 

︽ᠤᠯᠠᠭᠠᠨ ᠪᠠᠷᠰ︾ ᠰᠡᠳᠬᠦᠯ ᠠᠴᠠ ︽ᠨᠠᠶᠢᠮᠠᠨ ᠤ ᠤᠷᠠᠨ ᠵᠤᠬᠢᠶᠠᠯ︾ ᠬᠦᠷᠳᠡᠯ᠎ᠡ

2019-10-16 21:18
  323
  0
︽ᠤᠯᠠᠭᠠᠨ ᠪᠠᠷᠰ︾ ᠰᠡᠳᠬᠦᠯ ᠠᠴᠠ ︽ᠨᠠᠶᠢᠮᠠᠨ ᠤ ᠤᠷᠠᠨ ᠵᠤᠬᠢᠶᠠᠯ︾ ᠬᠦᠷᠳᠡᠯ᠎ᠡ — ᠨᠠᠶᠢᠮᠠᠨ ᠬᠤᠰᠢᠭᠤᠨ ᠤ ᠰᠤᠶᠤᠯ ᠤᠨ ᠬᠡᠷ ᠤᠨ ᠵᠤᠬᠢᠶᠠᠨ ᠨᠠᠶᠢᠢᠷᠠᠭᠤᠯᠬᠤ ᠲᠠᠰᠤᠭ ᠤᠨ ᠬᠠᠩᠳᠠᠭᠤᠳ ᠤᠰᠤᠨᠪᠤᠳᠤᠭ ᠯᠤᠭ᠎ᠠ ᠶᠢᠨ ᠶᠠᠷᠢᠯᠴᠠᠭ᠎ᠠ
 
  ᠡᠷᠳᠡᠨ ᠠᠴᠠ ᠠᠪᠤᠭᠠᠳ ᠦᠪ ᠰᠤᠶᠤᠯ ᠤᠨ ᠵᠤᠵᠠᠭᠠᠨ ᠬᠦᠷᠦᠰᠦ ᠲᠠᠢ ᠨᠠᠶᠢᠮᠠᠨ ᠬᠤᠰᠢᠭᠤᠨ ᠠᠴᠠ ᠤᠯᠠᠨ ᠡᠷᠳᠡᠮᠳᠡᠨ ᠮᠡᠷᠬᠡᠳ ᠴᠤᠯᠭᠤᠷᠠᠨ ᠭᠠᠷᠴᠠᠢ᠃ ᠢᠯᠠᠩᠭᠤᠶ᠎ᠠ ᠮᠠᠰᠢ ᠤᠯᠠᠨ ᠵᠤᠬᠢᠶᠠᠯᠴᠢ ᠰᠢᠯᠦᠭᠴᠢᠳ ᠦᠰᠦᠬᠡᠢ ᠵᠠᠯᠭᠠᠨ ᠦᠰᠦᠨ ᠪᠤᠶᠢᠢᠵᠢᠵᠤ ᠤᠷᠤᠨ ᠨᠤᠳᠤᠭ ᠤᠨ ᠤᠷᠠᠨ ᠵᠤᠬᠢᠶᠠᠯ ᠤᠨ ᠦᠷᠨᠢᠬᠦᠨ ᠬᠦᠭᠵᠢᠯᠳᠠ ᠶᠢ ᠠᠬᠢᠭᠤᠯᠵᠤ ᠢᠷᠡᠭᠰᠡᠨ ᠶᠤᠮ᠃ ᠲᠤᠰ ᠳ᠋ᠤᠭᠠᠷ ᠢᠶᠠᠷ ᠨᠠᠶᠢᠮᠠᠨ ᠬᠤᠰᠢᠭᠤᠨ ᠤ ᠰᠤᠶᠤᠯ ᠤᠨ ᠬᠡᠷ ᠤᠨ ᠵᠤᠬᠢᠶᠠᠨ ᠨᠠᠶᠢᠢᠷᠠᠭᠤᠯᠬᠤ ᠲᠠᠰᠤᠭ ᠤᠨ ᠬᠠᠩᠳᠠᠭᠤᠳ ᠤᠰᠤᠨᠪᠤᠳᠤᠭ ᠯᠤᠭ᠎ᠠ ᠶᠢᠨ ᠶᠠᠷᠢᠯᠴᠠᠭ᠎ᠠ ᠶᠢ ᠨᠡᠶᠢᠢᠳᠡᠯᠡᠵᠤ ᠪᠠᠶᠢᠢᠨ᠎ᠠ᠃
   ᠰᠤᠷᠪᠤᠯᠵᠢᠯᠠᠬᠴᠢ᠄ ᠲᠠ ᠬᠤᠰᠢᠭᠤᠨ ᠤ ᠰᠤᠶᠤᠯ ᠤᠨ ᠬᠡᠷ ᠤᠨ ᠵᠤᠬᠢᠶᠠᠨ ᠨᠠᠶᠢᠢᠷᠠᠭᠤᠯᠬᠤ ᠲᠠᠰᠤᠭ ᠲᠤ ᠢᠷᠠᠬᠡᠳ ᠶᠠᠭ ᠬᠤᠷᠢᠨ ᠵᠢᠯ ᠠᠵᠢᠯᠯᠠᠵᠤ ᠪᠠᠶᠢᠢᠨ᠎ᠠ᠃ ᠲᠠᠨ ᠤ ᠦᠵᠡᠬᠦ ᠪᠠᠷ ᠲᠤᠰ ᠭᠠᠵᠠᠷ ᠤᠷᠤᠨ ᠤ ᠮᠤᠩᠭᠤᠯ ᠤᠷᠠᠨ ᠵᠤᠬᠢᠶᠠᠯ ᠤᠨ ᠬᠦᠭᠵᠢᠯᠳᠠ ᠶᠢᠨ ᠶᠠᠷᠦᠩᠬᠡᠢ ᠪᠠᠶᠢᠢᠳᠠᠯ ᠢ ᠶᠠᠮᠠᠷᠰᠢᠤ ᠪᠠᠶᠢᠨ᠎ᠠ︖
   ᠬᠠᠩᠳᠠᠭᠤᠳ ᠤᠰᠤᠨᠪᠤᠳᠤᠭ᠄ ᠮᠢᠨᠦ ᠪᠠᠷ ᠬᠤᠰᠢᠭᠤᠨ ᠤ ᠰᠤᠶᠤᠯ ᠤᠨ ᠬᠡᠷ ᠤᠨ ᠵᠤᠬᠢᠶᠠᠨ ᠨᠠᠶᠢᠢᠷᠠᠭᠤᠯᠬᠤ ᠲᠠᠰᠤᠭ ᠲᠤ ᠢᠷᠠᠵᠤ ᠠᠵᠢᠯᠯᠠᠬᠰᠠᠨ ᠠᠴᠠ ᠠᠪᠤᠭᠠᠳ ︽ᠨᠠᠶᠢᠮᠠᠨ ᠤ ᠤᠷᠠᠨ ᠵᠤᠬᠢᠶᠠᠯ︾ ︵ᠮᠤᠩᠭᠤᠯ ᠬᠢᠳᠡᠳ ᠬᠡᠪᠯᠡᠯ︶ ᠰᠡᠳᠬᠦᠯ ᠤᠨ ᠠᠵᠢᠯ ᠢ ᠬᠠᠷᠢᠭᠤᠴᠠᠵᠤ᠂ ᠤᠷᠠᠨ ᠵᠤᠬᠢᠶᠠᠯ ᠤᠨ ᠬᠠᠮᠢᠶᠠᠳᠠᠢ ᠠᠵᠢᠯᠯᠠᠭ᠎ᠠ ᠨᠤᠭᠤᠳ ᠢ ᠦᠷᠨᠢᠬᠦᠯᠬᠦ ᠵᠢᠴᠢ ᠬᠤᠰᠢᠭᠤᠨ ᠠᠴᠠ ᠬᠠᠮᠢᠶ᠎ᠠ ᠪᠦᠬᠦᠢ ᠨᠤᠮ ᠰᠡᠳᠬᠦᠯ ᠨᠠᠶᠢᠢᠷᠠᠭᠤᠯᠬᠤ ᠠᠵᠢᠯ ᠢ ᠬᠠᠷᠢᠭᠤᠴᠠᠵᠤ ᠢᠷᠡᠭᠰᠡᠨ ᠶᠤᠮ᠃ ᠨᠠᠶᠢᠮᠠᠨ ᠤ ᠤᠷᠠᠨ ᠵᠤᠬᠢᠶᠠᠯ ᠢ ᠶᠠᠷᠢᠬᠤ ᠳᠤ ᠨᠠᠶᠢᠮᠠᠨ ᠬᠤᠰᠢᠭᠤᠨ ᠤ ᠪᠡᠭᠡ ᠶᠢᠨ ᠤᠰᠦ ᠬᠡᠳᠡᠭ ᠭᠠᠵᠠᠷ ᠲᠤ ᠨᠤᠳᠤᠭ ᠲᠠᠢ ᠶᠡᠭᠡ ᠪᠠᠭᠰᠢᠳᠠᠨ ᠪᠦᠬᠡᠬᠡᠰᠢᠭ ᠭᠤᠸᠠᠢ ᠶᠢ ᠶᠠᠭᠤᠨ ᠤ ᠡᠮᠦᠨ᠎ᠡ ᠲᠤᠷᠠᠳᠬᠤ ᠴᠢᠬᠤᠯᠠᠳᠠᠢ᠃ ᠪᠦᠬᠡᠬᠡᠰᠢᠭ ᠪᠤᠯ ᠮᠤᠩᠭᠤᠯ ᠦᠨᠳᠦᠰᠦᠳᠡᠨ ᠤ ᠰᠤᠶᠤᠯ ᠤᠨ ᠵᠢᠳᠬᠦᠯᠳᠡᠨ᠂ ᠰᠤᠷᠭᠠᠨ ᠬᠦᠮᠦᠵᠢᠯ ᠤᠨ ᠵᠢᠳᠬᠦᠯᠳᠡᠨ᠂ ᠰᠢᠨ᠎ᠠ ᠰᠤᠶᠤᠯ ᠤᠨ ᠬᠡᠬᠡᠷᠡᠬᠦᠯᠬᠦ ᠬᠤᠰᠢᠭᠤᠴᠢ᠃ ᠬᠠᠷᠠᠬᠠᠨ ᠪᠠᠭ᠎ᠠ ᠠᠴᠠ ᠪᠠᠨ ᠮᠤᠩᠭᠤᠯ᠂ ᠬᠢᠳᠡᠳ᠂ ᠮᠠᠨᠵᠤ ᠬᠡᠯᠡ ᠰᠤᠷᠤᠯᠴᠠᠵᠤ ᠬᠤᠵᠢᠮ ᠨᠢ ᠪᠠᠰᠠ ᠶᠠᠫᠤᠨ᠂ ᠤᠷᠤᠰ᠂ ᠠᠩᠭ᠍ᠯᠢ ᠬᠡᠯᠡ ᠰᠤᠷᠤᠯᠴᠠᠬᠰᠠᠨ ᠶᠤᠮ᠃ 1926 ᠤᠨ ᠤ 1 ᠰᠠᠷ᠎ᠠ ᠳᠤ᠂ ᠪᠧᠶᠢᠢᠫᠢᠩ ᠳᠤ ᠰᠤᠷᠤᠯᠴᠠᠵᠤ ᠪᠠᠶᠢᠢᠭᠰᠠᠨ ᠨᠤᠳᠤᠭ ᠤᠨ ᠬᠡᠳᠦᠨ ᠨᠡᠶᠢᠢᠵᠡ ᠪᠠᠨ ᠴᠤᠬᠯᠠᠭᠤᠯᠵᠤ᠂ ︽ᠮᠤᠩᠭᠤᠯ ᠤᠳᠬ᠎ᠠ ᠶᠢᠨ ᠰᠤᠷᠭᠠᠯ ᠤᠨ ᠬᠤᠷᠠᠯ︾ ᠢ ᠵᠤᠬᠢᠶᠠᠨ ᠪᠠᠶᠢᠢᠭᠤᠯᠵᠤ ᠡᠷᠳᠡᠮ ᠰᠢᠨᠵᠢᠯᠡᠬᠡᠨ ᠤ ᠠᠵᠢᠯᠯᠠᠭ᠎ᠠ ᠦᠷᠨᠢᠬᠦᠯᠬᠦ ᠶᠢᠨ ᠬᠠᠮᠳᠤ ᠮᠤᠩᠭᠤᠯ ᠨᠤᠮ ᠪᠢᠴᠢᠭ ᠢ ᠬᠡᠪᠯᠡᠬᠦᠯᠦᠨ᠂ ︽ᠤᠯᠠᠭᠠᠨ ᠪᠡᠷᠰ︾ ᠬᠡᠮᠡᠬᠦ ᠮᠤᠩᠭᠤᠯ ᠰᠡᠳᠬᠦᠯ ᠢ ᠡᠬᠦᠰᠬᠡᠨ ᠡᠷᠬᠢᠯᠡᠵᠤ᠂ ᠬᠡᠰᠢᠬᠦᠳ ᠤᠨ ᠢᠶᠠᠨ ᠵᠤᠬᠢᠶᠠᠨ ᠪᠢᠴᠢᠭᠰᠡᠨ ᠦᠬᠦᠯᠡᠯᠬᠡ ᠲᠤᠭᠤᠵᠢ᠂ ᠰᠢᠯᠦᠭ ᠨᠠᠶᠢᠢᠷᠠᠭ᠂ ᠦᠯᠢᠬᠡᠷ ᠲᠠᠭᠤᠤ ᠬᠢᠬᠡᠳ ᠵᠠᠩ ᠦᠢᠯᠠ ᠶᠢᠨ ᠠᠭᠤᠯᠭ᠎ᠠ ᠪᠦᠬᠦᠢ ᠵᠦᠢᠯᠡᠰ ᠢ ᠨᠡᠶᠢᠢᠳᠡᠯᠡᠵᠤ ᠪᠠᠶᠢᠢᠵᠠᠢ᠃ ᠲᠤᠬᠠᠢ ᠶᠢᠨ ᠦᠶ᠎ᠠ ᠳᠤ᠂ ᠨᠠ᠊ · ᠰᠠᠶᠢᠢᠨᠴᠤᠬᠳᠤ ᠶᠢ ᠪᠠᠭᠳᠠᠭᠠᠭᠰᠠᠨ ᠠᠬᠠᠮᠠᠳ ᠨᠢᠬᠡ ᠦᠶ᠎ᠡ ᠶᠢᠨ ᠵᠤᠬᠢᠶᠠᠯᠴᠢᠳ ᠤᠨ ᠦᠬᠦᠯᠡᠯᠬᠡ᠂ ᠲᠤᠭᠤᠵᠢ᠂ ᠷᠤᠮᠠᠨ ᠤᠯᠠᠨ ᠵᠤᠬᠢᠶᠠᠯ ᠪᠦᠳᠦᠬᠡᠯ ᠴᠤ ︽ᠤᠯᠠᠭᠠ ᠪᠠᠷᠰ︾ ᠰᠡᠳᠬᠦᠯ ᠳᠤ ᠨᠠᠶᠢᠢᠳᠡᠯᠡᠭᠳᠡᠵᠤ᠂ ᠮᠤᠩᠭᠤᠯ ᠤᠷᠠᠨ ᠵᠤᠬᠢᠶᠠᠯ ᠤᠨ ᠠᠩᠬᠠᠨ ᠤ ᠦᠶ᠎ᠠ ᠶᠢᠨ ᠵᠤᠬᠢᠶᠠᠯᠴᠢᠳ ᠢ ᠬᠦᠮᠦᠵᠢᠬᠦᠯᠦᠭᠰᠡᠨ ᠰᠠᠭᠤᠷᠢᠨ ᠪᠤᠯᠵᠤ ᠪᠠᠶᠢᠢᠯ᠎ᠠ᠃
   ᠲᠡᠷᠡ ᠪᠠᠷ ᠪᠠᠰᠠ ᠺᠠᠶᠢᠢᠯᠦ ᠳᠤ ᠴᠢᠯᠠᠭᠤᠨ ᠪᠠᠷ ᠤᠨ ᠬᠡᠪᠯᠡᠯ ᠤᠨ ᠦᠢᠯᠡᠳᠪᠦᠷᠢ ᠪᠠᠶᠢᠢᠭᠤᠯᠵᠤ᠂ ᠬᠡᠳᠦᠨ ᠠᠷᠪᠠᠨ ᠲᠦᠷᠦᠯ ᠵᠦᠢᠯ ᠤᠨ ᠨᠤᠮ ᠢ ᠬᠡᠪᠯᠡᠨ ᠭᠠᠷᠭᠠᠬᠰᠠᠨ ᠶᠤᠮ᠃ ︽ᠤᠯᠠᠭᠠᠨ ᠪᠠᠷᠰ︾ ᠰᠡᠳᠬᠦᠯ ᠨᠢ ᠠᠩᠬ᠎ᠠ ᠤᠳᠠᠭ᠎ᠠ ᠶᠡᠭᠡ ᠵᠤᠬᠢᠶᠠᠯᠴᠢ ᠢᠨᠵᠠᠨᠨᠠᠰᠢ ᠶᠢᠨ ᠵᠤᠬᠢᠶᠠᠯ ᠪᠦᠳᠦᠬᠡᠯ ᠢ ᠤᠯᠠᠨ᠎ᠠ ᠲᠠᠨᠢᠯᠴᠠᠭᠤᠯᠤᠨ᠂ ︽ᠬᠦᠬᠡ ᠰᠤᠳᠤᠷ︾᠂ ︽ᠨᠢᠭᠡᠨ ᠲᠠᠪᠬᠤᠷ ᠠᠰᠠᠷ︾᠂ ︽ᠤᠯᠠᠭᠠᠨ᠎ᠠ ᠤᠬᠢᠯᠠᠬᠤ ᠲᠢᠩᠬᠢᠮ︾ ᠵᠡᠷᠬᠡ ᠷᠤᠮᠠᠨ ᠢ ᠡᠮᠬᠢᠳᠬᠡᠨ ᠬᠡᠪᠯᠡᠬᠦᠯᠦᠭᠰᠡᠨ ᠶᠤᠮ᠃ ᠪᠠᠰᠠ ᠮᠤᠩᠭᠤᠯ ᠦᠨᠳᠦᠰᠦᠳᠡᠨ ᠤ ᠲᠡᠦᠬᠡᠨ ᠰᠤᠷᠪᠤᠯᠵᠢ ᠪᠢᠴᠢᠭ᠂ ᠲᠤᠬᠠᠶᠢᠢᠯᠠᠪᠠᠯ ︽ᠡᠷᠳᠡᠨᠢ ᠶᠢᠨ ᠲᠤᠪᠴᠢ︾᠂ ︽ᠮᠤᠩᠭᠤᠯ ᠤᠨ ᠨᠢᠭᠤᠴᠠ ᠲᠤᠪᠴᠢᠶᠠᠨ︾ ᠵᠡᠷᠬᠡ ᠡᠷᠳᠡᠨ ᠤ ᠰᠤᠷᠪᠤᠯᠵᠢ ᠪᠢᠴᠢᠭ ᠢ ᠬᠡᠪᠯᠡᠬᠦᠯᠦᠭᠰᠡᠨ ᠪᠠᠶᠢᠢᠵᠠᠢ᠃ ᠪᠦᠬᠡᠬᠡᠰᠢᠭ᠂ ᠦᠨᠳᠤᠰᠦᠳᠡᠨ ᠤ ᠤᠷᠠᠨ ᠵᠤᠬᠢᠶᠠᠯ ᠤᠨ ᠰᠢᠨ᠎ᠡ ᠶᠢ ᠡᠬᠦᠳᠬᠦ ᠵᠤᠷᠢᠭ ᠰᠠᠨᠠᠭ᠎ᠠ ᠶᠢ ᠪᠠᠷᠢᠮᠳᠠᠯᠠᠨ ︽ᠮᠤᠩᠭᠤᠯ ᠦᠨᠳᠦᠰᠦᠳᠡᠨ ᠤ ᠡᠷᠳᠡᠨ ᠡᠳᠦᠬᠡ ᠶᠢᠨ ᠦᠯᠢᠬᠡᠷ︾ ᠵᠡᠷᠬᠡ ᠶᠢ ᠬᠡᠪᠯᠡᠬᠦᠯᠬᠦ ᠶᠢᠨ ᠬᠠᠮᠳᠤ᠂ ᠠᠬ᠎ᠠ ᠲᠡᠬᠦᠦ ᠦᠨᠳᠦᠰᠦᠳᠡᠨ ᠤ ᠵᠤᠬᠢᠶᠠᠯ ᠪᠦᠳᠦᠬᠡᠯ ᠠᠴᠠ ᠰᠤᠷᠤᠯᠴᠠᠨ᠂ ︽ᠱᠦᠢ ᠬᠤ᠋ ᠶᠢᠨ ᠦᠯᠢᠬᠡᠷ︾᠂ ︽ᠲᠠᠩᠨᠠᠭᠤᠯ ᠮᠤᠤᠷ︾ ᠵᠡᠷᠬᠡ ᠶᠢ ᠤᠷᠴᠢᠭᠤᠯᠤᠨ ᠬᠡᠪᠯᠡᠬᠦᠯᠦᠭᠰᠡᠨ ᠶᠤᠮ᠃
   ᠲᠡᠬᠦᠨ ᠠᠴᠠ ᠲᠠᠷᠠᠭ᠎ᠠ᠂ ᠮᠤᠩᠭᠤᠯ ᠤᠷᠠᠨ ᠵᠤᠬᠢᠶᠠᠯ ᠤᠨ ᠤᠨᠤᠯ ᠤᠨ ᠰᠠᠭᠤᠷᠢᠯᠠᠬᠴᠢ ᠶᠢᠨ ᠨᠢᠬᠡ᠂ ᠰᠤᠷᠭᠠᠨ ᠬᠦᠮᠦᠵᠢᠯ ᠤᠨ ᠵᠢᠳᠬᠦᠯᠳᠡᠨ᠂ ᠵᠤᠬᠢᠶᠠᠯᠴᠢ ᠪ᠊ · ᠬᠡᠷᠡᠯᠳᠤ ᠪᠤᠯ ᠨᠠᠶᠢᠮᠠᠨ ᠬᠤᠰᠢᠭᠤ ᠨᠤᠳᠤᠭ ᠲᠠᠢ ᠤᠷᠠᠨ ᠵᠤᠬᠢᠶᠠᠯᠴᠢ ᠶᠤᠮ᠃ ᠲᠡᠬᠦᠨ ᠤ ᠤᠷᠠᠨ ᠵᠤᠬᠢᠶᠠᠯ ᠤᠨ ᠪᠦᠳᠦᠬᠡᠯ ᠤᠳ ᠠᠴᠠ ︽ᠭᠠᠯᠳᠠᠢ ᠴᠤᠬᠳᠠᠢ ᠬᠦᠮᠦᠰ︾᠂ ︽ᠮᠤᠩᠭᠤᠯᠵᠢᠨ ᠠᠪᠤ︾᠂ ︽ᠨᠠᠷᠠ ᠲᠠᠢ ᠭᠠᠵᠠᠷ ᠵᠠᠮ ᠦᠷᠬᠡᠨ︾᠂ ︽ᠴᠠᠭᠠᠨ ᠡᠪᠦᠬᠡᠨ︾᠂ ︽ᠬᠠᠷ᠎ᠠ ᠲᠡᠮᠡᠬᠢ︾᠂ ︽ᠠᠯᠳᠠᠨ ᠬᠢᠩᠭᠠᠨ︾ ᠵᠡᠷᠬᠡ ᠶᠢ ᠤᠨᠴᠠᠯᠠᠨ ᠲᠤᠷᠠᠳᠬᠤ ᠬᠡᠷᠡᠭᠳᠡᠢ᠃ ᠳ᠋᠊ · ᠦᠯᠵᠡᠶᠢᠢᠬᠤᠳᠤᠭ᠂ ᠲᠡᠬᠡᠳᠤ ᠲᠤᠮᠳᠠᠳᠤ ᠰᠤᠷᠭᠠᠭᠤᠯᠢ ᠳᠤ ᠪᠠᠨ ᠪᠠᠶᠢᠢᠬᠤ ᠳᠠᠭᠠᠨ ᠤᠷᠠᠨ ᠵᠤᠬᠢᠶᠠᠯ ᠤᠷᠤᠯᠳᠤᠵᠤ ᠡᠬᠢᠯᠡᠭᠰᠡᠨ ᠪᠦᠬᠡᠳ ᠰᠡᠬᠦᠯᠡᠷ ᠨᠢ ᠦᠬᠦᠯᠡᠯᠬᠡ ︽ᠦᠳᠡᠰᠢ ᠶᠢᠨ ᠬᠤᠯᠠᠬᠢ ᠡᠬᠦᠯᠡ︾᠂ ︽ᠪᠡᠷᠬᠡ ᠬᠠᠷᠠᠩᠭᠤᠢ ᠰᠦᠨᠢ︾ ᠪᠠᠷ ᠢᠶᠠᠨ ᠤᠩᠰᠢᠬᠴᠢ ᠤᠯᠠᠨ ᠳᠠᠭᠠᠨ ᠲᠠᠨᠢᠬᠳᠠᠵᠤ᠂ ︽ᠦᠶᠡᠷ᠂ ᠬᠦᠮᠦᠨ᠂ ᠨᠤᠬᠠᠢ︾ ᠬᠡᠬᠦ ᠲᠤᠭᠤᠵᠢ ᠪᠠᠷ ᠢᠶᠠᠨ ᠦᠪᠡᠷᠳᠡᠬᠡᠨ ᠵᠠᠰᠬᠠᠤ ᠤᠷᠤᠨ ᠤ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠢ ᠬᠦᠷᠳᠡᠵᠤ᠂ ᠲᠤᠮᠤ ᠬᠡᠯᠪᠡᠷᠢ ᠶᠢᠨ ᠲᠠᠭᠤᠤ ᠪᠦᠵᠢᠭᠳᠦ ᠵᠦᠴᠦᠬᠡ ︽ᠨᠤᠭᠤᠨᠵᠠᠶᠠᠭ᠎ᠠ︾ ᠪᠠᠷ ᠢᠶᠠᠨ ᠦᠪᠡᠷᠳᠡᠬᠡᠨ ᠵᠠᠰᠬᠠᠤ ᠤᠷᠤᠨ ᠤ ︽ᠰᠠᠷᠠᠨ᠎ᠠ︾ ᠱᠠᠩᠨᠠᠯ ᠢ ᠬᠦᠷᠳᠡᠭᠰᠡᠨ ᠶᠤᠮ᠃ ᠲᠡᠷᠡ ᠪᠠᠷ᠂ ᠨᠠᠶᠢᠮᠠᠨ ᠬᠤᠰᠢᠭᠤᠨ ᠤ ᠤᠷᠤᠨ ᠨᠤᠳᠤᠭ ᠤᠨ ᠤᠷᠠᠨ ᠵᠤᠬᠢᠶᠠᠯ ᠢ ᠬᠦᠭᠵᠢᠬᠦᠯᠬᠦ ᠶᠢᠨ ᠲᠦᠯᠦᠬᠡ ᠠᠯᠠᠭ ᠰᠡᠳᠬᠢᠯ ᠠᠰᠳᠠᠭᠠᠨ ᠪᠤᠳᠤᠯ ᠦᠬᠡᠢ ᠵᠢᠳᠬᠦᠵᠤ ᠶᠠᠪᠤᠬᠰᠠᠨ ᠶᠤᠮ᠂ ᠤᠨᠴᠠᠭᠠᠶᠢᠢᠯᠠᠨ ᠤᠷᠠᠨ ᠵᠤᠬᠢᠶᠠᠯ ᠤᠨ ᠰᠢᠨ᠎ᠠ ᠨᠢᠬᠡ ᠦᠶ᠎ᠠ ᠶᠢᠨ ᠬᠢᠨ ᠢ ᠢᠯᠡᠷᠡᠬᠦᠯᠵᠤ ᠬᠦᠮᠦᠵᠢᠬᠦᠯᠬᠦ ᠲᠠᠯ᠎ᠠ ᠪᠠᠷ ᠤᠶᠤᠨ ᠤᠬᠠᠭᠠᠨ ᠢᠶᠠᠨ ᠰᠢᠪᠬᠠᠵᠤ ᠬᠦᠴᠦᠨ ᠴᠢᠳᠠᠯ ᠢᠶᠠᠨ ᠡᠷᠬᠦᠵᠤ ᠶᠠᠪᠤᠬᠰᠠᠨ ᠪᠢᠯᠠ᠃
   ᠲᠠᠬᠢᠪᠠᠯ᠂ ᠴ᠊ · ᠪᠦᠬᠡᠳᠡᠯᠬᠡᠷ᠂ ᠦᠪᠡᠷ ᠤᠨ ᠵᠤᠬᠢᠶᠠᠯ ᠪᠦᠳᠦᠬᠡᠯ ︽ᠠᠮᠢᠳᠦᠷᠠᠯ ᠤᠨ ᠭᠤᠷᠪᠠᠨ ᠨᠤᠲ︾᠂ ︽ᠬᠠᠶᠢᠷ᠎ᠠ ᠶᠢᠨ ᠴᠡᠴᠡᠭᠡᠰ︾᠂ ︽ᠬᠦᠮᠦᠨ ᠬᠠᠳᠠ︾᠂ ︽ᠪᠤᠷᠤᠭᠤ ᠨᠡᠷᠡᠯᠡᠭᠰᠡᠨ ᠪᠤᠷᠬᠠᠨ︾ ᠵᠡᠷᠬᠡ 50 ᠭᠠᠷᠤᠢ ᠨᠤᠮ ᠬᠡᠪᠯᠡᠬᠦᠯᠦᠭᠰᠡᠨ ᠪᠦᠬᠡᠳ ᠮᠤᠩᠭᠤᠯ ᠤᠷᠠᠨ ᠵᠤᠬᠢᠶᠠᠯ ᠤᠨ ︽ᠪᠤᠷᠵᠢᠬᠢᠨ ᠱᠠᠩᠨᠠᠯ︾᠂ ︽ᠦᠬᠡᠳᠡ︾ ᠱᠠᠩᠨᠠᠯ᠂ ︽ᠦᠨᠢᠷ ᠴᠡᠴᠡᠭ︾ ᠱᠠᠩᠨᠠᠯ ᠵᠡᠷᠬᠡ ᠤᠯᠠᠨ ᠢᠷᠠᠭᠤ ᠠᠯᠳᠠᠷ ᠢ ᠬᠦᠷᠳᠡᠵᠤ ᠶᠠᠪᠤᠵᠠᠢ᠃ ᠫ᠊ · ᠤᠶᠦᠨᠪᠢᠯᠢᠭ ᠤᠨ ︽ᠪᠦᠭᠳᠦᠷ ᠤᠳᠠ︾ ᠨᠢ ︽ᠲᠠᠪᠤᠨ ᠨᠢᠬᠡ ᠶᠢᠨ ᠢᠨᠵᠧᠨᠧᠷᠢᠩ︾ ᠤᠨ ᠱᠠᠩᠨᠠᠯ ᠢ ᠬᠦᠷᠳᠡᠵᠤ᠂ ᠬᠡᠦᠬᠡᠳ ᠤᠨ ᠦᠬᠦᠯᠡᠯᠬᠡ ︽ᠰᠤᠩᠭᠤᠭᠤᠯᠢ︾ ᠨᠢ ᠠᠷᠪᠠᠳᠤᠭᠠᠷ ᠬᠤᠭᠤᠴᠠᠭᠠᠨ ᠤ ᠬᠡᠦᠬᠡᠳ ᠤᠨ ᠤᠷᠠᠨ ᠵᠤᠬᠢᠶᠠᠯ ᠤᠨ ︽ᠰᠤᠯᠤᠩᠭ᠎ᠠ︾ ᠱᠠᠩᠨᠠᠯ ᠢ ᠬᠦᠷᠳᠡᠭᠰᠡᠨ ᠶᠤᠮ᠃
   ᠰᠤᠷᠪᠤᠯᠵᠢᠯᠠᠬᠴᠢ᠄ ᠤᠳᠤᠬᠠᠨ ᠤ ᠬᠤᠰᠢᠭᠤ ᠨᠤᠳᠤᠭ ᠤᠨ ᠤᠷᠠᠨ ᠪᠦᠳᠦᠬᠡᠯᠴᠢᠦᠡ ᠵᠢᠴᠢ ᠵᠤᠬᠢᠶᠠᠯ ᠪᠦᠳᠦᠬᠡᠯ ᠤᠨ ᠲᠠᠯ᠎ᠠ ᠠᠴᠠ ᠬᠡᠯᠡᠪᠡᠯ︖
   ᠬᠠᠩᠳᠠᠭᠤᠳ ᠤᠰᠤᠨᠪᠤᠳᠤᠭ᠄ ᠤᠳᠤᠬᠠᠨ ᠤ ᠪᠠᠶᠢᠢᠳᠠᠯ ᠠᠴᠠ ᠦᠵᠡᠪᠡᠯ᠂ ᠨᠠᠶᠢᠮᠠᠨ ᠬᠤᠰᠢᠭᠤᠨ ᠤ ᠤᠷᠤᠨ ᠨᠤᠳᠤᠭ ᠤᠨ ᠵᠤᠬᠢᠶᠠᠯᠴᠢᠳ ᠤᠨ ᠡᠩᠨᠡᠭᠡ ᠲᠡᠶᠢᠢᠮᠦ ᠶᠡᠭᠡ ᠪᠢᠰᠢ᠂ ᠦᠷᠬᠦᠯᠵᠢ ᠵᠤᠬᠢᠶᠠᠨ ᠪᠦᠳᠦᠬᠡᠳᠡᠭ ᠬᠦᠮᠦᠨ ᠭᠤᠴᠢᠭᠠᠳ ᠬᠦᠮᠦᠨ ᠪᠤᠢ᠂ ᠡᠬᠦᠨ ᠳᠤ ᠵᠠᠯᠭᠠᠮᠵᠢ ᠰᠢᠨ᠎ᠠ ᠨᠢᠬᠡ ᠦᠶ᠎ᠠ ᠶᠢᠨ ᠤᠷᠠᠨ ᠪᠦᠳᠦᠬᠡᠯᠴᠢᠳ ᠲᠠᠰᠤᠷᠠᠯᠳᠠ ᠦᠬᠡᠢ ᠲᠤᠳᠤᠷᠠᠵᠤ ᠪᠠᠶᠢᠢᠭ᠎ᠠ ᠨᠢ ᠪᠠᠰᠠ ᠨᠢᠬᠡᠨ ᠪᠠᠶᠠᠷᠯᠠᠭᠤᠰᠢᠳᠠᠢ ᠶᠠᠪᠤᠳᠠᠯ᠃ ᠬᠡᠬᠦ ᠳᠡᠭᠡᠨ ᠵᠤᠬᠢᠶᠠᠯ ᠪᠦᠳᠦᠬᠡᠯ ᠤᠨ ᠶᠠᠰᠦ ᠴᠢᠨᠡᠷ ᠤᠨ ᠲᠠᠯ᠎ᠠ ᠪᠠᠷ ᠲᠡᠬᠡᠭᠰᠢᠯᠡᠬᠦᠯᠬᠦ ᠴᠢᠬᠤᠯᠠᠳᠠᠢ ᠪᠠᠶᠢᠢᠨ᠎ᠠ᠃ ᠵᠤᠬᠢᠶᠠᠨ ᠪᠦᠳᠦᠬᠡᠯᠬᠡ ᠶᠢᠨ ᠲᠠᠯ᠎ᠠ ᠪᠠᠷ ᠨᠡᠯᠢᠶᠡᠳ ᠶᠡᠭᠡ ᠠᠮᠵᠢᠯᠳᠠ ᠪᠦᠳᠦᠮᠵᠢ ᠲᠠᠢ ᠶᠠᠪᠤᠭ᠎ᠠ ᠰᠡᠷᠬᠦᠯᠡᠩ᠂ ᠬᠠᠩᠳᠠᠭᠤᠳ ᠤᠰᠤᠨᠪᠤᠳᠤᠭ ᠨᠡᠷ ᠪᠠᠶᠢᠢᠨ᠎ᠠ᠂ ᠪᠠᠰᠠ ᠦᠪᠡᠷ ᠤᠨ ᠨᠤᠮ ᠲᠡᠬᠦᠪᠦᠷᠢ ᠲᠠᠢ ᠶᠠᠪᠤᠭ᠎ᠠ ᠰᠢᠯᠦᠭᠴᠢ ᠵᠤᠬᠢᠶᠠᠯᠴᠢ ᠠᠴᠠ ᠰ᠊ · ᠲᠠᠪᠬᠤᠷᠪᠠᠶᠠᠷ᠂ ᠸᠠᠩ ᠡᠷᠳᠡᠮᠳᠤ᠂ ᠵ᠊ · ᠮᠦᠷᠠᠨ ᠨᠠᠷ ᠢ ᠲᠤᠷᠠᠳᠴᠤ ᠪᠤᠯᠤᠨ᠎ᠠ᠃ ᠡᠳᠡᠬᠡᠷ ᠬᠦᠮᠦᠰ ᠵᠢᠱᠢᠶᠡᠯᠡᠪᠡᠯ᠂ ᠰᠡᠷᠬᠦᠯᠡᠩ ᠪᠤᠯ ᠤᠶᠤᠳᠠᠨ ᠠᠬᠤᠢ ᠴᠠᠭ ᠠᠴᠠ ᠪᠠᠨ ᠤᠷᠠᠨ ᠵᠤᠬᠢᠶᠠᠯ ᠤᠷᠤᠯᠳᠤᠵᠤ ᠶᠠᠪᠤᠬᠰᠠᠨ ᠪᠦᠬᠡᠳ ︽ᠬᠤᠢ ᠰᠠᠯᠬᠢᠨ ᠢᠶᠠᠷ ᠤᠷᠭᠤᠬᠰᠠᠨ ᠬᠤᠪᠢᠯᠭᠠᠨ ᠯᠤᠤᠪᠠᠩ︾᠂ ︽ᠮᠠᠨᠠᠨᠳᠤ ᠰᠡᠷᠭᠠᠢ ᠲᠠᠢ ᠤᠨ ᠰᠠᠷ᠎ᠠ︾᠂ ︽ᠬᠦᠳᠡᠭᠡ ᠶᠢᠨ ᠬᠦᠮᠦᠰ ᠤᠨ ᠪᠤᠷᠤ ᠵᠢᠷᠤᠭ︾᠂ ︽ᠭᠠᠯ ᠭᠤᠯᠤᠮᠳᠠ ᠬᠡᠬᠦ︾ ᠪᠦᠳᠦᠬᠡᠯ ᠢᠶᠠᠷ ᠢᠶᠠᠨ ᠤᠩᠰᠢᠬᠴᠢ ᠤᠯᠠᠨ ᠳᠠᠭᠠᠨ ᠲᠠᠨᠢᠬᠳᠠᠬᠰᠨᠨ ᠪᠠᠶᠢᠢᠨ᠎ᠠ᠃ 2017 ᠤᠨ ᠳᠤ ᠬᠡᠪᠯᠡᠭᠳᠡᠭᠰᠡᠨ ︽ᠮᠤᠩᠭᠤᠯ ᠤᠷᠠᠨ ᠵᠤᠬᠢᠶᠠᠯ ᠤᠨ ᠲᠡᠬᠡᠵᠢ︾ ︵20 ᠪᠤᠳᠢ︶ ᠬᠡᠬᠦ ᠨᠤᠮ ᠳᠤ ᠨᠠᠶᠢᠮᠠᠨ ᠤ 3 ᠤᠷᠠᠨ ᠵᠤᠬᠢᠶᠠᠯᠴᠢ ᠳ᠋᠊ · ᠦᠯᠵᠡᠶᠢᠬᠤᠳᠤᠭ᠂ ᠬᠠᠩᠳᠠᠭᠤᠳ ᠤᠰᠤᠨᠪᠤᠳᠤᠭ᠂ ᠰᠡᠷᠬᠦᠯᠡᠩ ᠤᠨ 4 ᠪᠦᠳᠦᠬᠡᠯ ᠰᠤᠩᠭᠤᠬᠳᠠᠵᠤ ᠤᠷᠤᠬᠰᠠᠨ ᠪᠠᠶᠢᠢᠨ᠎ᠠ᠃ ᠲᠤᠰ 20 ᠪᠤᠳᠢ ᠨᠤᠮ ᠪᠤᠯ ᠮᠤᠩᠭᠤᠯᠴᠤᠳ ᠤᠨ ᠤᠷᠠᠨ ᠵᠤᠬᠢᠶᠠᠯ ᠤᠨ ᠲᠡᠦᠬᠡᠨ ᠳᠤ ᠠᠩᠬ᠎ᠠ ᠬᠡᠪᠯᠡᠭᠳᠡᠵᠤ ᠪᠠᠶᠢᠢᠭ᠎ᠠ ᠢᠵᠢ ᠪᠦᠷᠢᠨ ᠤᠯᠠᠨ ᠪᠤᠳᠢ ᠤᠷᠠᠨ ᠵᠤᠬᠢᠶᠠᠯ ᠤᠨ ᠨᠤᠮ ᠪᠦᠬᠡᠳ ᠮᠤᠩᠭᠤᠯ ᠤᠷᠠᠨ ᠵᠤᠬᠢᠶᠠᠯ ᠤᠨ ᠶᠡᠷᠦᠩᠬᠡᠢ ᠲᠦᠷᠢ ᠰᠢᠨᠵᠢ ᠶᠢ ᠦᠨᠳᠦᠰᠦᠨ ᠳᠤᠨᠢ ᠬᠠᠷᠠᠭᠤᠯᠵᠤ ᠴᠢᠳᠠᠬᠰᠠᠨ᠂ ᠬᠠᠮᠤᠭ ᠮᠤᠩᠭᠤᠯᠴᠤᠳ ᠤᠨ ᠤᠷᠠᠨ ᠵᠤᠬᠢᠶᠠᠯ ᠤᠨ ᠰᠢᠯᠢᠳᠡᠭ ᠪᠦᠳᠦᠬᠡᠯ ᠤᠳ ᠢ ᠰᠤᠩᠭᠤᠨ ᠤᠷᠤᠭᠤᠯᠬᠤ ᠪᠠᠷ ᠵᠠᠷᠴᠢᠮ ᠢᠶᠠᠨ ᠪᠤᠯᠭᠠᠬᠰᠠᠨ ᠶᠤᠮ᠂ ᠡᠶᠢᠮᠦ ᠠᠴᠠ ᠡᠨᠡ ᠬᠦ ᠲᠤᠮᠤ ᠬᠡᠪᠯᠡᠯ ᠪᠦᠳᠦᠬᠡᠯ ᠳᠤ ᠨᠠᠶᠢᠮᠠᠨ ᠤ ᠤᠷᠠᠨ ᠪᠦᠳᠦᠬᠡᠯᠴᠢᠳ ᠤᠨ 4 ᠪᠦᠳᠦᠬᠡᠯ ᠰᠤᠩᠭᠤᠬᠳᠠᠨ ᠤᠷᠤᠬᠰᠠᠨ ᠨᠢ ᠶᠠᠮᠠᠷ ᠨᠢᠬᠡᠨ ᠲᠠᠯ᠎ᠠ ᠪᠠᠷ ᠨᠠᠶᠢᠮᠠᠨ ᠤ ᠮᠤᠩᠭᠤᠯ ᠤᠳᠬ᠎ᠠ ᠵᠤᠬᠢᠶᠠᠯ ᠤᠨ ᠬᠦᠭᠵᠢᠯᠳᠠ ᠶᠢᠨ ᠲᠦᠪᠰᠢᠨ ᠢ ᠬᠠᠷᠠᠭᠤᠯᠬᠤ ᠪᠠᠶᠢᠢᠬ᠎ᠠ ᠬᠡᠵᠤ ᠪᠢ ᠦᠵᠡᠳᠡᠭ᠃
   ᠰᠤᠷᠪᠤᠯᠵᠢᠯᠠᠬᠴᠢ᠄ ᠬᠤᠷᠢᠨ ᠵᠢᠯ ᠤᠨ ᠲᠤᠷᠰᠢ ᠲᠠ ︽ᠨᠠᠶᠢᠮᠠᠨ ᠤ ᠤᠷᠠᠨ ᠵᠤᠬᠢᠶᠠᠯ︾ ᠰᠡᠳᠬᠦᠯ᠂ ᠦᠬᠡᠷ᠎ᠡ ᠪᠠᠷ ᠬᠡᠯᠡᠪᠡᠯ ᠨᠠᠶᠢᠮᠠᠨ ᠤ ᠤᠷᠠᠨ ᠵᠤᠬᠢᠶᠠᠯ ᠤᠨ ᠦᠢᠯᠡᠰ ᠲᠤ ᠨᠢᠬᠡ ᠦᠵᠦᠬᠦᠷᠳᠤ ᠰᠡᠳᠬᠢᠯ ᠢᠶᠠᠷ ᠴᠢᠷᠮᠠᠶᠢᠢᠵᠤ ᠶᠠᠪᠤᠬᠰᠠᠨ ᠪᠦᠬᠡᠳ ᠲᠦᠩᠬᠡᠬᠡᠳ ᠲᠠᠪᠢᠨ ᠨᠠᠰᠤ ᠬᠦᠷᠴᠤ ᠪᠠᠶᠢᠢᠭ᠎ᠠ ᠪᠤᠯᠪᠠᠴᠤ ᠤᠷᠠᠨ ᠵᠤᠬᠢᠶᠠᠯ ᠤᠨ ᠤᠷᠳᠤ ᠠᠶᠠᠨ ᠳᠤ ᠨᠢᠬᠡᠨᠳᠡ ᠭᠤᠴᠢ ᠭᠠᠷᠤᠢ ᠵᠢᠯ ᠵᠢᠳᠬᠦᠴᠢᠬᠡᠭᠰᠡᠨ ᠬᠤᠷᠢ ᠭᠠᠷᠤᠢ ᠨᠤᠮ ᠲᠠᠢ ᠶᠠᠪᠤᠭ᠎ᠠ ︽ᠠᠬᠠᠮᠠᠳ ᠵᠤᠬᠢᠶᠠᠯᠴᠢ︾᠂ ᠲᠠᠨ ᠤ ᠬᠤᠪᠢ ᠬᠦᠮᠦᠨ ᠤ ᠵᠤᠬᠢᠶᠠᠨ ᠪᠦᠳᠦᠬᠡᠯᠬᠡ ᠶᠢᠨ ᠲᠤᠬᠠᠢ ᠲᠠᠨᠢᠯᠴᠠᠭᠤᠯᠪᠠᠯ︖
   ᠬᠠᠩᠳᠠᠭᠤᠳ ᠤᠰᠤᠨᠪᠤᠳᠤᠭ᠄ ᠮᠢᠨᠦ ᠪᠠᠷ᠂ ᠠᠷᠪᠠᠨ ᠲᠦᠷᠪᠡᠳᠡᠢ ᠵᠢᠯ ᠳᠡᠭᠡᠨ ᠠᠩᠬᠠᠨ ᠤ ᠪᠦᠳᠦᠬᠡᠯ ᠢᠶᠠᠨ ᠰᠡᠳᠬᠦᠯ ᠲᠡᠭᠡᠷ᠎ᠡ ᠨᠡᠶᠢᠳᠡᠯᠡᠬᠦᠯᠦᠭᠰᠡᠨ ᠶᠤᠮ᠃ ᠲᠡᠬᠦᠨ ᠠᠴᠠ ᠲᠠᠷᠠᠭ᠎ᠠ᠂ 1991 ᠤᠨ ᠳᠤ ᠬᠠᠮᠤᠭ ᠠᠩᠬᠠᠨ ᠤ ᠲᠤᠭᠤᠵᠢ ︽ᠲᠤᠷᠠᠯᠠᠯ ᠤᠨ ᠬᠠᠷ᠎ᠠ ᠨᠢᠳᠤᠨ ᠪᠤᠶᠤ ᠲᠤᠷᠠᠰᠤᠯ ᠤᠨ ᠨᠤᠭᠤᠭᠠᠨ ᠰᠤᠨᠳᠤᠷ︾ ᠢᠶᠠᠨ ︽ᠵᠢᠷᠢᠮ ᠤᠨ ᠤᠷᠠᠨ ᠵᠤᠬᠢᠶᠠᠯ︾ ᠳᠤ ᠨᠡᠶᠢᠳᠡᠯᠡᠬᠦᠯᠬᠦ ᠦᠶ᠎ᠠ ᠳᠤ ᠬᠤᠷᠢᠨ ᠨᠢᠬᠡᠳᠡᠢ ᠪᠠᠶᠢᠢᠵᠠᠢ᠃ ᠲᠡᠬᠦᠨ ᠠᠴᠠ ᠰᠡᠬᠦᠯᠡᠷ᠂ ᠡᠷᠢᠶᠠᠨ ᠬᠤᠳᠠ ᠳᠤ ᠬᠦᠷᠴᠤ ᠵᠢᠯ ᠭᠠᠷᠤᠢ ᠠᠷᠠᠯᠵᠢᠶ᠎ᠠ ᠮᠠᠶᠢᠮᠠᠢ ᠡᠷᠬᠢᠬᠦᠯᠦᠨ ᠪᠤᠴᠠᠵᠤ ᠢᠷᠡᠬᠡᠳ ᠡᠷᠢᠶᠡᠨ ᠳᠠᠬᠢ ᠠᠮᠢᠳᠦᠷᠠᠯ ᠠᠬᠤᠢ ᠪᠠᠷ ᠢᠶᠠᠨ ᠰᠡᠳᠦᠪᠯᠡᠨ ᠪᠢᠴᠢᠭᠰᠡᠨ ᠲᠤᠭᠤᠵᠢ ︽ᠡᠷᠢᠶᠠᠨ᠂ ᠡᠷᠢᠶᠠᠨ᠂ ᠡᠷᠢᠶᠠᠨ︾ ᠢᠶᠠᠨ ᠪᠢᠴᠢᠵᠤ᠂ ᠪᠠᠰᠠ ᠦ᠊ · ᠨᠠᠴᠢᠨ ᠪᠠᠭᠰᠢ ᠶᠢᠨ ᠰᠠᠨᠠᠭᠠᠴᠢᠯᠠᠭ᠎ᠠ ᠪᠠᠷ ︽ᠡᠷᠢᠶᠡᠨ︾ ᠬᠡᠬᠦ ᠷᠤᠮᠠᠨ ᠢᠶᠠᠨ ᠲᠤᠭᠤᠷᠪᠢᠨ ᠪᠢᠴᠢᠵᠡᠢ᠃ ᠲᠤᠰ ᠪᠦᠳᠦᠭᠡᠯ ᠨᠡᠶᠢᠢᠬᠡᠮ ᠨᠡᠶᠢᠢᠳᠡ ᠶᠢᠨ ᠲᠤᠮᠳᠠ ᠮᠠᠰᠢ ᠶᠡᠭᠡ ᠲᠤᠰᠬᠠᠯ ᠭᠠᠷᠤᠬᠰᠠᠨ ᠪᠦᠬᠡᠳ ᠬᠢᠳᠡᠳ ᠬᠡᠯᠡᠨ ᠳᠤ ᠤᠷᠴᠢᠭᠤᠯᠤᠬᠳᠠᠬᠰᠠᠨ ᠶᠤᠮ᠂ ᠲᠤᠰ ᠪᠦᠳᠦᠬᠡᠯ ᠮᠢᠨᠢ ᠬᠡᠳᠦᠬᠡᠨ ᠵᠢᠯ ᠤᠨ ᠬᠤᠭᠤᠷᠤᠨᠳᠤ ᠭᠤᠷᠪᠠ ᠤᠳᠠᠭ᠎ᠠ ᠬᠡᠪᠯᠡᠭᠳᠡᠵᠤ ᠪᠢᠯᠡ᠃ ᠲᠡᠬᠦᠨ ᠤ ᠲᠠᠷᠠᠭ᠎ᠠ ᠪᠢᠴᠢᠭᠰᠡᠨ ᠷᠤᠮᠠᠨ ︽ᠲᠠᠪᠢᠯᠠᠩ︾ ᠴᠤ ᠭᠤᠷᠪᠠ ᠤᠳᠠᠭ᠎ᠠ ᠬᠡᠪᠯᠡᠭᠳᠡᠵᠡᠢ᠂ ᠡᠨᠡ ᠨᠢ ᠮᠤᠩᠭᠤᠯ ᠤᠷᠠᠨ ᠵᠤᠬᠢᠶᠠᠯ ᠤᠨ ᠬᠦᠷᠢᠶ᠎ᠠ ᠴᠠᠷᠠᠭᠠᠨ ᠳᠤ ᠠᠪᠴᠤ ᠬᠡᠯᠡᠪᠡᠯ ᠴᠦᠬᠡᠨ ᠲᠤᠬᠢᠶᠠᠯᠳᠤᠬᠤ ᠦᠵᠡᠭᠳᠡᠯ ᠬᠡᠵᠤ ᠬᠡᠯᠡᠵᠤ ᠪᠤᠯᠤᠨ᠎ᠠ᠃ ᠤᠷᠠᠨ ᠵᠤᠬᠢᠶᠠᠯ ᠤᠨ ᠵᠤᠬᠢᠶᠠᠨ ᠪᠦᠳᠦᠬᠡᠯᠬᠡ ᠳᠤ ᠠᠪᠴᠤ ᠬᠡᠯᠡᠪᠡᠯ᠂ ᠲᠤᠷ᠎ᠠ ᠪᠠᠬ᠎ᠠ ᠪᠤᠯ ᠬᠠᠮᠤᠭ ᠤᠨ ᠰᠠᠶᠢᠨ ᠪᠠᠭᠰᠢ᠂ ᠬᠠᠮᠤᠭ ᠤᠨ ᠶᠡᠭᠡ ᠬᠦᠳᠡᠯᠬᠡᠬᠦ ᠬᠦᠴᠦᠨ ᠪᠠᠶᠢᠵᠤ ᠲᠠᠭᠠᠷᠠᠨ᠎ᠠ᠃ ᠲᠤᠷ᠎ᠠ ᠪᠠᠬ᠎ᠠ ᠨᠠᠳᠠ ᠶᠢ ᠵᠤᠬᠢᠶᠠᠨ ᠪᠦᠳᠦᠬᠡᠯᠬᠡ ᠶᠢᠨ ᠠᠶᠠᠨ ᠳᠤ ᠬᠦᠳᠦᠯᠦᠭᠰᠡᠨ ᠪᠦᠬᠡᠳ ᠪᠢ ᠤᠯᠠᠨ ᠬᠦᠴᠢᠷ ᠪᠡᠷᠬᠡ ᠶᠢ ᠢᠯᠠᠨ ᠲᠠᠪᠠᠵᠤ᠂ ᠷᠤᠮᠠᠨ ︽ᠡᠷᠢᠶᠠᠨ︾᠂ ︽ᠲᠤᠭᠤᠰᠤ︾᠂ ︽ᠲᠠᠪᠢᠯᠠᠩ︾᠂ ︽ᠢᠨᠠᠭ ᠤᠨ ᠲᠠᠶᠢᠰᠤᠨ︾᠂ ︽ᠨᠢᠬᠡ ᠨᠠᠰᠤ ᠬᠡᠳᠦᠶ ᠤᠷᠳᠤ ᠪᠠᠶᠢᠳᠠᠭ ᠪᠤᠢ︾ ︵ᠬᠢᠳᠡᠳ ᠬᠡᠪᠯᠡᠯ︶᠂ ᠰᠢᠯᠦᠭ ᠤᠨ ᠲᠡᠬᠦᠪᠦᠷᠢ ︽ᠰᠦᠨᠢ ᠲᠡᠯᠬᠡᠷᠡᠬᠦ ᠲᠤᠷᠠᠯᠠᠯ ᠤᠨ ᠴᠡᠴᠡᠬᠡᠰ︾᠂ ︽ᠲᠡᠷᠡ ᠰᠦᠨᠢ ᠶᠢᠨ ᠬᠡᠬᠡᠨ ᠤᠴᠠᠷᠠᠯ ᠵᠡᠬᠦᠳᠦᠨ ᠮᠡᠳᠤ︾᠂ ︽ᠤᠷᠳᠤ ᠬᠠᠷ᠎ᠡ ᠬᠡᠵᠢᠬᠡ︾᠂ ︽ᠬᠠᠩᠳᠠᠭᠤᠳ ᠤᠰᠤᠨᠪᠤᠳᠤᠭ ᠤᠨ ᠲᠤᠭᠤᠵᠢ ᠶᠢᠨ ᠰᠤᠩᠭᠤᠮᠠᠯ︾᠂ ︽ᠤᠰᠤᠨ ᠪᠤᠳᠤᠭ ᠤᠨ ᠵᠢᠷᠤᠭ︾᠂ ︽ᠬᠠᠷ᠎ᠠ ᠭᠠᠯ︾ ᠁ ᠵᠡᠷᠬᠡ ᠦᠬᠦᠯᠡᠯᠬᠡ ᠲᠤᠭᠤᠵᠢ ᠨᠠᠶᠢᠷᠠᠭᠤᠯᠤᠯ ᠤᠨ ᠲᠡᠬᠦᠪᠦᠷᠢ ᠪᠠᠨ ᠬᠡᠪᠯᠡᠬᠦᠯᠵᠤ᠂ ᠡᠳᠡᠭᠡᠷ ᠪᠦᠳᠦᠬᠡᠯ ᠤᠳ ᠢᠶᠠᠷ ᠢᠶᠠᠨ ᠮᠤᠩᠭᠤᠯ ᠤᠷᠠᠨ ᠵᠤᠬᠢᠶᠠᠯ ᠤᠨ ᠲᠠᠪᠴᠠᠩ ᠳᠤ ᠦᠪᠡᠷ ᠤᠨ ᠨᠡᠷ᠎ᠡ ᠪᠠᠨ ᠲᠡᠮᠳᠡᠭᠯᠡᠬᠦᠯᠦᠭᠰᠡᠨ ᠪᠦᠬᠡᠳ ︽ᠪᠤᠷᠵᠢᠬᠢᠨ︾ ᠱᠠᠩᠨᠠᠯ᠂ ︽ᠰᠤᠯᠤᠩᠭ᠎ᠠ︾ ᠱᠠᠩᠨᠠᠯ᠂ ︽ᠲᠠᠪᠤᠨ ᠨᠢᠬᠡ ᠶᠢᠨ ᠢᠨᠵᠧᠨᠧᠷᠢᠩ︾ ᠤᠨ ᠱᠠᠩᠨᠠᠯ ᠵᠡᠷᠬᠡ ᠤᠯᠠᠨ ᠢᠷᠠᠭᠤ ᠠᠯᠳᠠᠷ ᠢ ᠬᠦᠷᠳᠡᠵᠤ ᠶᠠᠪᠤᠵᠠᠢ᠃
  ᠰᠤᠷᠪᠤᠯᠵᠢᠯᠠᠬᠴᠢ᠄ ᠲᠡᠬᠡᠪᠡᠯ᠂ ᠨᠠᠶᠢᠮᠠᠨ ᠬᠤᠰᠢᠭᠤ ᠨᠢ ᠤᠷᠤᠨ ᠨᠤᠳᠤᠭ ᠤᠨ ᠤᠷᠠᠨ ᠵᠤᠬᠢᠶᠠᠯ ᠢᠶᠠᠨ ᠬᠦᠭᠵᠢᠬᠦᠯᠵᠤ᠂ ᠤᠷᠠᠨ ᠪᠦᠳᠦᠬᠡᠯᠴᠢᠳ ᠤᠨ ᠡᠩᠨᠡᠭᠡ ᠪᠠᠨ ᠬᠦᠴᠦᠷᠬᠡᠭᠵᠢᠬᠦᠯᠬᠦ ᠲᠠᠯ᠎ᠠ ᠪᠠᠷ ᠶᠠᠮᠠᠷ ᠶᠠᠮᠠᠷ ᠪᠤᠳᠠᠳᠠᠢ ᠠᠵᠢᠯ ᠢ ᠬᠢᠵᠤ ᠢᠷᠡᠭᠰᠡᠨ ᠪᠤᠢ︖
