᠨ ᠤ ᠲᠠᠪᠤᠨ ᠤᠳᠤᠳᠤ ᠤᠯᠠᠭᠠᠨ ᠲᠤᠬ ᠬᠤᠪᠢ ᠶᠢᠨ ᠭᠠᠳᠠᠨ᠎ᠠ ᠭᠠᠯ ᠤᠯᠠᠭᠠᠨ ᠬᠠᠷᠠᠭᠳᠠᠨ᠎ᠠ᠃ 
  ︽ᠶᠠᠷᠤᠩᠬᠡᠢ ᠱᠦᠵᠢ ᠶᠢᠨ ᠶᠠᠷᠢᠶ᠎ᠠ ᠨᠢ ᠬᠦᠮᠤᠰ ᠢ ᠵᠤᠷᠢᠬᠵᠢᠭᠤᠯᠤᠨ᠎ᠠ᠂ ᠨᠠᠮ ᠤᠨ ᠬᠡᠰᠢᠬᠦᠨ ᠪᠤᠯᠤᠬᠰᠠᠨ ᠤ ᠬᠤᠪᠢ ᠳᠤ ᠡᠬᠦᠷᠬᠡ ᠬᠠᠷᠢᠭᠤᠴᠠᠯᠭ᠎ᠠ ᠪᠠᠨ ᠨᠡᠩ ᠳᠤᠳᠤᠷᠬᠠᠢ ᠤᠢᠢᠯᠠᠭᠠᠪᠠ᠃ ᠮᠠᠨ ᠤ ᠲᠤᠰᠬᠤᠨ ᠶᠠᠳᠠᠭᠤ ᠠᠴᠠ ᠠᠩᠬᠢᠵᠢᠷᠠᠬᠰᠠᠨ ᠪᠤᠯᠪᠠᠴᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠵᠠᠮ ᠬᠤᠯᠠ ᠪᠠᠶᠢᠨ᠎ᠠ᠂ ᠪᠢᠳᠡ ᠦᠴᠤᠬᠡᠨ ᠴᠤ ᠠᠯᠮᠠᠶᠢᠷᠠᠵᠤ ᠪᠤᠯᠬᠤ ᠦᠬᠡᠢ︾᠃ ᠭᠧᠵᠢ ᠲᠤᠰᠬᠤᠨ ᠤ ᠨᠢᠬᠡᠳᠤᠬᠡᠷ ᠱᠦᠵᠢ ᠪᠤᠯᠤᠬᠰᠠᠨ ᠤ ᠬᠤᠪᠢ ᠳᠤ᠂ ᠤᠵᠠᠨᠰᠡᠷᠡᠩ᠄ ᠲᠠᠷᠠᠭᠠᠴᠢ ᠶᠢᠨ ᠠᠯᠬᠤᠮ ᠳᠤ᠂ ᠲᠤᠰᠬᠤᠨ ᠢᠶᠠᠨ ᠡᠷᠬᠢᠨ ᠲᠤᠭᠤᠷᠢᠨ ᠤ ᠵᠢᠭᠤᠯᠴᠢᠯᠠᠯ ᠤᠨ ᠡᠬᠢ ᠪᠠᠶᠠᠯᠢᠬ ᠲᠠᠢ ᠵᠤᠯᠭᠠᠭᠤᠯᠵᠤ᠂ ᠵᠢᠭᠤᠯᠴᠢᠯᠠᠯ ᠤᠨ ᠲᠤᠭᠤᠷᠢᠯᠳᠠ ᠶᠢᠨ ᠱᠤᠭᠤᠮ ᠢ ᠪᠦᠷᠢᠯᠳᠤᠬᠦᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠧᠴᠤᠸᠠᠨ ᠤ ᠦᠨᠳᠦᠷᠯᠢᠭ ᠲᠤ ᠬᠡᠷᠡᠯ ᠬᠢᠯᠪᠠᠭ᠎ᠠ ᠰᠠᠴᠤᠷᠠᠭᠤᠯᠤᠨ᠎ᠠ ᠬᠡᠵᠤ ᠢᠯᠡᠳᠬᠡᠪᠡ᠃ 
  ︽ᠬᠦᠮᠦᠰ ᠤᠨ ᠰᠡᠳᠭᠢᠯ ᠢ ᠤᠷᠮᠠᠰᠢᠭᠤᠯᠤᠨ᠂ ᠡᠷᠡᠮᠡᠭᠡᠶᠢᠯᠡᠨ ᠳᠠᠪᠰᠢᠬᠤ ᠶᠢ ᠵᠤᠷᠢᠬᠵᠢᠭᠤᠯᠪᠠ︾᠃ ᠯᠢᠶᠤᠤᠨᠢᠩ ᠮᠤᠵᠢ ᠶᠢᠨ ᠯᠢᠶᠤᠤᠶᠠᠩ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠹᠧᠩ ᠪᠦᠸᠧ᠂ ᠨᠢᠳᠦᠨᠦᠨ ᠤ 9 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠯᠢᠶᠤᠤᠶᠠᠩ ᠳᠤ ᠰᠢᠨᠵᠢᠯᠡᠨ ᠪᠠᠶᠢᠴᠠᠭᠠᠬᠤ ᠦᠶ᠎ᠠ ᠳᠡᠭᠡᠨ ︽ᠬᠤᠶᠠᠷ ᠡᠷᠡᠰ ᠭᠤᠶᠢᠪᠢᠰᠢ ᠦᠭᠡᠢ︾ ᠶᠢ ᠳᠠᠬᠢᠨᠲᠠ ᠳᠤᠳᠤᠷᠬᠠᠢᠢᠯᠠᠵᠦ᠂ ᠵᠡᠭᠦᠨ ᠬᠤᠶᠢᠲᠤ ᠤᠷᠤᠨ ᠴᠢᠨᠠᠬᠰᠢᠯᠠᠭᠠᠳ ᠪᠦᠬᠦ ᠤᠯᠤᠰ ᠲᠤ ᠪᠤᠳᠠᠲᠤ ᠴᠤᠬᠴᠠ ᠶᠢᠨ ᠠᠵᠤ ᠠᠬᠤᠢ ᠶᠢ ᠬᠡᠷᠬᠢᠨ ᠰᠠᠶᠢᠲᠤᠷ ᠡᠷᠬᠢᠯᠡᠬᠦ ᠳᠤ ᠴᠢᠭᠯᠡᠯ ᠢ ᠵᠢᠭᠠᠨ ᠦᠭᠪᠡ᠃ ᠵᠢᠯ ᠭᠠᠷᠤᠢ ᠶᠢᠨ ᠲᠤᠷᠰᠢ᠂ ᠯᠢᠶᠤᠤᠶᠠᠩ ᠤᠨ ᠳᠡᠭᠡᠳᠦ ᠳᠤᠤᠷᠠᠳᠤ ᠱᠠᠲᠤ ᠪᠠᠷ ᠢᠶᠠᠨ ᠡᠷᠡᠮᠡᠭᠡᠶᠢᠯᠡᠨ ᠲᠡᠮᠡᠴᠡᠵᠦ᠂ ᠡᠨᠡ ᠵᠢᠯ ᠤᠨ ᠳᠡᠭᠡᠷ᠎ᠠ ᠬᠠᠭᠠᠰ ᠵᠢᠯ ᠳᠤ ᠡᠯ᠎ᠠ ᠲᠦᠷᠦᠯ ᠤᠨ ᠭᠤᠤᠯ ᠠᠵᠤ ᠠᠬᠤᠢ ᠶᠢᠨ ᠭᠦᠢᠴᠡᠳᠭᠡᠯ ᠲᠤᠭ᠎ᠠ ᠪᠦᠷ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠦᠯᠦᠪᠵᠢᠬᠦᠯᠭᠡ ᠠᠴᠠ ᠨᠠᠭᠠᠰᠢᠬᠢ ᠠᠳᠠᠯᠢ ᠬᠤᠭᠤᠴᠠᠭᠠᠨ ᠤ ᠬᠠᠮᠤᠭ ᠤᠨ ᠰᠠᠶᠢᠨ ᠲᠦᠪᠰᠢᠨ ᠳᠤ ᠬᠦᠷᠪᠡ ᠭᠡᠯ᠎ᠠ᠃ 
  ᠦᠪᠦᠷ ᠮᠤᠩᠭᠤᠯ ᠤᠨ ᠤᠯᠠᠭᠠᠨᠬᠠᠲᠠ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠰᠢᠶᠠᠨ ᠳ᠋ᠦᠩ᠂ ᠤᠯᠠᠭᠠᠨᠬᠠᠲᠠ ᠶᠢᠨ ᠠᠷᠠᠳ ᠲᠦᠮᠡᠨ ᠨᠡᠩ ᠶᠡᠭᠡ ᠡᠷᠡᠰ ᠵᠤᠷᠢᠭ᠂ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠠ ᠵᠠᠮ ᠢᠶᠠᠷ ᠵᠠᠮᠨᠠᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠤ ᠰᠠᠶᠢᠬᠠᠨ ᠪᠤᠯᠭᠠᠨ ᠪᠦᠲᠦᠭᠡᠨ ᠪᠠᠶᠢᠭᠤᠯᠤᠨ᠎ᠠ ᠭᠡᠪᠡ᠃ 
  ᠬᠠᠶᠢᠨᠠᠨ ᠳᠤ᠂ ᠪᠦᠬᠦ ᠠᠷᠠᠯ ᠤᠨ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠢ ᠦᠨᠳᠦᠷ ᠲᠦᠪᠰᠢᠨ ᠪᠦᠬᠦᠢ ᠴᠢᠨᠠᠷ ᠰᠠᠶᠢᠲᠠᠢ ᠪᠠᠷ ᠪᠦᠲᠦᠭᠡᠨ ᠪᠠᠶᠢᠭᠤᠯᠬᠤ ᠠᠵᠢᠯᠯᠠᠭ᠎ᠠ ᠶᠠᠭ ᠬᠠᠶᠢᠨᠠᠠ ᠤ ᠳᠦᠷᠢ ᠳᠦᠷᠬᠦ ᠶᠢ ᠬᠦᠨᠵᠡᠭᠡᠢ ᠬᠤᠪᠢᠷᠠᠭᠤᠯᠵᠤ ᠪᠤᠢ᠃ ᠬᠠᠶᠢᠨᠠᠨ ᠮᠤᠵᠢ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠮᠤᠵᠢ ᠶᠢᠨ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠯᠪᠠᠨ ᠭᠡᠷ ︵ᠴᠢᠯᠦᠭᠡᠲᠦ ᠠᠷᠠᠯᠵᠢᠶᠠᠨ ᠤ ᠠᠯᠪᠠᠨ ᠭᠡᠷ︶ ᠤᠨ ᠪᠠᠶᠢᠡᠭᠭᠤ ᠶᠢᠨ ᠳᠡᠳ᠋ ᠡᠷᠬᠢᠯᠡᠭᠴᠢ ᠰᠦᠨ ᠳ᠋ᠠ ᠬᠠᠢ᠂ ᠵᠤᠯ ᠵᠢᠷᠭᠠᠯ ᠢ ᠲᠡᠮᠡᠴᠡᠵᠦ ᠪᠠᠶᠢᠭᠠᠳ ᠤᠯᠳᠠᠭ ᠶᠤᠮ᠂ ᠨᠡᠶᠢᠭᠡᠮ ᠵᠢᠷᠦᠮ ᠤᠨ ᠦᠢᠯᠡᠰ ᠢ ᠬᠢᠵᠦ ᠪᠠᠶᠢᠭᠠᠳ ᠪᠦᠲᠦᠭᠡᠳᠡᠭ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠠᠶᠢᠨ ᠰᠦᠪᠡᠭᠴᠢᠯᠡᠨ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠦ ᠶᠢ ᠤᠷᠮᠠᠰᠢᠭᠤᠯᠤᠨ ᠵᠤᠷᠢᠬᠵᠢᠭᠤᠯᠵᠠᠢ ᠭᠡᠪᠡ᠃ 
      ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 2 ᠤᠨ ᠴᠠᠬᠢᠯᠭᠠᠨ ᠮᠡᠳᠡᠭᠡ ᠠᠴᠠ︶



  
     
     