-
9450
ᠪᠣᠯᠪᠠᠰᠤᠷᠠᠯ ᠳ᠋ᠤ ᠣᠷᠤᠯᠴᠠᠭᠰᠠᠨ ᠤᠯᠤᠯᠳᠠ ᠲᠥᠷᠦᠭᠳᠡᠯ
2019-05-29 09:22
700
0
ᠠᠯᠠᠱᠠ ᠪᠠᠷᠠᠭᠤᠨ ᠬᠣᠰᠢᠭᠤ ᠂ᠦᠤᠰᠢᠨ ᠬᠣᠰᠢᠭᠤ᠂ ᠠᠯᠠᠱᠠ ᠵᠡᠭᠦᠨ ᠬᠣᠰᠢᠭᠤ ᠵᠡᠷᠭᠡ ᠭᠠᠵᠠᠷ ᠣᠷᠤᠨ ᠤ ᠣᠷᠤᠨ ᠪᠦᠰᠡ ᠶᠢᠨ ᠮᠣᠩᠭᠤᠯ ᠢᠶᠡᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠰᠣᠯᠢᠯᠴᠠᠭᠠᠨ ᠤ ᠪᠣᠯᠪᠠᠰᠤᠷᠠᠯ ᠳ᠋ᠤ ᠣᠷᠤᠯᠴᠠᠭᠰᠠᠨ ᠤᠯᠤᠯᠳᠠ ᠲᠥᠷᠦᠭᠳᠡᠯ
ᠦᠤᠰᠢᠨ ᠮᠣᠩᠭᠤᠯ ᠲᠤᠷᠰᠢᠯᠳᠠ ᠶᠢᠨ ᠪᠠᠭ᠎ᠠ ᠰᠤᠷᠭᠠᠭᠤᠯᠢ ᠣᠶᠤᠨᠰᠣᠳᠤ
2018 ᠤᠨ ᠤ 9 ᠰᠠᠷ᠎ᠠ ᠶᠢᠨ 25 ᠡᠴᠡ 9 ᠰᠠᠷ᠎ᠠ ᠶᠢᠨ29 ᠪᠤᠯᠳᠠᠯ᠎ᠠ ᠠᠯᠠᠱᠠ ᠪᠠᠷᠠᠭᠤᠨ ᠬᠣᠰᠢᠭᠤᠨ ᠳ᠋ᠤ ᠤᠴᠢᠵᠦ ᠠᠯᠠᠱᠠ ᠪᠠᠷᠠᠭᠤᠨ ᠬᠣᠰᠢᠭᠤ ᠂ ᠦᠤᠰᠢᠨ ᠬᠣᠰᠢᠭᠤ᠂ ᠠᠯᠠᠱᠠ ᠵᠡᠭᠦᠨ ᠬᠣᠰᠢᠭᠤ ᠵᠡᠷᠭᠡ ᠭᠠᠵᠠᠷ ᠣᠷᠤᠨ ᠤ ᠣᠷᠤᠨ ᠪᠦᠰᠡ ᠶᠢᠨ ᠮᠣᠩᠭᠤᠯ ᠢᠶᠡᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠰᠣᠯᠢᠯᠴᠠᠭᠠᠨ ᠤ ᠪᠣᠯᠪᠠᠰᠤᠷᠠᠯ ᠳ᠋ᠤ ᠣᠷᠤᠯᠴᠠᠪᠠ᠃ ᠲᠤᠰ ᠤᠳᠠᠭᠠᠨ ᠤ ᠪᠣᠯᠪᠠᠰᠤᠷᠠᠯ ᠳ᠋ᠤ ᠬᠡᠯᠡ ᠪᠢᠴᠢᠭ ᠤᠨ ᠵᠢᠭᠠᠨ ᠰᠤᠷᠭᠠᠯᠳᠠ ᠶᠢᠨ ᠲᠠᠯ᠎ᠠ ᠳ᠋ᠤ︽ ᠵᠡᠷᠭᠡᠴᠡᠭᠡ ᠤᠩᠰᠢᠯᠭ᠎ᠠ ᠪᠡᠷ ᠤᠩᠰᠢᠯᠭ᠎ᠠ ᠶᠢᠨ ᠪᠤᠭᠤᠮᠳᠠ ᠶᠢ ᠳᠠᠪᠠᠭᠤᠯᠬᠤ︾᠂ ︽ ᠰᠡᠳᠭᠢᠯᠭᠡ ᠶᠢᠨ ᠣᠷᠴᠢᠨ ᠢ ᠪᠤᠢ ᠪᠣᠯᠭᠠᠨ ᠵᠣᠬᠢᠶᠠᠨ ᠪᠢᠴᠢᠯᠭᠡ ᠶᠢ ᠵᠢᠯᠤᠭᠤᠳᠬᠤ︾ ᠂ ᠠᠳᠠᠯᠢ ᠠᠭᠤᠯᠭ᠎ᠠ ᠶᠢ ᠠᠳᠠᠯᠢ ᠪᠤᠰᠤ ᠰᠡᠳᠭᠢᠮᠵᠢ ᠪᠡᠷ ᠬᠢᠴᠢᠶᠡᠯᠯᠡᠬᠦ᠂ ᠲᠣᠭᠠᠨ ᠤ ᠤᠬᠠᠭᠠᠨ ᠤ ︽ ᠭᠤᠷᠪᠠᠨ ᠠᠯᠬᠤᠮᠳᠤ ᠵᠢᠭᠠᠬᠤ ᠠᠷᠭ᠎ᠠ︾ ᠵᠡᠷᠭᠡ ᠵᠢᠭᠠᠨ ᠰᠤᠷᠭᠠᠯᠳᠠ ᠶᠢᠨ ᠰᠣᠯᠢᠯᠴᠠᠭ᠎ᠠ ᠬᠢᠵᠡᠢ᠃
ᠰᠣᠶᠤᠯᠴᠢᠮᠡᠭ ᠪᠠᠭᠰᠢ ᠡᠴᠡ︽ ᠬᠤᠷᠠᠭᠠᠴᠢᠨ ᠤ ᠲᠤᠷᠠᠰᠤᠮᠵᠢ︾ ᠪᠡ︽ ᠪᠠᠭ᠎ᠠ ᠨᠠᠰᠤᠨ ᠤ ᠡᠷᠭᠢᠴᠡᠭᠦᠯᠦᠯ︾ ᠭᠡᠬᠦ ᠬᠤᠶᠠᠷ ᠵᠣᠬᠢᠶᠠᠯ ᠢ ᠬᠠᠷᠢᠴᠠᠭᠤᠯᠵᠤ ᠵᠢᠭᠠᠬᠤ ᠶᠢᠨ ᠳᠠᠭᠠᠤ ᠲᠤᠷᠠᠰᠤᠮᠵᠢ ᠶᠢᠨ ᠵᠣᠬᠢᠶᠠᠯ ᠤᠨ ᠰᠦᠪᠡᠭᠴᠢ ᠂ ᠭᠦᠨ ᠰᠠᠭᠤᠭᠳᠠᠯ ᠲᠡᠢ ᠤᠴᠢᠷ ︵ ᠳᠥᠭᠦᠮ᠂ ︶᠂ ᠰᠡᠳᠭᠢᠯᠭᠡ ᠵᠡᠷᠭᠡ ᠤᠴᠢᠷ ᠤᠳ ᠢ ᠲᠠᠳᠠᠨ ᠠᠪᠴᠢᠷᠠᠵᠤ ᠳᠤᠷᠠᠰᠤᠮᠵᠢ ᠶᠢᠨ ᠵᠣᠬᠢᠶᠠᠯ ᠢ ᠪᠢᠴᠢᠬᠦ ᠠᠷᠭ᠎ᠠ ᠶᠢ ᠤᠢᠢᠯᠠᠭᠠᠭᠤᠯᠵᠤ ᠴᠢᠳᠠᠵᠠᠢ᠃ ᠪᠠᠭᠰᠢ ᠶᠢᠨ ᠳᠠᠭᠤ ᠶᠢ ᠳᠠᠷᠤᠬᠤ ᠦᠭᠡᠢ ᠪᠡᠷ ᠬᠠᠮᠳᠤ ᠪᠡᠷ ᠤᠩᠰᠢᠬᠤ᠂ ᠤᠩᠰᠢᠬᠤ ᠳᠠᠭᠤᠨ ᠤ ᠥᠨᠳᠦᠷᠴᠡ᠂ ᠬᠤᠷᠳᠤᠴᠠ ᠶᠢ ᠳᠤᠬᠢᠷᠠᠭᠤᠯᠬᠤ ᠵᠡᠷᠭᠡ ᠤᠩᠰᠢᠬᠤ ᠴᠢᠳᠠᠪᠤᠷᠢ ᠶᠢ ᠵᠢᠭᠠᠵᠤ ᠥᠭᠭᠦᠯ᠎ᠡ᠃ ᠵᠣᠬᠢᠶᠠᠯ ᠤᠨ ᠵᠠᠯᠭᠠᠮᠵᠢ ᠪᠢᠴᠢᠬᠦ ᠪᠡᠷ ᠳᠠᠮᠵᠢᠵᠤ ᠰᠡᠳᠭᠢᠯᠭᠡ ᠪᠠᠨ ᠢᠯᠡᠳᠭᠡᠬᠦ ᠴᠢᠳᠠᠪᠤᠷᠢ ᠶᠢ ᠵᠢᠭᠠᠵᠤ ᠥᠭᠴᠡᠢ᠃ ᠵᠣᠬᠢᠶᠠᠯ ᠤᠨ ᠠᠭᠤᠯᠭ᠎ᠠ ᠶᠢ ᠤᠢᠢᠯᠠᠭᠤᠯᠬᠤ ᠦᠶᠡᠰ ᠪᠠᠭᠰᠢ ᠡᠴᠡ ᠬᠦᠳᠦᠯᠬᠦ ᠦᠢᠯᠡᠳᠦᠯ ᠦᠵᠡᠭᠦᠯᠵᠦ ᠪᠠᠢᠢᠨ᠎ᠠ᠃ ᠪᠦᠬᠦᠢᠢᠯᠡ ᠬᠢᠴᠢᠶᠡᠯ ᠳ᠋ᠤ ᠰᠤᠷᠤᠭᠴᠢᠳ ᠲᠤ ᠰᠤᠷᠬᠤ ᠠᠷᠭ᠎ᠠ ᠶᠢ ᠵᠢᠭᠠᠵᠤ ᠥᠭᠭᠦᠭᠰᠡᠨ᠂ ᠬᠦᠳᠦᠯᠦᠨ ᠵᠢᠯᠤᠭᠤᠳᠤᠭᠰᠠᠨ᠂ ᠰᠤᠷᠤᠭᠴᠢ ᠶᠢ ᠬᠠᠪᠰᠤᠷᠤᠨ ᠵᠢᠯᠤᠭᠤᠳᠤᠭᠰᠠᠨ ᠡᠴᠡ ᠪᠢᠰᠢ ᠬᠠᠷᠢᠨ ᠰᠢᠭᠤᠳ ᠬᠡᠯᠡᠵᠦ ᠥᠭᠭᠦᠭᠰᠡᠨ ᠪᠢᠰᠢ᠃ ᠬᠠᠰᠭᠡᠷᠡᠯ ᠪᠠᠭᠰᠢ ᠡᠴᠡ ᠰᠡᠳᠭᠢᠬᠦᠢ ᠶᠢᠨ ᠬᠦᠳᠦᠯᠦᠮᠵᠢ ᠶᠢᠨ ᠵᠢᠷᠤᠭ ᠢ ᠠᠰᠢᠭᠯᠠᠨ ᠵᠣᠬᠢᠶᠠᠨ ᠪᠢᠴᠢᠬᠦ ᠤᠷᠮ᠎ᠠ ᠪᠠᠬ᠎ᠠ ᠶᠢ ᠬᠥᠭᠵᠢᠭᠡᠵᠡᠢ᠃ ᠰᠡᠳᠭᠢᠬᠦᠢ ᠶᠢᠨ ᠬᠦᠳᠦᠯᠦᠮᠵᠢ ᠶᠢᠨ ᠵᠢᠷᠤᠭ ᠭᠡᠳᠡᠭ ᠨᠢ ᠵᠢᠷᠤᠭ ᠳᠦᠷᠰᠦ ᠪᠡ ᠦᠰᠦᠭ ᠤᠶᠠᠯᠳᠤᠭᠰᠠᠨ ᠬᠥᠮᠦᠨ ᠤ ᠰᠡᠳᠭᠢᠬᠦᠢ ᠶᠢᠨ ᠳᠠᠯᠳᠠ ᠬᠦᠴᠦᠨ ᠢ ᠨᠡᠭᠡᠭᠡᠨ᠂ ᠰᠡᠳᠭᠢᠬᠦᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠳ᠋ᠤ ᠳᠥᠭᠦᠮ᠂ ᠦᠷ᠎ᠡ ᠪᠦᠳᠦᠮᠵᠢᠳᠦ ᠰᠤᠷᠤᠯᠴᠠᠯᠭ᠎ᠠ ᠪᠡ ᠵᠢᠭᠠᠨ ᠰᠤᠷᠭᠠᠯᠳᠠ ᠶᠢᠨ ᠠᠷᠭ᠎ᠠ ᠮᠥᠨ᠃ ᠬᠠᠰᠭᠡᠷᠡᠯ ᠪᠠᠭᠰᠢ ᠶᠢᠨ ᠬᠢᠴᠢᠶᠡᠯ ᠡᠴᠡ ᠠᠮᠢᠳᠦᠷᠠᠯ ᠳᠤᠮᠳᠠ ᠳᠤᠬᠢᠶᠠᠯᠳᠤᠭᠰᠠᠨ ᠰᠡᠳᠦᠪ ᠢ ᠠᠰᠢᠭᠯᠠᠨ ᠲᠤᠬᠠᠢ ᠶᠢᠨ ᠲᠠᠯᠠᠪᠤᠷ ᠲᠤ ᠵᠣᠬᠢᠶᠠᠵᠤ ᠪᠣᠯᠪᠠᠰᠤᠷᠠᠭᠤᠯᠬᠤ ᠵᠠᠪᠰᠢᠶᠠᠨ ᠢ ᠣᠯᠭᠤᠨ᠎ᠠ᠃ ᠬᠡᠳᠦ ᠥᠨᠳᠦᠷ ᠱᠠᠭᠠᠷᠳᠠᠯᠭ᠎ᠠ ᠳᠠᠯᠪᠢᠵᠦ ᠰᠤᠷᠤᠭᠴᠢ ᠶᠢᠨ ᠵᠣᠬᠢᠶᠠᠯ ᠪᠢᠴᠢᠬᠦ ᠤᠷᠮ᠎ᠠ ᠶᠢ ᠬᠤᠭᠤᠯᠵᠤ ᠪᠣᠯᠬᠤ ᠦᠭᠡᠢ᠂ ᠥᠪᠡᠷ ᠤᠨ ᠢᠶᠡᠨ ᠦᠵᠡᠯᠳᠡ ᠲᠠᠨᠢᠯᠳᠠ ᠪᠠᠨ ᠰᠢᠨᠡᠳᠭᠡᠨ ᠬᠡᠤᠬᠡᠳ ᠤᠨ ᠰᠡᠳᠭᠢᠬᠦᠢ ᠶᠢ ᠴᠢᠯᠦᠭᠡᠯᠡᠨ ᠦᠷᠭᠦᠯᠵᠢ ᠪᠢᠴᠢᠭᠦᠯᠵᠦ ᠪᠣᠯᠪᠠᠰᠤᠷᠠᠭᠤᠯᠬᠤ ᠬᠡᠷᠡᠭᠳᠡᠢ ᠭᠡᠳᠡᠭ ᠢ ᠮᠠᠳᠡᠯᠠ᠃ ᠪᠤᠰᠤᠳ ᠬᠡᠳᠦᠨ ᠪᠠᠭᠰᠢ ᠶᠢᠨ ᠬᠢᠴᠢᠶᠡᠯ ᠨᠢ ᠴᠤ ᠶᠠᠷᠢᠵᠤ ᠢᠯᠡᠳᠭᠡᠬᠦ ᠴᠢᠳᠠᠪᠤᠷᠢ ᠶᠢ ᠵᠢᠯᠤᠭᠤᠳᠤᠨ᠂ ᠰᠤᠷᠤᠭᠰᠠᠨ ᠦᠭᠡ ᠥᠭᠦᠯᠡᠪᠦᠷᠢ ᠪᠠᠨ ᠬᠡᠷᠡᠭᠯᠡᠵᠦ ᠰᠤᠷᠬᠤ ᠶᠢ ᠦᠷᠭᠦᠯᠵᠢ ᠶᠢᠨ ᠴᠢᠨᠠᠷᠳᠠᠢ ᠴᠢᠬᠤᠯᠠᠴᠢᠯᠠᠭᠰᠠᠨ ᠡᠴᠡ ᠬᠡᠯᠡ ᠶᠠᠷᠢᠶ᠎ᠠ ᠤᠷᠠᠨ ᠪᠠᠶᠠᠯᠢᠭ᠂ ᠰᠤᠷᠤᠭᠴᠢ ᠶᠢᠨ ᠰᠤᠷᠤᠯᠴᠠᠬᠤ ᠤᠷᠮᠠᠰᠢᠯ ᠥᠨᠳᠦᠷ ᠪᠠᠢᠢᠨ᠎ᠠ᠃
ᠰᠣᠶᠤᠯ ᠤᠨ ᠪᠦᠳᠦᠭᠡᠨ ᠪᠠᠢᠢᠭᠤᠯᠤᠯᠳᠠ ᠶᠢᠨ ᠲᠠᠯ᠎ᠠ ᠪᠡᠷ ᠠᠪᠴᠤ ᠬᠡᠯᠡᠪᠡᠯ ᠵᠢᠭᠠᠨ ᠰᠤᠷᠭᠠᠯᠳᠠ ᠶᠢᠨ ᠠᠰᠠᠷ᠂ ᠪᠠᠢᠢᠷᠢ ᠶᠢᠨ ᠭᠡᠷ ᠤᠨ ᠰᠣᠶᠤᠯ ᠤᠨ ᠪᠦᠳᠦᠭᠡᠨ ᠪᠠᠢᠢᠭᠤᠯᠤᠯᠳᠠ ᠨᠢ ᠵᠣᠷᠢᠯᠭ᠎ᠠ ᠲᠣᠳᠤᠷᠬᠠᠢ᠂ ᠦᠭᠡ ᠤᠨᠤᠪᠴᠢᠳᠠᠢ᠂ ᠤᠬᠠᠭᠤᠯᠬᠤ ᠴᠢᠨᠠᠷ ᠢᠶᠡᠷ ᠰᠠᠢᠢᠨ ᠂ ᠪᠠᠶᠠᠨᠨᠠᠭᠤᠷ ᠬᠤᠳᠠ ᠶᠢᠨ ᠮᠣᠩᠭᠤᠯ ᠪᠠᠭ᠎ᠠ ᠰᠤᠷᠭᠠᠭᠤᠯᠢ ᠨᠠ᠊ ᠪᠢᠯᠢᠭ ᠤᠨ ᠵᠢᠷᠤᠭ ᠢ ᠴᠢᠳᠠᠮᠠᠭ ᠠᠰᠢᠭᠯᠠᠵᠤ ᠴᠢᠳᠠᠭᠰᠠᠨ ᠪᠠᠢᠢᠬᠤ ᠳ᠋ᠤ ᠠᠯᠠᠱᠠ ᠪᠠᠷᠠᠭᠤᠨ ᠬᠣᠰᠢᠭᠤᠨ ᠤ ᠰᠢᠭᠤᠳ ᠬᠠᠷᠢᠶ᠎ᠠ ᠮᠣᠩᠭᠤᠯ ᠦᠨᠳᠦᠰᠦᠲᠡᠨ ᠤ ᠪᠦᠷᠢᠨ ᠪᠠᠭ᠎ᠠ ᠰᠤᠷᠭᠠᠭᠤᠯᠢ ᠨᠢ ᠰᠤᠷᠭᠠᠯ ᠦᠭᠡ᠂ ᠵᠦᠢᠷ ᠦᠭᠡ᠂ ᠴᠡᠭᠡᠷ ᠶᠣᠰᠤᠨ ᠵᠡᠷᠭᠡ ᠶᠢ ᠴᠢᠳᠠᠮᠠᠭ ᠠᠰᠢᠭᠯᠠᠵᠤ᠂ ᠮᠣᠩᠭᠤᠯ ᠤᠬᠠᠭᠠᠨ ᠲᠠᠢ ᠂ ᠠᠮᠢᠳᠤᠷᠠᠬᠤᠢ ᠶᠢᠨ ᠤᠬᠠᠭᠠᠨ ᠲᠠᠢ ᠪᠣᠯᠭᠠᠬᠤ ᠪᠠ ᠬᠥᠮᠦᠨ ᠮᠥᠰᠦ ᠶᠢᠨ ᠬᠥᠮᠦᠵᠢᠯ ᠢ ᠲᠤᠩ ᠰᠠᠢᠢᠨ ᠬᠢᠵᠦ ᠴᠢᠳᠠᠭᠰᠠᠨ ᠪᠠᠢᠢᠨ᠎ᠠ᠃
ᠰᠡᠭᠦᠯᠡᠷ ᠪᠢ ᠪᠠᠰᠠ ᠡᠳᠡᠭᠡᠷ ᠪᠠᠭᠰᠢ ᠨᠠᠷ ᠤᠨ ᠳᠤᠷᠰᠢᠯᠭ᠎ᠠ ᠶᠢ ᠥᠪᠡᠷ ᠤᠨ ᠵᠢᠭᠠᠨ ᠰᠤᠷᠭᠠᠯᠳᠠ ᠳᠤᠮᠳᠠ ᠪᠠᠨ ᠬᠡᠷᠡᠭᠯᠡᠵᠦ᠂ ᠢᠯᠡᠭᠦᠦ ᠤᠩᠰᠢᠯᠭ᠎ᠠ ᠶᠢᠨ ᠲᠠᠰᠬᠠᠯ ᠦᠯᠡᠳᠡᠭᠡᠬᠦ᠂ ᠦᠯᠢᠭᠡᠷ ᠴᠤᠭᠯᠠᠭᠤᠯᠬᠤ᠂ ᠠᠮᠢᠳᠤ ᠪᠣᠳᠠᠰ᠂ ᠡᠷᠡᠭᠦᠯ ᠡᠩᠬᠡ᠂ ᠨᠤᠳᠤᠭ ᠤᠰᠤᠨ ᠤ ᠲᠤᠬᠠᠢ ᠮᠡᠳᠡᠯᠭᠡ ᠵᠡᠷᠭᠡ ᠬᠤᠷᠠᠮᠳᠤᠭᠤᠯᠤᠯ ᠢ ᠢᠯᠡᠭᠦᠦ ᠬᠢᠯᠭᠡᠨ ᠰᠤᠷᠤᠭᠴᠢᠳ ᠤᠨ ᠤᠩᠰᠢᠯᠭ᠎ᠠ ᠶᠢ ᠲᠡᠯᠡᠵᠦ᠂ ᠮᠡᠳᠡᠯᠭᠡ ᠶᠢ ᠥᠷᠭᠡᠳᠭᠡᠨ ᠪᠦᠬᠦ ᠲᠠᠯ᠎ᠠ ᠪᠠᠷ ᠬᠥᠭᠵᠢᠭᠰᠡᠨ ᠰᠤᠷᠤᠭᠴᠢ ᠶᠢ ᠬᠥᠮᠦᠵᠢᠭᠦᠯᠦᠨ ᠭᠠᠷᠭᠠᠬᠤ ᠪᠠᠷ ᠴᠢᠷᠮᠠᠢᠢᠶᠠ᠃