-
2154122
ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠳᠠᠯᠤᠨ ᠮᠠᠭᠠᠳᠯᠠᠪᠠ
2019-12-08 13:04
230
0
ᠥᠪᠡᠷᠲᠡᠭᠡᠨ ᠵᠠᠰᠠᠬᠤ ᠣᠷᠣᠨᠣ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠬᠤᠷᠠᠯ ᠬᠤᠷᠠᠯᠳᠤᠭᠤᠯᠵᠦ ︽ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠳᠠᠯᠤᠨ ᠮᠠᠭᠠᠳᠯᠠᠪᠠ
12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠠᠵᠢᠯ ᠢ ᠵᠠᠳᠠᠯᠤᠨ ᠮᠠᠭᠠᠳᠯᠠᠪᠠ᠃
ᠬᠤᠷᠠᠯ ᠠᠴᠠ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠭ ᠰᠠᠨᠠᠭ᠎ᠠ ᠪᠠᠨ ᠰᠠᠬᠢᠬᠤ᠂ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠡᠷᠦᠩᠬᠡᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠠᠶ ᠭᠡᠵᠦ ᠦᠵᠡᠪᠡ᠃ ᠬᠤᠷᠠᠯ ᠠᠴᠠ᠂ ᠭᠤᠤᠯ ᠰᠡᠳᠦᠪᠲᠦ ᠬᠥᠮᠦᠵᠢᠯ ᠢ ᠬᠢᠷᠢ ᠵᠡᠷᠭᠡ ᠥᠷᠨᠢᠭᠦᠯᠵᠦ ᠪᠠᠶᠢᠬᠤ ᠶᠢ ᠦᠵᠡᠬᠦ ᠳᠤ ᠡᠴᠦᠰ ᠲᠡᠭᠡᠨ ᠦᠷ᠎ᠡ ᠪᠦᠲᠦᠮᠵᠢ ᠶᠢ ᠦᠵᠡᠵᠦ᠂ ᠠᠰᠠᠭᠤᠳᠠᠯ ᠢ ᠦᠨᠡᠨ ᠪᠣᠳᠠᠲᠠᠶ ᠰᠢᠶ᠋ᠳᠪᠦᠷᠢᠯᠡᠭᠰᠡᠨ ᠡᠰᠡᠬᠦ ᠶᠢ ᠦᠵᠡᠬᠦ ᠬᠡᠷᠡᠭᠲᠡᠶ᠃ ︽ᠬᠤᠶᠠᠷ ᠢ ᠬᠠᠮᠠᠭᠠᠯᠠᠬᠤ︾ ᠤᠯᠤᠰ ᠲᠥᠷᠦ ᠶᠢᠨ ᠦᠨᠳᠦᠷᠴᠡ ᠠᠴᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠥᠰᠥ ᠵᠣᠷᠢᠭ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠨᠡᠷ ᠪᠡᠶ᠎ᠡ ᠪᠠᠷ ᠢᠶᠠᠨ ᠠᠵᠢᠯ ᠢᠶᠠᠨ ᠰᠤᠳᠤᠯᠤᠨ ᠠᠬᠢᠭᠤᠯᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠡᠯ᠎ᠡ ᠵᠦᠶ᠋ᠯ ᠤᠨ ᠠᠵᠢᠯ ᠢ ᠤᠬᠠᠮᠰᠠᠷ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠵᠢᠯ ᠤᠨ ᠳᠤᠮᠳᠠᠬᠢ ᠡᠯ᠎ᠡ ᠲᠥᠷᠥᠯ ᠤᠨ ᠠᠰᠠᠭᠤᠳᠠᠯ ᠢ ᠬᠥᠳᠡᠯᠦᠩᠭᠦᠶ ᠪᠠᠷ ᠰᠢᠭᠰᠢᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠦ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃
ᠬᠤᠷᠠᠯ ᠠᠴᠠ᠂ ᠶᠡᠷᠦᠩᠬᠡᠶ ᠱᠦᠵᠢ ᠶᠢᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠥᠪ ᠵᠠᠰᠠᠭ ᠤᠨ ᠠᠮᠵᠢᠯᠲᠠ ᠶᠢᠨ ᠦᠵᠡᠯᠲᠡ ᠶᠢ ᠪᠠᠲᠤ ᠪᠣᠶ ᠪᠣᠯᠭᠠᠵᠤ᠂ ᠬᠡᠯᠪᠡᠷᠢᠴᠢ ᠦᠵᠡᠯ ᠢ ᠶᠡᠭᠡ ᠪᠠᠷ ᠴᠡᠭᠴᠡᠯᠡᠨ ᠵᠠᠰᠠᠵᠤ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠤ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠶᠢᠨ ᠪᠦᠲᠦᠭᠡᠨ ᠪᠠᠶᠢᠭᠤᠯᠤᠯᠲᠠ ᠪᠠ ᠡᠯ᠎ᠡ ᠵᠦᠶ᠋ᠯ ᠤᠨ ᠠᠵᠢᠯ ᠦᠶ᠋ᠯᠡᠰ ᠤᠨ ᠲᠠᠯ᠎ᠠ ᠪᠠᠷ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ︽ᠵᠠᠰᠠᠭ ᠤᠨ ᠠᠮᠵᠢᠯᠳᠠ ᠶᠢᠨ ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾ ᠢ ᠡᠷᠡᠰ ᠴᠡᠭᠴᠡᠯᠡᠨ ᠵᠠᠰᠠᠬᠤ ᠬᠡᠷᠡᠭᠲᠡᠶ᠃ ᠠᠷᠠᠳ ᠲᠦᠮᠡᠨ ᠤ ᠰᠠᠨᠠᠭᠠᠰᠢᠷᠠᠨ ᠵᠤᠪᠠᠵᠦ ᠲᠦᠪᠡᠭᠳᠡᠵᠦ ᠪᠠᠶᠢᠭ᠎ᠠ ᠶᠠᠪᠤᠳᠠᠯ ᠢ ᠦᠨᠡᠨ ᠬᠦ ᠰᠠᠶᠢᠲᠤᠷ ᠰᠢᠶ᠋ᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠨᠠᠮ ᠤᠨ ᠭᠠᠳᠠᠨᠠᠬᠢ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠵᠣᠬᠢᠶᠠᠭᠴᠢ᠄ ᠳ᠋ᠠᠶ ᠬᠤᠩ