   ᠬᠠᠩᠳᠠᠭᠤᠳ ᠤᠰᠤᠨᠪᠤᠳᠤᠭ᠄ ᠪᠢᠳᠠ ᠵᠤᠬᠢᠶᠠᠬᠴᠢᠳ ᠤᠨ ᠡᠩᠨᠡᠭᠡ ᠶᠢ ᠪᠤᠵᠠᠭᠠᠶᠢᠷᠠᠭᠤᠯᠵᠤ᠂ ᠵᠤᠬᠢᠶᠠᠯ ᠪᠦᠳᠦᠬᠡᠯ ᠤᠨ ᠶᠠᠰᠦ ᠴᠢᠨᠡᠷ ᠢ ᠲᠡᠬᠡᠭᠰᠢᠯᠡᠬᠦᠯᠬᠦ ᠶᠢᠨ ᠲᠦᠯᠦᠬᠡ ᠵᠢᠯ ᠪᠦᠷᠢ ᠤᠷᠠᠨ ᠵᠤᠬᠢᠶᠠᠯ ᠤᠨ ᠪᠤᠯᠪᠠᠰᠤᠷᠠᠯ ᠤᠨ ᠠᠩᠬᠢ ᠡᠷᠬᠢᠯᠡᠬᠦ ᠠᠵᠢᠯ ᠢ ᠤᠯᠠᠨ ᠵᠢᠯ ᠤᠨ ᠲᠤᠷᠰᠢ ᠪᠠᠷᠢᠮᠳᠠᠯᠠᠬᠰᠠᠭᠠᠷ ᠢᠷᠡᠯ᠎ᠡ᠃ ᠡᠬᠦᠨ ᠳᠤ᠂ ᠬᠤᠰᠢᠭᠤᠨ ᠤ ᠤᠷᠠᠨ ᠵᠤᠬᠢᠶᠠᠯ ᠳᠤ ᠪᠠᠭ᠋ᠠᠳᠠᠢ ᠵᠠᠯᠠᠭᠤᠴᠤᠳ ᠢ ᠴᠤᠬᠯᠠᠭᠤᠯᠵᠤ᠂ ᠤᠷᠤᠨ ᠤ ᠲᠤᠳᠤᠷᠠᠬᠢ ᠨᠠᠷᠡᠳᠤ ᠤᠷᠠᠨ ᠪᠦᠳᠦᠬᠡᠯᠴᠢᠳ ᠢ ᠤᠷᠢᠵᠤ᠂ ᠦᠬᠡ ᠦᠬᠦᠯᠡᠪᠦᠷᠢ ᠶᠢᠨ ᠵᠦᠪ ᠪᠢᠴᠢᠯᠬᠡ ᠠᠴᠠ ᠠᠪᠤᠭᠠᠳ ᠵᠤᠬᠢᠶᠠᠨ ᠪᠦᠳᠦᠬᠡᠬᠦ ᠲᠤᠬᠠᠢ ᠦᠨᠳᠦᠰᠦᠨ ᠵᠦᠢᠯ᠂ ᠵᠤᠬᠢᠶᠠᠨ ᠪᠦᠳᠦᠬᠡᠬᠦ ᠤᠷ᠎ᠠ ᠴᠢᠳᠠᠪᠦᠷᠢ ᠵᠡᠷᠬᠡ ᠤᠯᠠᠨ ᠲᠠᠯ᠎ᠠ ᠪᠠᠷ ᠬᠢᠴᠢᠶᠠᠯ ᠤᠷᠤᠭᠤᠯᠤᠬᠰᠠᠨ ᠢᠶᠠᠷ ᠵᠠᠯᠠᠭᠤ ᠵᠤᠬᠢᠶᠠᠨ ᠪᠦᠳᠦᠬᠡᠭᠴᠢᠳ ᠲᠤᠩ ᠶᠡᠭᠡ ᠤᠯᠤᠯᠳᠠ ᠲᠠᠢ ᠪᠠᠶᠢᠢᠨ᠎ᠠ᠃ ᠪᠠᠰᠠ ᠨᠢᠬᠡᠨ ᠲᠤᠷᠠᠳᠤᠭᠤᠰᠢᠳᠠᠢ᠂ ᠪᠢᠳᠡ 2010 ᠤᠨ ᠠᠴᠠ ᠡᠬᠢᠯᠡᠨ ︽︿ᠪᠦᠬᠡᠬᠡᠰᠢᠭ﹀ ᠨᠠᠷᠠᠮᠵᠢᠳᠤ ᠢᠷᠠᠭᠤ ᠨᠠᠶᠢᠷᠠᠭ ᠤᠨ ᠱᠠᠩᠨᠠᠯᠳᠤ ᠤᠷᠤᠯᠳᠤᠭᠠᠨ︾ ᠢ ᠲᠤᠬᠳᠠᠮᠠᠯ ᠪᠤᠰᠤ ᠬᠤᠭᠤᠴᠠᠭ᠎ᠠ ᠲᠠᠢ ᠪᠠᠷ ᠡᠷᠬᠢᠯᠡᠨ ᠶᠠᠪᠤᠬᠳᠠᠭᠤᠯᠵᠤ᠂ ᠤᠳᠤᠬᠠᠨ ᠪᠤᠯᠳᠠᠯ᠎ᠠ ᠨᠠᠶᠢᠢᠳᠠ ᠨᠠᠶᠢᠮᠠᠨ ᠬᠤᠭᠤᠴᠠᠭ᠎ᠠ ᠡᠷᠬᠢᠯᠡᠵᠤ᠂ ᠨᠠᠶᠢᠮᠠᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠨᠡᠯᠢᠶᠠᠳ ᠨᠡᠷ᠎ᠡ ᠨᠦᠯᠦᠬᠡ ᠲᠠᠢ ︽ᠲᠦᠷᠦᠯ ᠲᠡᠮᠳᠡᠭ︾ ᠪᠤᠯᠤᠬᠰᠠᠨ ᠪᠠᠶᠢᠢᠨ᠎ᠠ᠃ ᠡᠶᠢᠢᠮᠦᠷᠬᠦᠦ ᠤᠷᠤᠯᠳᠤᠭᠠᠨ ᠦᠷᠢᠰᠦᠯᠳᠦᠬᠡᠨ ᠨᠢ ᠤᠷᠠᠨ ᠵᠤᠬᠢᠶᠠᠯ ᠳᠤ ᠲᠤᠷ᠎ᠠ ᠪᠠᠭ᠋ᠠᠳᠠᠢ ᠲᠡᠳᠡᠬᠡᠷ ᠵᠠᠯᠠᠭᠤ ᠨᠢᠬᠡ ᠦᠶ᠎ᠠ ᠶᠢᠨ ᠬᠢᠨ ᠤ ᠤᠷᠮ᠎ᠠ ᠵᠤᠷᠢᠭ ᠢ ᠭᠦᠭᠵᠢᠬᠡᠵᠤ᠂ ᠤᠷᠤᠨ ᠨᠤᠳᠤᠭ ᠤᠨ ᠤᠷᠠᠨ ᠵᠤᠬᠢᠶᠠᠯ ᠤᠨ ᠬᠦᠭᠵᠢᠯᠳᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠳᠤ ᠴᠦᠮ ᠢᠳᠡᠪᠬᠢᠳᠡᠢ ᠠᠭᠢᠭᠤᠯᠬᠤ ᠦᠢᠯᠡᠳᠦᠯ ᠦᠵᠡᠬᠦᠯᠬᠦ ᠪᠤᠯᠤᠨ᠎ᠠ︕ ᠵᠣᠬᠢᠶᠠᠭᠴᠢ᠄  ᠰᠢᠦ ᠬᠤᠸᠠ



  
     
     