 

ᠮᠤᠩᠭᠤᠯ ᠡᠷᠳᠡᠨ ᠤ ᠰᠤᠷᠪᠤᠯᠵᠢ ᠪᠢᠴᠢᠭ ᠤᠨ ︽ᠲᠠᠬᠢᠨ ᠠᠮᠢᠯᠠᠬᠰᠠᠨ︾ ᠲᠡᠮᠳᠡᠭᠯᠡᠯ

2018-06-22 15:34
  192
  0

     ᠲᠡᠭᠡᠷ᠎ᠠ ᠵᠠᠭᠤᠨ ᠤ ᠨᠠᠶᠠᠭᠠᠳ ᠤᠨ ᠠᠴᠠ ᠡᠬᠢᠯᠡᠨ ᠮᠠᠨ ᠤ ᠤᠷᠤᠨ ᠤᠷᠢᠳ ᠬᠤᠵᠢᠳ ︽ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠢ ᠠᠪᠤᠷᠠᠨ ᠬᠠᠮᠠᠭᠠᠯᠠᠬᠤ ᠵᠢᠷᠭᠤᠭᠠᠨ ᠲᠠᠪᠤᠨ ᠵᠢᠯ︾᠎ ᠤᠨ ᠲᠦᠯᠦᠪᠯᠡᠭᠡ ᠶᠢ ᠲᠤᠬᠳᠠᠭᠠᠨ ᠬᠡᠷᠡᠭᠵᠢᠭᠦᠯᠵᠤ᠂ ᠤᠳᠤ ᠪᠤᠯᠳᠠᠯ᠎ᠠ ︽ᠮᠤᠩᠭᠤᠯ ᠲᠤᠯᠭᠤᠷ ᠪᠢᠴᠢᠭ ᠤᠨ ᠴᠤᠪᠤᠷᠡᠯ︾᠎ ᠤᠨ ᠬᠡᠯᠪᠡᠷᠢ ᠪᠠᠷ ᠮᠤᠩᠭᠤᠯ ᠡᠷᠳᠡᠨ ᠤ ᠰᠤᠷᠪᠤᠯᠵᠢ ᠪᠢᠴᠢᠭ ᠢ 160 ᠭᠠᠷᠤᠢ ᠲᠦᠷᠦᠯ ᠡᠮᠬᠢᠳᠬᠡᠵᠦ ᠨᠠᠶᠢᠷᠠᠭᠤᠯᠤᠨ ᠬᠡᠪᠯᠡᠬᠦᠯᠦᠭᠡᠳ ᠮᠤᠩᠭᠤᠯ ᠰᠤᠶᠤᠯ ᠤᠨ ᠬᠦᠮᠦᠷᠭᠡ ᠳᠤ ᠨᠠᠮᠠᠷᠢ ᠬᠠᠨᠳᠢᠪ ᠪᠤᠯᠵᠦ᠂ ᠮᠤᠩᠭᠤᠯ ᠰᠤᠳᠤᠯᠤᠯ ᠳᠤ ᠨᠠᠩ ᠤᠯᠡᠨ ᠦᠨ᠎ᠠ ᠴᠠᠨ᠎ᠠ ᠲᠠᠢ ᠮᠠᠲ᠋ᠧᠷᠢᠶᠠᠯ ᠢ ᠬᠠᠨᠭ᠍ᠭᠠᠵᠦ ᠦᠭᠬᠦᠭᠰᠡᠨ ᠪᠠᠶᠢᠨ᠎ᠠ᠃ ᠡᠯ᠎ᠠ ᠠᠶᠢᠮᠠᠬ ᠬᠤᠳᠠ ᠴᠤ ᠠᠵᠢᠯ ᠤᠨ ᠭᠤᠤᠯᠳᠠᠯᠭ᠎ᠠ ᠪᠠᠨ ᠦᠨᠳᠤᠰᠤᠨ ᠱᠠᠳᠤᠨ ᠳᠤ ᠰᠢᠯᠵᠢᠬᠦᠯᠤᠨ ᠠᠮᠠᠨ ᠤᠯᠠᠮᠵᠢᠯᠠᠯ ᠢ ᠠᠪᠤᠷᠠᠨ ᠬᠠᠮᠠᠭᠠᠯᠠᠬᠤ᠂ ᠡᠮᠬᠢᠳᠭᠡᠨ ᠴᠤᠬᠯᠠᠭᠤᠯᠵᠦ᠂ ᠬᠡᠪᠯᠡᠬᠦᠯᠬᠦ ᠠᠵᠢᠯ ᠢ ᠭᠠᠷᠳᠠᠨ ᠬᠢᠭᠰᠡᠨ ᠠᠴᠠ ︽ᠤᠷᠳᠤᠰ ᠤᠨ ᠡᠷᠳᠡᠨ ᠤ ᠰᠤᠷᠪᠤᠯᠵᠢ ᠪᠢᠴᠢᠭ ᠤᠨ ᠴᠤᠪᠤᠷᠡᠯ︾᠂ ︽ᠬᠤᠷᠴᠢᠨ ᠰᠤᠶᠤᠯ ᠤᠨ ᠴᠤᠪᠤᠷᠡᠯ ᠪᠢᠴᠢᠭ︾᠂ ︽ᠠᠯᠠᠱᠠ ᠬᠤᠱᠤᠳ ᠬᠤᠰᠢᠭᠤᠨ ᠤ ᠮᠤᠩᠭᠤᠯ ᠲᠠᠩᠰᠡ ᠡᠪᠬᠡᠮᠡᠯ︾ ᠵᠡᠷᠭᠡ ᠦᠨᠳᠤᠰᠤᠳᠡᠨ ᠤ ᠲᠡᠤᠭᠡ ᠰᠤᠶᠤᠯ ᠲᠠᠢ ᠬᠤᠯᠪᠤᠬᠳᠠᠬᠤ ᠤᠷᠤᠨ ᠨᠤᠳᠤᠭ ᠤᠨ ᠰᠤᠷᠪᠤᠯᠵᠢ ᠪᠢᠴᠢᠭ ᠤᠨ ᠰᠢᠷᠢᠰ ᠪᠦᠳᠦᠭᠡᠯ ᠦᠷᠬᠦᠯᠵᠢᠯᠡᠨ ᠬᠡᠪᠯᠡᠭᠳᠡᠨ᠂ ᠬᠦᠮᠦᠨ ᠠᠷᠡᠳ ᠤᠨ ᠰᠤᠶᠤᠯ ᠤᠨ ᠬᠦᠷᠳᠡᠭᠡᠯ ᠪᠤᠯᠤᠬᠰᠠᠭᠠᠷ ᠪᠠᠶᠢᠨ᠎ᠠ᠃ ᠤᠨᠴᠠᠭᠠᠢᠢᠯᠠᠨ᠂ ︽ᠭᠠᠨᠵᠤᠤᠷ︾᠂ ︽ᠳ᠋ᠠᠨᠵᠤᠤᠷ︾ ᠵᠡᠷᠭᠡ ᠨᠢᠭᠡ ᠪᠦᠯᠦᠭ ᠬᠤᠪᠤᠷ ᠴᠤᠬᠠᠭ ᠰᠤᠷᠪᠤᠯᠵᠢ ᠪᠢᠴᠢᠭ ᠪᠤᠯᠤᠨ ᠲᠠᠩᠰᠡ ᠡᠪᠬᠡᠮᠡᠯ ᠢ ᠹᠦ᠋ᠲ᠋ᠣ᠋ ᠬᠡᠪᠯᠡᠯ ᠢᠶᠠᠷ ᠰᠢᠷᠪᠢᠨ ᠬᠡᠪᠯᠡᠬᠦᠯᠬᠦ ᠪᠠ ︽ᠲᠤᠮᠳᠡᠳᠦ ᠤᠯᠤᠰ ᠤᠨ ᠡᠷᠳᠡᠨ ᠤ ᠮᠤᠩᠭᠤᠯ ᠨᠤᠮ ᠪᠢᠴᠢᠭ ᠤᠨ ᠶᠡᠷᠦᠩᠬᠡᠢ ᠭᠠᠷᠴᠠᠭ︾᠂ ︽ᠲᠤᠮᠳᠡᠳᠦ ᠤᠯᠤᠰ ᠤᠨ ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠨᠤᠮ ᠪᠢᠴᠢᠭ ᠤᠨ ᠲᠤᠪᠴᠢᠳᠦ ᠶᠡᠷᠦᠩᠬᠡᠢ ᠭᠠᠷᠴᠠᠭ︾ ︵ᠮᠤᠩᠭᠤᠯ ᠦᠨᠳᠤᠰᠤᠳᠡᠨ ᠤ ᠪᠤᠳᠢ︶ ᠵᠡᠷᠭᠡ ᠭᠠᠷ ᠠᠪᠤᠯᠭ᠎ᠠ ᠶᠢᠨ ᠮᠠᠲ᠋ᠧᠷᠢᠶᠠᠯ ᠤᠳ ᠢ ᠬᠡᠪᠯᠡᠬᠦᠯᠦᠭᠰᠡᠨ ᠠᠴᠠ ᠮᠤᠩᠭᠤᠯ ᠡᠷᠳᠡᠨ ᠤ ᠰᠤᠷᠪᠤᠯᠵᠢ ᠪᠢᠴᠢᠭ ᠰᠠᠩ ᠬᠠᠳᠠᠭᠠᠯᠠᠮᠵᠢ ᠶᠢᠨ ᠬᠦᠨ ᠤᠷᠳᠤᠨ ᠠᠴᠠ ᠭᠠᠷᠴᠦ ᠢᠷᠡᠨ ᠰᠠᠶ᠎ᠠ ᠲᠦᠮᠠᠨ ᠤ ᠬᠠᠷᠠᠭ᠎ᠠ ᠰᠤᠨᠤᠷ ᠢ ᠮᠢᠯᠢᠶᠠᠨ᠂ ᠠᠷᠡᠳ ᠲᠦᠮᠠᠨᠴᠢᠯᠠᠬᠦ ᠠᠬᠢᠴᠠ ᠶᠢ ᠲᠦᠷᠭᠡᠳᠭᠡᠭᠰᠡᠨ ᠶᠤᠮ᠃ ᠡᠬᠦᠨ ᠳᠤ᠂ ︽ᠲᠤᠮᠳᠡᠳᠦ ᠤᠯᠤᠰ ᠤᠨ ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠨᠤᠮ ᠪᠢᠴᠢᠭ ᠤᠨ ᠲᠤᠪᠴᠢᠳᠦ ᠶᠡᠷᠦᠩᠬᠡᠢ ᠭᠠᠷᠴᠠᠭ︾ ︵ᠮᠤᠩᠭᠤᠯ ᠦᠨᠳᠤᠰᠤᠳᠡᠨ ᠤ ᠪᠤᠳᠢ︶ ᠎ ᠲᠤ ᠰᠤᠷᠪᠤᠯᠵᠢ ᠪᠢᠴᠢᠭ᠂ ᠰᠠᠶᠢᠯᠤᠮᠠᠯ ᠪᠢᠴᠢᠭᠡᠰᠦ᠂ ᠲᠠᠩᠰᠠ ᠡᠪᠬᠡᠮᠡᠯ ᠪᠤᠯᠤᠨ ᠲᠠᠭᠤᠯᠠᠬᠤᠢ ᠵᠡᠷᠭᠡ ᠲᠦᠷᠪᠡᠨ ᠪᠦᠯᠦᠭ ᠢᠶᠠᠷ 4000 ᠭᠠᠷᠤᠢ ᠲᠦᠷᠦᠯ ᠤᠨ ᠡᠷᠳᠡᠨ ᠤ ᠮᠤᠩᠭᠤᠯ ᠰᠤᠷᠪᠤᠯᠵᠢ ᠪᠢᠴᠢᠭ ᠤᠨ ᠭᠠᠷᠴᠠᠭ ᠢ ᠪᠠᠭᠳᠠᠭᠠᠨ ᠲᠡᠮᠳᠡᠭᠯᠡᠭᠰᠡᠨ ᠪᠠᠶᠢᠳᠠᠭ᠃
     ᠬᠤᠯᠪᠤᠬᠳᠠᠯ ᠪᠦᠬᠦᠢ ᠪᠦᠷᠢᠳᠭᠡᠯ ᠢ ᠦᠨᠳᠤᠰᠤᠯᠠᠪᠠᠯ᠂ ᠤᠯᠤᠰ ᠤᠨ ᠲᠤᠳᠤᠭᠠᠳᠦ ᠳᠤ 1.7 ᠲᠦᠮᠡ ᠭᠠᠷᠤᠢ ᠲᠦᠷᠦᠯ ᠤᠨ ᠮᠤᠩᠭᠤᠯ ᠡᠷᠳᠡᠨ ᠤ ᠰᠤᠷᠪᠤᠯᠵᠢ ᠪᠢᠴᠢᠭ ᠬᠠᠳᠠᠭᠠᠯᠠᠭᠳᠠᠵᠦ ᠪᠠᠶᠢᠭ᠎ᠠ ᠪᠦᠭᠡᠳ ᠮᠤᠩᠭᠤᠯ ᠪᠢᠴᠢᠮᠠᠯ ᠲᠠᠩᠰᠠ 20 ᠲᠦᠮᠡᠨ ᠪᠤᠳᠢ 120 ᠲᠦᠮᠠᠨ ᠡᠪᠬᠡᠮᠡᠯ ᠪᠠᠶᠢᠵᠦ᠂ ᠬᠦᠰᠢᠶ᠎ᠠ ᠲᠤᠷᠡᠰᠬᠠᠯ᠂ ᠬᠠᠳᠠᠨ ᠪᠢᠴᠢᠭᠡᠰᠦ ᠵᠢᠴᠢ ᠡᠯᠪᠡᠭ ᠲᠡᠯᠪᠡᠭ ᠠᠷᠡᠳ ᠤᠨ ᠠᠮᠠᠨ ᠤᠯᠠᠮᠵᠢᠯᠠᠯ ᠤᠨ ᠡᠬᠢ ᠪᠠᠶᠠᠯᠢᠭ ᠲᠠᠢ᠃ ᠡᠬᠦᠨ ᠤ ᠲᠤᠳᠤᠷ᠎ᠠ ᠠᠴᠠ᠂ ᠶᠤᠸᠡᠨ ᠤᠯᠤᠰ ᠎ ᠤᠨ ᠪᠤᠯᠤᠲᠠᠮᠤᠷ ᠤᠨ ᠤᠷᠴᠢᠭᠤᠯᠤᠬᠰᠡᠨ ︽ ᠠᠴᠢᠯᠠᠯᠳᠦ ᠨᠤᠮ ︾᠂ 1720 ᠤᠨ ᠤ ᠪᠡᠭᠡᠵᠢᠩ ᠮᠤᠳᠤᠨ ᠪᠠᠷ ᠤᠨ ︽ᠭᠠᠨᠵᠤᠤᠷ︾᠂ 1716 ᠤᠨ ᠤ ᠪᠡᠭᠡᠵᠢᠩ ᠪᠠᠷ ᠤᠨ ︽ᠬᠡᠰᠡᠷ︾᠂ ᠲᠡᠭᠷᠢ ᠲᠡᠳᠭᠦᠭᠴᠢ ᠶᠢᠨ ᠰᠠᠶᠢᠯᠤᠮᠠᠯ ᠪᠠᠷ ᠤᠨ ︽ᠮᠢᠯᠠᠷᠡᠪᠡ ᠶᠢᠨ ᠨᠠᠮᠳᠡᠷ︾ ᠵᠡᠷᠭᠡ 89 ᠪᠤᠳᠢ ᠮᠤᠩᠭᠤᠯ ᠡᠷᠳᠡᠨ ᠤ ᠰᠤᠷᠪᠤᠯᠵᠢ ᠪᠢᠴᠢᠭ ︽ᠪᠦᠬᠦ ᠤᠯᠤᠰ ᠤᠨ ᠬᠤᠪᠤᠷ ᠴᠤᠬᠠᠭ ᠡᠷᠳᠡᠨ ᠤ ᠰᠤᠷᠪᠤᠯᠵᠢ ᠪᠢᠴᠢᠭ ᠤᠨ ᠪᠦᠷᠢᠳᠭᠡᠯ︾᠎ ᠳᠤ ᠪᠦᠷᠢᠳᠭᠡᠭᠳᠡᠵᠡᠢ᠃  ᠴᠦᠬᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠤᠨ ᠬᠠᠮᠠᠭᠠᠯᠠᠯᠳᠠ ᠶᠢᠨ ᠠᠵᠢᠯ ᠨᠡᠶᠢᠭᠡᠮ ᠤᠨ ᠬᠦᠭᠵᠢᠯᠳᠠ ᠶᠢ ᠲᠠᠭᠠᠯᠳᠤᠨ ᠬᠤᠪᠢᠷᠡᠳᠠᠭ᠃ ᠲᠡᠬᠦᠨ ᠳᠤ ᠡᠷᠳᠡᠨ ᠤ ᠰᠤᠷᠪᠤᠯᠵᠢ ᠪᠢᠴᠢᠭ ᠢ ᠨᠡᠶᠢᠳᠡᠮ ᠪᠠᠶᠢᠴᠠᠭᠠᠬᠤ᠂ ᠡᠮᠬᠢᠳᠭᠡᠨ ᠴᠤᠬᠯᠠᠭᠤᠯᠬᠤ ᠵᠢᠴᠢ ᠲᠤᠰᠬᠠᠢ ᠰᠡᠳᠤᠪ ᠢᠶᠠᠷ ᠰᠤᠳᠤᠯᠬᠤ ᠠᠴᠠ ᠭᠠᠳᠠᠨ᠎ᠠ᠂ ᠰᠢᠨ᠎ᠠ ᠴᠠᠭ ᠦᠶ᠎ᠠ ᠳᠠᠬᠢ ᠠᠷᠡᠳ ᠤᠯᠠᠨ ᠤ ᠤᠶᠤᠨ ᠰᠠᠨᠠᠭᠠᠨ ᠤ ᠬᠡᠷᠡᠭᠴᠡᠭᠡ ᠱᠠᠭᠠᠷᠳᠠᠯᠭ᠎ᠠ ᠲᠠᠢ ᠨᠠᠶᠢᠴᠡᠬᠦᠯᠬᠦ ᠰᠢᠨ᠎ᠠ ᠡᠬᠦᠷᠭᠡ ᠲᠠᠢ ᠶᠤᠮ᠃ ᠡᠨᠡ ᠲᠤᠬᠠᠢ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠪᠤᠯᠤᠨ ︽ᠬᠡᠰᠡᠷ︾᠎ ᠢ ᠴᠤᠬᠯᠠᠭᠤᠯᠤᠨ ᠡᠮᠬᠢᠳᠭᠡᠵᠦ ᠰᠤᠳᠤᠯᠬᠤ ᠭᠠᠵᠡᠷ ᠤᠨ ᠲᠠᠷᠤᠭ᠎ᠠ ᠰᠤᠶᠤᠯᠳᠦ ᠭᠤᠸᠡᠢ᠄ ︽ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠢ ᠬᠠᠮᠠᠭᠠᠯᠠᠬᠤ ᠪᠠᠷ ᠤᠷᠢᠳᠠᠯ ᠪᠤᠯᠭᠠᠬᠰᠡᠨ ᠤ ᠰᠠᠭᠤᠷᠢᠨ ᠲᠡᠭᠡᠷ᠎ᠠ᠂ ᠤᠯᠠᠨ ᠲᠠᠯ᠎ᠠ ᠶᠢᠨ ᠴᠢᠳᠡᠪᠦᠷᠢᠳᠡᠨ ᠢ ᠬᠦᠮᠦᠵᠢᠬᠦᠯᠬᠦ᠂ ᠰᠢᠨᠵᠢᠯᠡᠭᠡᠨ ᠤ ᠰᠠᠯᠠᠭ᠎ᠠ ᠶᠢ ᠴᠤᠬᠴᠠᠯᠠᠬᠤ᠂ ᠠᠷᠡᠳ ᠤᠯᠡᠨ ᠤ ᠡᠷᠳᠡᠨ ᠤ ᠰᠤᠷᠪᠤᠯᠵᠢ ᠪᠢᠴᠢᠭ ᠢ ᠬᠠᠮᠠᠭᠠᠯᠠᠬᠤ ᠤᠬᠠᠮᠰᠡᠷ ᠢ ᠲᠡᠭᠡᠭᠰᠢᠯᠡᠬᠦᠯᠬᠦ ᠵᠡᠷᠭᠡ ᠰᠢᠷᠢᠰ ᠠᠵᠢᠯ ᠱᠠᠭᠠᠷᠳᠠᠭᠳᠠᠵᠦ ᠪᠠᠶᠢᠨ᠎ᠠ︾ ᠬᠡᠵᠦ ᠬᠡᠯᠡᠯ᠎ᠠ᠃ ᠪᠦᠷᠢᠳᠭᠡᠯ ᠢ ᠦᠨᠳᠤᠰᠤᠯᠠᠪᠠᠯ᠂ ᠤᠷᠤᠰ᠂ ᠳ᠋ᠠᠨᠮᠠᠷᠺ᠂ ᠰᠸᠧᠳᠧᠨ᠂ ᠶᠠᠫᠦᠨ᠂ ᠠᠮᠧᠷᠢᠺᠠ ᠵᠡᠷᠭᠡ ᠲᠡᠯᠡᠬᠡᠢ ᠶᠢᠨ 20 ᠭᠠᠷᠤᠢ ᠤᠯᠤᠰ ᠤᠷᠤᠨ ᠤ 40 ᠰᠢᠬᠠᠮ ᠭᠠᠵᠡᠷ ᠤᠨ ᠨᠤᠮ ᠤᠨ ᠰᠠᠩ ᠪᠤᠶᠤ ᠬᠠᠳᠠᠭᠠᠯᠠᠮᠵᠢ ᠶᠢᠨ ᠪᠠᠶᠢᠭᠤᠯᠤᠯᠭ᠎ᠠ ᠳᠤ 2.5 ᠲᠦᠮᠡᠨ ᠲᠦᠷᠤᠯ ᠤᠨ ᠡᠷᠳᠡᠨ ᠤ ᠮᠤᠩᠭᠤᠯ ᠰᠤᠷᠪᠤᠯᠵᠢ ᠪᠢᠴᠢᠭ ᠬᠠᠳᠠᠭᠠᠯᠠᠬᠳᠠᠵᠦ ᠪᠠᠶᠢᠨ᠎ᠠ᠃ ᠪᠠᠶᠠᠷᠯᠠᠭᠤᠰᠢᠳᠠᠢ ᠨᠢ᠂ ᠡᠳᠡᠭᠡᠷ ᠤᠯᠤᠰ ᠤᠳ ᠤᠨ ᠮᠤᠩᠭᠤᠯᠴᠢ ᠡᠷᠳᠡᠮᠳᠡᠳ ᠪᠤᠶᠤ ᠬᠤᠷᠢᠶᠠᠨ ᠬᠠᠳᠠᠭᠠᠯᠠᠬᠤ ᠪᠠᠶᠢᠭᠤᠯᠤᠯᠭ᠎ᠠ ᠨᠤᠭᠤᠳ ᠰᠢᠨ᠎ᠠ ᠰᠤᠨᠢᠷᠬᠠᠯᠳᠠᠢ ᠰᠡᠳᠤᠪ ᠢᠶᠠᠷ ᠮᠤᠩᠭᠤᠯ ᠰᠤᠳᠤᠯᠤᠯ ᠤᠨ ᠠᠵᠢᠯᠯᠠᠭ᠎ᠠ ᠦᠷᠨᠢᠬᠦᠯᠬᠦ᠂ ᠡᠷᠳᠡᠨ ᠤ ᠮᠤᠩᠭᠤᠯ ᠨᠤᠮ ᠪᠢᠴᠢᠭ ᠤᠨ ᠭᠠᠷᠴᠠᠭ ᠢ ᠡᠮᠬᠢᠳᠭᠡᠨ ᠬᠡᠪᠯᠡᠬᠦᠯᠬᠦ᠂ ᠬᠠᠳᠠᠭᠠᠯᠠᠨ ᠪᠦᠬᠦᠢ ᠡᠷᠳᠡᠨ ᠤ ᠮᠤᠩᠭᠤᠯ ᠰᠤᠷᠪᠤᠯᠵᠢ ᠪᠢᠴᠢᠭ ᠢ ᠦᠵᠡᠬᠦ᠂ ᠤᠡᠭᠰᠢᠬᠤ ᠶᠢ ᠵᠦᠪᠰᠢᠶᠡᠷᠡᠬᠦ ᠵᠡᠷᠭᠡ ᠰᠢᠷᠢᠰ ᠠᠵᠢᠯᠯᠠᠭ᠎ᠠ ᠬᠦᠭᠵᠢᠶᠠᠨ ᠲᠠᠢ ᠪᠤᠯᠵᠦ ᠪᠤᠢ᠃ ᠡᠬᠦᠨ ᠤ ᠵᠡᠷᠭᠡᠪᠡᠷ᠂ ᠤᠯᠤᠰ ᠤᠨ ᠭᠠᠳᠠᠭᠠᠳᠦ ᠳᠤ ᠬᠠᠳᠠᠭᠠᠯᠠᠵᠦ ᠪᠠᠶᠢᠭ᠎ᠠ ᠮᠤᠩᠭᠤᠯ ᠡᠷᠳᠡᠨ ᠤ ᠰᠤᠷᠪᠤᠯᠵᠢ ᠪᠢᠴᠢᠭ ᠤᠨ ᠦᠨᠳᠤᠰᠤᠨ ᠪᠠᠶᠢᠳᠠᠯ ᠢ ᠤᠢᠢᠯᠠᠭᠠᠬᠤ ᠵᠤᠷᠢᠯᠭ᠎ᠠ ᠪᠠᠷ᠂ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠪᠤᠯᠤᠨ ︽ᠬᠡᠰᠡᠷ︾᠎ ᠢ ᠴᠤᠬᠯᠠᠭᠤᠯᠤᠨ ᠡᠮᠬᠢᠳᠭᠡᠵᠦ ᠰᠤᠳᠤᠯᠬᠤ ᠭᠠᠵᠡᠷ ᠠᠴᠠ ︽ᠤᠯᠤᠰ ᠤᠨ ᠭᠠᠳᠠᠭᠠᠳᠦ ᠳᠤ ᠬᠠᠳᠠᠭᠠᠯᠠᠵᠦ ᠪᠦᠬᠦᠢ ᠮᠤᠩᠭᠤᠯ ᠡᠷᠳᠡᠨ ᠤ ᠨᠤᠮ ᠪᠢᠴᠢᠭ ᠤᠨ ᠬᠤᠯᠪᠤᠭᠠᠳᠦ ᠶᠡᠷᠦᠩᠬᠡᠢ ᠭᠠᠷᠴᠠᠭ︾᠎ ᠢ ᠡᠮᠬᠢᠳᠭᠡᠨ ᠨᠠᠶᠢᠷᠠᠭᠤᠯᠬᠤ ᠠᠵᠢᠯ ᠢᠶᠠᠨ ᠡᠬᠢᠯᠡᠬᠦᠯᠤᠭᠡᠳ ᠨᠠᠶᠢᠳᠠ 4 ᠪᠤᠳᠢ 600 ᠲᠦᠮᠠᠨ ᠦᠰᠦᠭ ᠲᠠᠢ᠂ ᠮᠤᠩᠭᠤᠯ ᠡᠷᠳᠡᠨ ᠤ ᠰᠤᠷᠪᠤᠯᠵᠢ ᠪᠢᠴᠢᠭ ᠤᠨ ᠭᠠᠷᠴᠠᠭ ᠢ ᠡᠮᠬᠢᠳᠭᠡᠨ ᠤᠷᠤᠭᠤᠯᠵᠦ᠂ 2019 ᠤᠨ ᠳᠤ ᠬᠡᠪᠯᠡᠬᠦᠯᠬᠦ ᠪᠠᠷ ᠪᠤᠢ᠃ 
      ᠤᠢᠢᠷ᠎ᠠ ᠳᠤ᠂ ︽ᠠᠯᠤᠰ ᠤᠨ ᠪᠠᠷ᠎ᠠ︾ ᠬᠡᠪᠯᠡᠯ ᠤᠨ ᠬᠤᠷᠢᠶ᠎ᠠ ᠠᠴᠠ 21 ᠲᠦᠷᠦᠯ ᠤᠨ 63 ᠪᠤᠳᠢ ︽ᠠᠮᠧᠷᠢᠺᠠ ᠶᠢᠨ ᠬᠠᠸᠠᠷᠳ᠋ ᠶᠡᠭᠡ ᠰᠤᠷᠭᠠᠭᠤᠯᠢ ᠶᠢᠨ ᠶᠡᠨ ᠵᠢᠩ ᠨᠤᠮ ᠤᠨ ᠰᠠᠩ ᠤᠨ ᠬᠠᠳᠠᠭᠠᠯᠠᠬᠰᠡᠨ ᠮᠤᠩᠭᠤᠯ ᠰᠤᠷᠪᠤᠯᠵᠢ ᠪᠢᠴᠢᠭ ᠤᠨ ᠡᠮᠬᠢᠳᠭᠡᠯ︾ ᠎ ᠢ ᠬᠡᠪᠯᠡᠬᠦᠯᠦᠭᠰᠡᠨ ᠪᠠᠶᠢᠨ᠎ᠠ᠃ ᠡᠬᠦᠨ ᠳᠤ᠂ ︽ᠴᠢᠩ ᠤᠯᠤᠰ ᠤᠨ ᠦᠶ᠎ᠠ ᠶᠢᠨ ᠮᠤᠩᠭᠤᠯ ᠰᠡᠩᠬᠡᠷᠡᠬᠦᠯᠬᠦ ᠤᠡᠭᠰᠢᠯᠭ᠎ᠠ ᠶᠢᠨ ᠪᠢᠴᠢᠭ ᠤᠨ ᠴᠤᠮᠤᠭ︾᠂ ︽ᠮᠤᠩᠭᠤᠯ ᠬᠡᠯᠡᠨ ᠤ ᠲᠦᠷᠦᠯ ᠠᠩᠬᠢᠯᠠᠬᠰᠡᠨ ᠲᠤᠯᠢ ᠪᠢᠴᠢᠭ︾᠂ ︽ᠲᠠᠴᠢᠩᠭ᠎ᠠ ᠶᠢᠨ ᠬᠠᠭᠤᠯᠪᠦᠷᠢᠯᠠᠬᠰᠡᠨ ᠡᠷᠳᠠᠨᠢ ᠶᠢᠨ ᠲᠤᠪᠴᠢ︾᠂ ︽ᠴᠢᠩ ᠤᠯᠤᠰ ᠤᠨ ᠦᠶ᠎ᠠ ᠶᠢᠨ ᠤᠯᠠᠨ ᠬᠡᠯᠡ ᠪᠠᠷ ᠬᠠᠪᠰᠤᠷᠭᠠᠬᠰᠡᠨ ᠠᠯᠪᠠᠨ ᠪᠢᠴᠢᠭ︾ ᠵᠡᠷᠭᠡ ᠪᠠᠭᠳᠠᠵᠦ ᠪᠤᠢ᠃ ᠡᠨᠡ ᠨᠢ ᠮᠠᠨ ᠤ ᠤᠷᠤᠨ᠂ ᠴᠢᠨᠠᠬᠰᠢᠯᠡᠨ ᠪᠦᠬᠦ ᠤᠯᠤᠰ ᠲᠤ ᠰᠢᠨ᠎ᠠ ᠵᠠᠭᠤᠨ ᠳᠤ ᠠᠩᠬᠠᠳᠠᠬᠴᠢ ᠤᠳᠠᠭ᠎ᠠ ᠦᠷᠭᠡᠨ ᠬᠡᠪᠴᠢᠶ᠎ᠠ ᠪᠦᠬᠦᠢ ᠨᠠᠯᠢᠶᠠᠳ ᠪᠦᠷᠢᠨ ᠪᠦᠳᠤᠨ ᠢᠶᠠᠷ ᠭᠠᠳᠠᠭᠠᠳᠦ ᠳᠤ ᠬᠠᠳᠠᠭᠠᠯᠠᠵᠦ ᠪᠠᠶᠢᠬᠰᠡᠨ ᠮᠤᠩᠭᠤᠯ ᠡᠷᠳᠡᠨ ᠤ ᠰᠤᠷᠪᠤᠯᠵᠢ ᠪᠢᠴᠢᠭ ᠢ ᠲᠤᠭᠠᠴᠢᠯᠠᠯᠳᠠ ᠶᠢᠨ ᠮᠡᠷᠭᠡᠵᠢᠯ ᠢᠶᠠᠷ ᠲᠠᠮᠵᠢᠭᠤᠯᠤᠨ ᠡᠬᠡᠬᠦᠯᠤᠨ ᠠᠪᠴᠢᠷᠡᠵᠦ᠂ ᠲᠡᠤᠭᠡ ᠶᠢᠨ ᠤᠷᠤᠰᠬᠠᠯ ᠳᠤ ᠡᠯᠡᠷᠡᠵᠦ ᠪᠠᠯᠠᠷᠡᠨ᠂ ᠲᠡᠯᠡᠬᠡᠢ ᠲᠤᠭᠤᠷᠢᠵᠤ ᠲᠦᠭᠡᠷᠢᠵᠦ ᠪᠤᠳᠠᠷᠠᠬᠰᠠᠨ ᠮᠤᠩᠭᠤᠯ ᠡᠷᠳᠡᠨ ᠤ ᠨᠤᠮ ᠪᠢᠴᠢᠭ ᠡᠭᠡ ᠤᠯᠤᠰ ᠲᠠᠭᠠᠨ ᠪᠤᠴᠠᠨ ᠢᠷᠡᠵᠤ ᠦᠨᠳᠤᠰᠤᠳᠡᠨ ᠤ ᠰᠤᠶᠤᠯ ᠤᠨ ᠰᠠᠩ ᠳᠤ ᠦᠩᠭᠡ ᠭᠢᠯᠪᠠᠭ᠎ᠠ ᠨᠡᠮᠡᠷᠢᠯᠡᠭᠰᠡᠨ ᠢ ᠬᠠᠷᠠᠭᠤᠯᠵᠤ ᠪᠠᠶᠢᠭ᠎ᠠ ᠪᠦᠭᠡᠳ ᠡᠨᠡ ᠨᠢ ᠲᠡᠯᠡᠬᠡᠢ ᠶᠢᠨ ᠮᠤᠩᠭᠤᠯ ᠰᠤᠳᠤᠯᠤᠯ ᠳᠤ ᠨᠢᠭᠡ ᠪᠦᠯᠦᠭ ᠰᠢᠨ᠎ᠠ ᠰᠤᠷᠪᠤᠯᠵᠢ ᠪᠢᠴᠢᠭ ᠤᠨ ᠮᠠᠲ᠋ᠧᠷᠢᠶᠠᠯ ᠬᠠᠨᠭ᠍ᠭᠠᠬᠤ ᠶᠢᠨ ᠬᠠᠮᠳᠤ᠂ ᠪᠤᠰᠤᠳ ᠬᠤᠯᠪᠤᠬᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢ ᠲᠡᠯᠡᠨ ᠦᠷᠭᠡᠵᠢᠬᠦᠯᠵᠦ᠂ ᠰᠤᠳᠤᠯᠭᠠᠨ ᠤ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ᠃ ᠴᠠᠭ ᠲᠦᠷᠦ ᠶᠢᠨ ᠰᠠᠶᠢᠵᠢᠷᠡᠯᠳᠠ ᠪᠠᠷ ᠲᠦᠷᠦ ᠶᠢᠨ ᠪᠤᠳᠤᠯᠭ᠎ᠠ᠂ ᠬᠠᠤᠯᠢ ᠲᠦᠷᠢᠮ ᠢ ᠬᠢᠨᠠᠮᠠᠭᠠᠢ ᠲᠤᠤᠱᠯᠠᠭᠤᠯᠵᠦ᠂ ᠮᠤᠩᠭᠤᠯ ᠡᠷᠳᠡᠨ ᠤ ᠰᠤᠷᠪᠤᠯᠵᠢ ᠪᠢᠴᠢᠭ ᠤᠨ ᠠᠵᠢᠯ ᠳᠤ ︽ᠬᠠᠮᠠᠭᠠᠯᠠᠬᠤ ᠪᠠᠷ ᠭᠤᠤᠯᠯᠠᠨ᠂ ᠠᠪᠤᠷᠠᠬᠤ ᠶᠢ ᠴᠢᠬᠤᠯᠡᠴᠢᠯᠡᠨ᠂ ᠵᠤᠬᠢᠰᠳᠠᠢ ᠠᠰᠢᠬᠯᠠᠨ᠂ ᠬᠠᠮᠢᠶᠠᠷᠤᠯᠳᠠ ᠪᠠᠨ ᠴᠢᠩᠭᠠᠳᠬᠠᠬᠤ︾ ᠴᠢᠭᠯᠡᠯᠳᠠ ᠬᠢᠭᠡᠳ ᠬᠠᠤᠯᠢ ᠶᠤᠰᠤᠭᠠᠷ ᠬᠠᠮᠠᠭᠠᠯᠠᠬᠤ ᠪᠤᠯᠤᠨ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠵᠡᠷᠴᠢᠮ ᠢ ᠲᠤᠤᠱᠳᠠᠢ ᠬᠡᠷᠡᠭᠵᠢᠭᠦᠯᠵᠤ᠂ ᠲᠦᠷᠦ ᠶᠢᠨ ᠪᠤᠳᠤᠯᠭ᠎ᠠ ᠪᠠ ᠪᠡᠯᠡ ᠮᠦᠡᠭᠭᠦ ᠶᠢᠨ ᠲᠠᠯ᠎ᠠ ᠪᠠᠷ ᠬᠦᠴᠦᠳᠠᠢ ᠲᠡᠳᠬᠦᠨ ᠲᠠᠮᠵᠢᠨ᠂ ᠮᠤᠩᠭᠤᠯ ᠡᠷᠳᠡᠨ ᠤ ᠰᠤᠷᠪᠤᠯᠵᠢ ᠪᠢᠴᠢᠭ ᠢ ᠹᠦ᠋ᠲ᠋ᠤᠴᠢᠯᠡᠨ ᠬᠡᠪᠯᠡᠬᠦ᠂ ᠲᠤᠭᠠᠴᠢᠯᠠᠭᠤᠯᠤᠨ ᠬᠠᠮᠠᠭᠠᠯᠠᠬᠤ᠂ ᠤᠷᠴᠢᠭᠤᠯᠬᠤ᠂ ᠰᠤᠳᠤᠯᠬᠤ ᠵᠡᠷᠭᠡ ᠠᠵᠢᠯ ᠢ ᠡᠷᠴᠢᠮᠳᠠᠢ ᠶᠠᠪᠤᠬᠳᠠᠭᠤᠯᠤᠬᠰᠡᠨ ᠠᠴᠠ ᠮᠤᠩᠭᠤᠯᠴᠤᠳ ᠤᠨ ᠡᠷᠳᠡᠨ ᠤ ᠰᠤᠷᠪᠤᠯᠵᠢ ᠪᠢᠴᠢᠭ ︽ᠶᠡᠭᠡ ᠠᠮᠢᠯᠠᠯ ᠤᠨ ᠦᠶ᠎ᠠ︾᠎ ᠪᠠᠨ ᠤᠬᠳᠤᠨ ᠠᠪᠤᠬᠰᠡᠨ ᠪᠠᠶᠢᠨ᠎ᠠ᠃ ︽ᠠᠯᠳᠠᠨ ᠲᠤᠪᠴᠢ ︾᠂ ︽ᠡᠷᠳᠠᠨᠢ ᠶᠢᠨ ᠲᠤᠪᠴᠢ ︾᠂ ︽ᠪᠤᠯᠤᠷ ᠡᠷᠢᠭᠡ︾ ᠵᠡᠷᠭᠡ ᠨᠢᠭᠡ ᠪᠦᠯᠦᠭ ᠦᠨᠡᠳᠦ ᠲᠡᠤᠬᠡᠨ ᠲᠤᠯᠭᠤᠷ ᠪᠢᠴᠢᠭ ᠢ ᠨᠢᠭᠡᠳᠤᠯᠳᠠᠢ ᠲᠦᠯᠦᠪᠵᠢᠬᠦᠯᠤᠨ᠂ ᠠᠯᠬᠤᠮ ᠱᠠᠳᠦ ᠬᠤᠪᠢᠶᠠᠨ ᠲᠡᠬᠢᠨ ᠬᠡᠪᠯᠡᠬᠦᠯᠬᠦ ᠠᠵᠢᠯ ᠢ ᠡᠬᠢᠯᠡᠬᠦᠯᠦᠭᠰᠡᠨ ᠠᠴᠠ ᠡᠷᠳᠡᠨ ᠤ ᠮᠤᠩᠭᠤᠯ ᠨᠤᠮ ᠰᠤᠷᠪᠤᠯᠵᠢ ᠪᠢᠴᠢᠭ ᠢ ᠡᠮᠬᠢᠳᠬᠡᠨ ᠴᠤᠬᠯᠠᠭᠤᠯᠬᠤ ᠵᠢᠴᠢ ᠬᠡᠪᠯᠡᠬᠦᠯᠬᠦ ᠠᠵᠢᠯ ᠰᠢᠨ᠎ᠠ ᠦᠷᠨᠢᠯᠳᠠ ᠭᠠᠷᠴᠠᠢ  ᠤᠳᠠᠭᠠᠨ ᠵᠢᠯ ᠤᠨ ᠲᠤᠷᠰᠢ᠂ ᠰᠠᠩ ᠬᠦᠮᠦᠷᠭᠡ ᠳᠤ ᠬᠠᠳᠠᠭᠠᠯᠠᠬᠳᠠᠵᠦ ᠪᠠᠶᠢᠬᠰᠡᠨ ᠮᠤᠩᠭᠤᠯ ᠲᠠᠩᠰᠡ ᠡᠪᠬᠡᠮᠡᠯ ᠢ ᠠᠯᠬᠤᠮ ᠲᠠᠷᠠᠭᠠᠯᠠᠯ ᠲᠠᠢ ᠪᠠᠷ ᠡᠮᠬᠢᠳᠭᠡᠨ ᠬᠡᠪᠯᠡᠬᠦᠯᠵᠦ᠂ ᠬᠦᠮᠤᠰ ᠲᠤ ᠤᠶᠤᠨ ᠤ ᠬᠦᠷᠳᠡᠬᠡᠯ᠂ ᠰᠤᠳᠤᠯᠭ᠎ᠠ ᠰᠢᠨᠵᠢᠯᠡᠭᠡᠨ ᠤ ᠰᠢᠨ᠎ᠠ ᠬᠠᠷᠠᠭᠠᠰᠦ ᠶᠢ ᠨᠡᠭᠡᠭᠡᠨ ᠦᠭᠬᠦᠯ᠎ᠠ  ᠡᠬᠦᠨ ᠠᠴᠠ ᠪᠤᠯᠵᠦ᠂ ᠮᠤᠩᠭᠤᠯ ᠡᠷᠳᠡᠨ ᠤ ᠰᠤᠷᠪᠤᠯᠵᠢ ᠪᠢᠴᠢᠭ ᠤᠨ ᠬᠤᠯᠪᠤᠬᠳᠠᠯ ᠪᠦᠬᠦᠢ ᠤᠨᠤᠯ ᠰᠤᠳᠤᠯᠭᠠᠨ ᠤ ᠠᠵᠢᠯᠯᠠᠭ᠎ᠠ ᠤᠯᠠᠮ ᠦᠷᠭᠡᠵᠢᠵᠦ᠂ ᠡᠷᠳᠡᠮ ᠰᠢᠨᠵᠢᠯᠡᠭᠡᠨ ᠤ ᠦᠬᠦᠯᠡᠯ ᠬᠡᠳᠤᠨ ᠲᠦᠮᠨ ᠪᠠᠷ ᠨᠡᠶᠢᠳᠡᠯᠡᠭᠳᠡᠨ᠂ ᠲᠤᠰᠬᠠᠢ ᠰᠤᠳᠤᠯᠭᠠᠨ ᠤ ᠪᠦᠳᠦᠭᠡᠯ ᠤᠯᠠᠰᠢᠷᠡᠬᠰᠡᠨ ᠪᠠ ᠤᠯᠡᠨ ᠤᠯᠤᠰ ᠤᠨ ᠡᠷᠳᠡᠮ ᠰᠢᠨᠵᠢᠯᠡᠭᠡᠨ ᠤ ᠰᠤᠯᠢᠯᠴᠠᠭ᠎ᠠ ᠰᠠᠶᠢᠵᠢᠷᠡᠨ ᠮᠤᠩᠭᠤᠯ ᠡᠷᠳᠡᠨ ᠤ ᠰᠤᠷᠪᠤᠯᠵᠢ ᠪᠢᠴᠢᠭ ᠤᠨ ᠬᠠᠮᠠᠭᠠᠯᠠᠯᠳᠠ ᠶᠢᠨ ᠠᠵᠢᠯ ᠰᠢᠨ᠎ᠠ ᠭᠠᠷᠤᠭ᠎ᠠ ᠪᠠᠨ ᠡᠬᠢᠯᠡᠬᠦᠯᠦᠯ᠎ᠠ  ᠮᠤᠩᠭᠤᠯ ᠡᠷᠳᠡᠨ ᠤ ᠨᠤᠮ ᠪᠢᠴᠢᠭ ᠤᠨ ᠬᠠᠳᠠᠭᠠᠯᠠᠮᠵᠢ ᠶᠢᠨ ᠪᠠᠶᠢᠭᠤᠯᠤᠯᠭ᠎ᠠ ᠨᠤᠭᠤᠳ ᠮᠤᠩᠭᠤᠯ ᠰᠤᠳᠤᠯᠤᠯ ᠤᠨ ᠤᠨᠴᠠᠯᠢᠬᠳᠦ ᠳ᠋ᠠᠶᠢᠲᠨ ᠬᠦᠮᠦᠷᠭᠡ ᠶᠢ ᠪᠠᠶᠢᠭᠤᠯᠤᠨ ᠮᠤᠩᠭᠤᠯ ᠡᠷᠳᠡᠨ ᠤ ᠰᠤᠷᠪᠤᠯᠵᠢ ᠪᠢᠴᠢᠭ ᠢ ᠡᠯᠧᠺᠲᠷᠤᠨ ᠪᠠᠷ ᠪᠤᠯᠭᠠᠨ ᠤᠢᠢᠯᠡᠳᠬᠦ ᠪᠠ ᠬᠠᠳᠠᠭᠠᠯᠠᠮᠵᠢ ᠪᠦᠬᠦᠢ ᠡᠷᠳᠡᠨ ᠤ ᠮᠤᠩᠭᠤᠯ ᠪᠢᠴᠢᠭ ᠤᠨ ᠭᠠᠭᠴᠠ ᠲᠠᠪᠳᠡᠷ᠂ ᠪᠢᠴᠢᠮᠠᠯ ᠲᠡᠪᠳᠡᠷ ᠵᠡᠷᠭᠡ ᠦᠨᠡᠳᠦ ᠮᠠᠲ᠋ᠧᠷᠢᠶᠠᠯ ᠢ ᠲᠤᠭᠠᠴᠢᠯᠳᠠ ᠶᠢᠨ ᠮᠡᠷᠭᠡᠵᠢᠯ ᠢᠶᠠᠷ ᠰᠢᠷᠪᠢᠬᠦ ᠪᠠ ᠬᠡᠷᠡᠯ ᠵᠢᠷᠤᠭ ᠤᠨ ᠮᠡᠷᠭᠡᠵᠢᠯ ᠢ ᠠᠰᠢᠬᠯᠠᠨ ᠲᠤᠭᠠᠴᠢᠯᠠᠬᠰᠡᠨ ᠭᠡᠷᠡᠯ ᠵᠢᠷᠤᠭ ᠤᠨ ᠬᠡᠯᠪᠡᠷᠢ ᠪᠠᠷ ᠺᠤᠮᠫᠢᠦ᠋ᠲ᠋ᠧᠷ ᠲᠤ ᠬᠠᠳᠠᠭᠠᠯᠠᠬᠤ ᠬᠢᠭᠡᠳ ᠰᠦᠯᠵᠢᠶᠠᠨ ᠲᠡᠭᠡᠷ᠎ᠠ ᠭᠠᠷᠭᠠᠵᠦ ᠠᠰᠢᠬᠯᠠᠯᠳᠠ ᠳᠤ ᠤᠷᠤᠭᠤᠯᠵᠦ ᠪᠤᠢ  ᠪᠠᠰᠠ ᠫᠠᠭᠪᠠ ᠦᠰᠦᠭ᠂ ᠲᠤᠳᠤ ᠦᠰᠦᠭ ᠵᠡᠷᠭᠡ ᠦᠰᠦᠭ ᠪᠢᠴᠢᠭ ᠢᠶᠠᠷ ᠪᠢᠴᠢᠭᠳᠡᠭᠰᠡᠨ ᠮᠤᠩᠭᠤᠯ ᠡᠷᠳᠡᠨ ᠤ ᠰᠤᠷᠪᠤᠯᠵᠢ ᠪᠢᠴᠢᠭ ᠢ ᠲᠤᠭᠠᠴᠢᠯᠠᠭᠤᠯᠤᠨ ᠰᠦᠯᠵᠢᠶᠠᠨ ᠳᠤ ᠭᠠᠷᠭᠠᠬᠰᠠᠨ ᠢᠶᠠᠷ ᠵᠠᠷᠢᠮ ᠡᠷᠳᠡᠨ ᠤ ᠨᠤᠮ ᠪᠢᠴᠢᠭ ᠤᠨ ᠬᠤᠯᠪᠤᠬᠳᠠᠯ ᠪᠦᠬᠦᠢ ᠮᠡᠳᠡᠭᠡ ᠵᠠᠩᠬᠢ ᠶᠢ ᠬᠠᠶᠢᠨ ᠠᠰᠢᠬᠯᠠᠬᠤ ᠳᠤ ᠪᠤᠯᠤᠮᠵᠢ ᠬᠠᠩᠭᠠᠵᠠᠢ᠃
       19 ᠳ᠋ᠤᠭᠡᠷ ᠵᠠᠭᠤᠨ ᠳᠤ ᠮᠤᠩᠭᠤᠯ ᠰᠤᠳᠤᠯᠤᠯ ᠨᠢ ᠪᠠᠶ᠎ᠠ ᠪᠠᠨ ᠲᠠᠭᠠᠭᠠᠬᠰᠡᠨ ᠲᠤᠰᠠᠭᠠᠷ ᠡᠷᠳᠡᠮ ᠰᠢᠨᠵᠢᠯᠡᠭᠡᠨ ᠤ ᠰᠠᠯᠠᠭ᠎ᠠ ᠪᠤᠯᠤᠨ ᠬᠦᠭᠵᠢᠭᠰᠡᠨ ᠢᠶᠠᠷ ᠬᠤᠶᠡᠷ ᠵᠠᠭᠤ ᠢᠯᠡᠬᠦᠦ ᠵᠢᠯ ᠤᠨ ᠲᠤᠷᠰᠢ ᠦᠶ᠎ᠠ ᠦᠶ᠎ᠠ ᠶᠢᠨ ᠰᠢᠯᠭᠠᠷᠠᠬᠰᠡᠨ ᠮᠤᠩᠭᠤᠯᠴᠢ ᠡᠷᠳᠡᠮᠳᠡᠳ ᠤᠨ ᠮᠤᠩᠭᠤᠯ ᠰᠤᠳᠤᠯᠤᠯ ᠤᠨ ᠰᠤᠳᠤᠨ ᠰᠢᠯᠢᠳᠡᠭ ᠪᠦᠳᠦᠭᠡᠯ ᠵᠠᠯᠭᠠᠪᠡᠷ ᠮᠠᠨᠳᠤᠯᠠᠵᠦ᠂ ᠮᠤᠩᠭᠤᠯᠴᠤᠳ ᠤᠨ ᠡᠷᠳᠡᠨ ᠡᠳᠤᠭᠡ ᠶᠢᠨ ᠲᠠᠯ᠎ᠠ ᠪᠦᠬᠦᠨ ᠢ ᠬᠠᠮᠤᠷᠤᠬᠰᠡᠨ ᠠᠰᠤᠷᠤ ᠶᠡᠭᠡ ᠡᠷᠳᠠᠨᠢᠰ ᠤᠨ ᠬᠦᠮᠦᠷᠭᠡ ᠴᠤᠭᠴᠠᠯᠠᠬᠳᠠᠬᠰᠡᠨ ᠪᠠᠶᠢᠨ᠎ᠠ᠃ ᠡᠳᠡᠭᠡᠷ ᠰᠢᠯᠢᠳᠡᠭ ᠪᠦᠳᠦᠭᠡᠯ ᠢ ᠮᠤᠩᠭᠤᠯ ᠬᠡᠯᠡᠨ ᠳᠤ ᠤᠷᠴᠢᠭᠤᠯᠬᠤ ᠠᠵᠢᠯ 20 ᠳ᠋ᠤᠭᠠᠷ ᠵᠠᠭᠤᠨ ᠳᠤ ᠤᠷᠴᠢᠨ ᠦᠶ᠎ᠠ ᠶᠢᠨ ᠮᠤᠩᠭᠤᠯ ᠨᠤᠮ ᠬᠡᠪᠯᠡᠯ ᠤᠨ ᠤᠢᠢᠯᠡᠰ ᠤᠨ ᠡᠬᠦᠰᠤᠨ ᠬᠦᠭᠵᠢᠬᠦ ᠶᠢ ᠲᠠᠭᠠᠯᠳᠤᠨ ᠤᠯᠠᠮ ᠢᠶᠠᠷ ᠪᠤᠢ ᠪᠤᠯᠵᠦ᠂ ︽ᠭᠠᠳᠠᠭᠠᠳᠦ ᠶᠢᠨ ᠮᠤᠩᠭᠤᠯᠴᠢ ᠡᠷᠳᠡᠮᠳᠡᠳ ᠤᠨ ᠪᠦᠳᠦᠭᠡᠯ ᠤᠨ ᠴᠢᠭᠤᠯᠭᠠᠨ︾᠂ ︽ᠡᠷᠳᠡᠨ ᠤ ᠮᠤᠩᠭᠤᠯ ᠳᠤ ᠵᠢᠭᠤᠯᠴᠢᠯᠠᠬᠰᠡᠨ ᠲᠡᠮᠳᠡᠭᠯᠡᠯ ᠤᠨ ᠴᠤᠪᠤᠷᠡᠯ ᠪᠢᠴᠢᠭ︾ ᠬᠢᠭᠡᠳ ︽ᠲᠡᠯᠡᠬᠡᠢ ᠶᠢ ᠪᠠᠶᠢᠯᠳᠤᠨ ᠲᠠᠭᠠᠭᠤᠯᠤᠬᠴᠢᠳ ᠤᠨ ᠲᠡᠤᠭᠡ︾᠂ ︽ᠳ᠋ᠤᠰᠰᠤᠨ ᠤ ᠮᠤᠩᠭᠤᠯ ᠤᠨ ᠲᠡᠤᠭᠡ︾ ᠬᠡᠬᠦ ᠮᠤᠨᠳᠠᠭ ᠪᠦᠳᠦᠭᠡᠯ ᠤᠳ ᠮᠤᠩᠭᠤᠯᠴᠢᠯᠠᠬᠳᠠᠨ ᠬᠡᠪᠯᠡᠭᠳᠡᠭᠰᠡᠨ ᠶᠤᠮ᠃ ᠮᠤᠩᠭᠤᠯ ᠡᠷᠳᠡᠨ ᠤ ᠰᠤᠷᠪᠤᠯᠵᠢ ᠪᠢᠴᠢᠭ ᠪᠤᠯ ᠲᠡᠤᠭᠡ ᠶᠢᠨ ᠬᠡᠷᠡᠴᠢ᠂ ᠮᠦᠨᠴᠦ ᠠᠮᠢᠳᠤᠷᠡᠯ ᠤᠨ ᠲᠤᠯᠢ᠂ ᠠᠷᠡᠳ ᠲᠦᠮᠡᠨ ᠤ ᠤᠶᠤᠨ ᠤᠬᠠᠭᠠᠨ ᠤ ᠪᠦᠳᠦᠭᠡᠯ ᠮᠦᠨ᠃ ᠠᠷᠡᠳ ᠤᠯᠠᠨ ᠤ ᠠᠮᠢᠳᠤᠷᠠᠯ ᠤᠨ ᠤᠷᠴᠢᠨ ᠨᠦᠬᠦᠴᠠᠯ ᠬᠢᠭᠡᠳ ᠰᠤᠶᠤᠯ ᠭᠡᠭᠡᠷᠡᠯ ᠤᠨ ᠱᠠᠭᠠᠷᠳᠠᠯᠭ᠎ᠠ ᠲᠡᠭᠡᠭᠰᠢᠯᠡᠬᠦ ᠶᠢ ᠲᠠᠭᠠᠯᠳᠤᠨ ᠡᠷᠳᠡᠨ ᠤ ᠮᠤᠩᠭᠤᠯ ᠰᠤᠷᠪᠤᠯᠵᠢ ᠪᠢᠴᠢᠭ ᠢ ᠤᠡᠭᠰᠢᠨ ᠰᠤᠷᠤᠯᠴᠠᠬᠤ᠂ ᠰᠤᠳᠤᠯᠤᠨ ᠰᠢᠨᠵᠢᠯᠡᠬᠦ ᠬᠢᠬᠡᠳ ᠬᠤᠷᠢᠶᠡᠨ ᠬᠠᠳᠠᠭᠠᠯᠠᠬᠤ ᠰᠢᠨ᠎ᠠ ᠦᠷᠨᠢᠯᠳᠠ ᠭᠠᠷᠴᠦ ᠪᠠᠶᠢᠭ᠎ᠠ ᠶᠤᠮ᠃ ᠡᠶᠢᠮᠦ ᠠᠴᠠ᠂ ᠤᠯᠤᠰ ᠤᠨ ᠲᠤᠳᠤᠭᠠᠳᠦ ᠳᠤ ᠬᠠᠳᠠᠭᠠᠯᠠᠬᠳᠠᠵᠦ ᠪᠠᠶᠢᠭ᠎ᠠ ᠮᠤᠩᠭᠤᠯ ᠡᠷᠳᠡᠨ ᠤ ᠰᠤᠷᠪᠤᠯᠵᠢ ᠪᠢᠴᠢᠭ ᠢᠶᠠᠨ ᠠᠪᠤᠷᠡᠵᠦ ᠬᠠᠮᠠᠭᠠᠯᠠᠬᠤ ᠪᠠ ᠰᠡᠷᠬᠦᠭᠡᠨ ᠬᠡᠪᠯᠡᠬᠦᠯᠬᠦ᠂ ᠲᠤᠭᠠᠴᠢᠯᠠᠨ ᠰᠦᠯᠵᠢᠶᠡᠵᠢᠬᠦᠯᠬᠦ ᠠᠴᠠ ᠭᠠᠳᠠᠨ᠎ᠠ᠂ ᠲᠡᠯᠡᠬᠡᠢ ᠶᠢᠨ 20 ᠭᠠᠷᠤᠢ ᠤᠯᠤᠰ ᠤᠷᠤᠨ ᠤ 40 ᠭᠠᠷᠤᠢ ᠭᠠᠵᠡᠷ ᠲᠤ ᠲᠠᠯᠠᠶᠢᠴᠠ ᠬᠠᠳᠠᠭᠠᠯᠠᠮᠵᠢ ᠲᠠᠢ ᠮᠤᠩᠭᠤᠯ ᠡᠷᠳᠡᠨ ᠤ ᠰᠤᠷᠪᠤᠯᠵᠢ ᠪᠢᠴᠢᠭ ᠢ ᠬᠡᠷᠬᠢᠨ ᠠᠰᠢᠬᠯᠠᠬᠤ ᠪᠠ ᠴᠠᠭ ᠢ ᠠᠮᠵᠢᠨ ᠡᠭᠡᠬᠦᠯᠦᠨ ᠠᠪᠴᠦ᠂ ᠤᠯᠠᠨ ᠤ ᠬᠦᠷᠳᠡᠭᠡᠮᠵᠢ ᠪᠤᠯᠭᠠᠬᠤ ᠬᠡᠳᠡᠭ ᠲᠤᠮᠤ ᠠᠵᠢᠯ ᠲᠠᠯᠪᠢᠭᠠᠰᠤᠳᠠᠢ ᠪᠠᠶᠢᠨ᠎ᠠ᠃ ︽ᠲᠤᠭᠠᠴᠢᠯᠠᠯᠳᠠ ᠶᠢᠨ ᠮᠡᠷᠭᠡᠵᠢᠯ ᠪᠤᠯᠤᠨ ᠢᠨᠲ᠋ᠧᠷ ᠰᠦᠯᠵᠢᠶᠡᠨ ᠤ ᠮᠡᠷᠭᠡᠵᠢᠯ ᠤᠨ ᠲᠦᠷᠭᠡᠨ ᠬᠦᠭᠵᠢᠯᠳᠠ ᠨᠢ ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠤᠨ ᠠᠮᠢᠯᠠᠯᠳᠠ ᠰᠡᠷᠭᠦᠯᠳᠡ ᠳᠤ ᠲᠠᠶᠠᠭᠠᠷᠴᠢᠯᠠᠯᠳᠠ ᠶᠢᠨ ᠬᠠᠷᠠᠭ᠎ᠠ ᠪᠠ ᠤᠯᠠᠨ ᠲᠦᠢᠯᠵᠢᠬᠰᠡᠨ ᠬᠠᠶᠢᠯᠳᠠ ᠶᠢᠨ ᠨᠦᠬᠦᠴᠠᠯ ᠪᠤᠯᠤᠮᠵᠢ ᠶᠢ ᠬᠠᠨᠭ᠍ᠭᠠᠨ ᠦᠭᠴᠠᠢ᠃ ᠡᠨᠡ ᠪᠠᠶᠢᠳᠠᠯ ᠲᠤᠤᠷ᠎ᠠ᠂ ᠪᠢᠳᠠ ᠤᠯᠤᠰ ᠤᠨ ᠲᠤᠳᠤᠭᠠᠳᠦ ᠳᠤ ᠬᠠᠳᠠᠭᠠᠯᠠᠵᠦ ᠪᠦᠬᠦᠢ ᠴᠦᠭᠡᠨ ᠲᠤᠭᠠᠳᠦ ᠦᠨᠳᠤᠰᠤᠳᠡᠨ ᠤ ᠡᠷᠳᠡᠨ ᠤ ᠰᠤᠷᠪᠤᠯᠵᠢ ᠪᠢᠴᠢᠭ ᠤᠨ ᠡᠬᠢ ᠪᠠᠶᠠᠯᠢᠭ ᠢ ᠠᠭᠤᠳᠠᠯᠤᠨ ᠬᠠᠮᠠᠭᠠᠯᠠᠬᠤ ᠠᠵᠢᠯ ᠢ ᠰᠢᠨ᠎ᠠ ᠲᠡᠭᠳᠡᠷ ᠲᠤ ᠭᠠᠷᠭᠠᠬᠤ ᠶᠢᠨ ᠬᠠᠮᠳᠦ ᠤᠯᠤᠰ ᠤᠨ ᠭᠠᠳᠠᠭᠠᠳᠦ ᠳᠤ ᠬᠠᠳᠠᠭᠠᠯᠠᠬᠳᠠᠵᠦ ᠪᠠᠶᠢᠭ᠎ᠠ ᠬᠤᠪᠤᠷ ᠨᠠᠨᠳᠢᠨ ᠡᠷᠳᠡᠨ ᠤ ᠮᠤᠩᠭᠤᠯ ᠰᠤᠷᠪᠤᠯᠵᠢ ᠪᠢᠴᠢᠭ ᠢ ᠺᠤᠫᠢᠳᠡᠬᠤ᠂ ᠰᠢᠷᠪᠢᠨ ᠰᠡᠬᠦᠳᠡᠷᠯᠡᠬᠦ᠂ ᠵᠢᠷᠤᠬᠴᠢᠯᠡᠬᠤ ᠵᠡᠷᠭᠡ ᠤᠯᠡᠨ ᠬᠡᠯᠪᠡᠷᠢ ᠪᠠᠷ ᠡᠭᠡᠭᠦᠯᠤᠨ ᠠᠪᠴᠢᠷᠡᠵᠦ ᠲᠡᠬᠢᠨ ᠬᠡᠪᠯᠡᠬᠦᠯᠬᠦ ᠢᠨᠵᠧᠨᠧᠷᠢᠩ ᠢ ᠴᠢᠷᠮᠠᠶᠢᠨ ᠬᠡᠷᠡᠭᠵᠢᠬᠦᠯᠵᠦ᠂ ᠮᠤᠩᠭᠤᠯᠴᠤᠳ ᠤᠨ ᠡᠷᠳᠡᠨ ᠤ ᠰᠤᠷᠪᠤᠯᠵᠢ ᠪᠢᠴᠢᠭ ᠢ ᠲᠡᠬᠢᠨ ᠠᠮᠢᠯᠡᠭᠤᠯᠤᠨ᠎ᠠ︾ ᠬᠡᠵᠦ ᠰᠤᠶᠤᠯᠳᠦ ᠨᠦᠬᠦᠷ ᠰᠤᠷᠪᠤᠯᠵᠢᠯᠠᠬᠴᠢ ᠳᠤ ᠶᠠᠷᠢᠬᠰᠠᠨ ᠶᠤᠮ᠃ ︽ᠤᠭ ᠢᠵᠠᠭᠤᠷ ᠢᠶᠠᠨ ᠡᠬᠦᠷᠢᠳᠡ ᠮᠡᠷᠳᠡᠵᠦ ᠪᠤᠯᠬᠤ ᠦᠭᠡᠢ︾ ᠬᠡᠵᠦ ᠶᠡᠭᠡ ᠵᠤᠬᠢᠶᠠᠯᠴᠢ ᠢᠨᠵᠠᠨᠨᠠᠰᠢ ᠮᠤᠩᠭᠤᠯᠴᠤᠳ ᠢᠶᠠᠨ ᠰᠤᠷᠭᠠᠨ ᠰᠠᠩᠬᠡᠷᠡᠬᠦᠯᠦᠭᠰᠡᠨ ᠢ ᠪᠢᠳᠠ ᠪᠦᠬᠦᠨ ᠰᠠᠨᠠᠯᠳᠠᠢ᠃ ᠮᠤᠩᠭᠤᠯ ᠡᠷᠳᠡᠨ ᠤ ᠰᠤᠷᠪᠤᠯᠵᠢ ᠪᠢᠴᠢᠭ ᠢᠶᠠᠨ ᠡᠷᠬᠢᠮᠨᠡᠨ ᠬᠢᠮᠠᠭᠠᠳᠠᠨ᠂ ᠦᠪᠯᠡᠨ ᠤᠯᠠᠮᠵᠢᠯᠠᠵᠦ᠂ ᠤᠡᠭᠰᠢᠨ ᠲᠤᠭᠤᠯᠵᠦ᠂ ᠠᠩᠬᠠᠷᠤᠨ ᠬᠠᠯᠠᠮᠵᠢᠯᠠᠬᠤ ᠪᠤᠯ ᠤᠬ ᠢᠵᠠᠭᠤᠷ ᠢᠶᠠᠨ ᠮᠡᠳᠡᠬᠦ ᠴᠢᠬᠤᠯᠡ ᠨᠢᠭᠡᠨ ᠵᠠᠮ ᠪᠤᠯᠵᠤ ᠠᠵᠢ᠃   



  
     
     