 

ᠨᠡᠶᠢᠭᠡᠮ ᠤᠨ ᠰᠤᠨᠢᠨ ᠮᠡᠳᠡᠭᠡ

2019-05-16 19:09
  672
  0
• ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨᠬᠤᠷᠢᠶᠠᠨ ᠤ ᠠᠯᠪᠠᠨ ᠲᠢᠩᠬᠢᠮ ᠶᠡᠭᠡ ᠲᠠᠳᠠᠮᠠᠯ ᠭᠤᠤᠯ ᠤᠨ ᠰᠤᠶᠤᠯ ᠢ ᠬᠠᠮᠠᠭᠠᠯᠠᠨ ᠤᠯᠠᠮᠵᠢᠯᠠᠬᠤ ᠲᠦᠯᠦᠪᠵᠢᠭᠦᠯᠭᠡ ᠶᠢᠨ ᠲᠤᠬᠠᠢ ᠬᠦᠳᠦᠯᠪᠦᠷᠢ ᠶᠢ ᠲᠠᠷᠤᠮᠠᠯᠯᠠᠨ ᠲᠠᠷᠬᠠᠭᠠᠵᠠᠢ᠃   
• ᠡᠨᠡ ᠵᠢᠯ ᠪᠦᠬᠦ ᠤᠷᠤᠨ ᠤ 85% ᠠᠴᠠ ᠲᠡᠭᠡᠭᠰᠢᠬᠢ ᠬᠤᠰᠢᠭᠤ ᠰᠢᠶᠠᠨ ᠳᠤ ᠰᠢᠨ᠎ᠡᠬᠡᠯᠪᠡᠷᠢ ᠶᠢᠨ ᠲᠤᠬᠠᠢᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠬᠦ ᠠᠵᠢᠯ ᠢ ᠦᠷᠨᠢᠭᠦᠯᠵᠦ᠂ ᠪᠦᠬᠦ ᠵᠢᠯ ᠢᠶᠠᠷ ᠢᠶᠠᠨ 2.6 ᠲᠦᠮᠡᠨ ᠰᠢᠨ᠎ᠡ ᠬᠡᠯᠪᠡᠷᠢ ᠶᠢᠨ ᠲᠤᠬᠠᠢᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠪᠠᠷ ᠪᠤᠢ᠃  
• ᠡᠨᠡ ᠵᠢᠯ ᠮᠠᠨ ᠤ ᠤᠷᠤᠨ ᠪᠦᠬᠦ ᠤᠷᠤᠨ ᠤ 33 ᠮᠠᠯᠵᠢᠬᠤ ᠬᠤᠰᠢᠭᠤ ᠶᠢᠨ 5 ᠲᠦᠮᠡᠨ ᠮᠠᠯᠵᠢᠬᠤ ᠡᠷᠦᠭᠡ ᠶᠢᠨ ᠵᠤᠷᠯᠤᠩ ᠢ ᠦᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ᠮᠠᠯᠵᠢᠬᠤ ᠤᠷᠤᠨ ᠤ ᠠᠮᠢᠳᠤᠷᠠᠯ ᠤᠨ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠪᠠᠷ ᠪᠤᠢ᠃   
• ᠤᠢᠢᠷ᠎ᠠ ᠶᠢᠨ ᠡᠳᠦᠷ᠂ 2019 ᠤᠨ ᠤ ︽ᠬᠠᠮᠤᠭ ᠤᠨ ᠦᠨ᠎ᠡ ᠦᠷᠳᠡᠭ ᠲᠠᠢᠲᠤᠮᠳᠠᠳᠤ ᠤᠯᠤᠰ ᠤᠨ ᠨᠡᠷᠡᠳᠦ ᠲᠡᠮᠳᠡᠭᠳᠦ ᠶᠢᠨ 100 ᠬᠦᠴᠦᠷᠭᠡᠭ︾ ᠤᠨ ᠨᠡᠷᠡᠰ ᠢ ᠨᠡᠶᠢᠳᠡᠯᠡᠯ᠎ᠡ᠂ᠮᠧᠩ ᠨᠢᠦ ᠪᠦᠯᠦᠭᠯᠡᠯ ᠲᠠᠷᠠᠭᠠᠯᠠᠨ 5 ᠵᠢᠯ ᠳᠤ 100 ᠬᠦᠴᠦᠷᠭᠡᠭ ᠤᠨ ᠨᠡᠷᠡᠰ ᠲᠤ ᠵᠢᠭᠰᠠᠭᠠᠭᠳᠠᠭᠰᠠᠨ ᠢᠶᠠᠷ ᠪᠠᠷᠠᠬᠤ ᠦᠭᠡᠢ ᠪᠠᠰᠠ ︽ᠲᠤᠮᠳᠠᠳᠤ ᠤᠯᠤᠰ ᠤᠨ ᠤᠷᠤᠰᠬᠠᠯ ᠬᠦᠳᠦᠯᠦᠭᠴᠢ ᠨᠡᠷᠡᠳᠦ ᠲᠡᠮᠳᠡᠭᠳᠦ︾ ᠶᠢᠨ ᠱᠠᠩᠨᠠᠯ ᠬᠦᠷᠳᠡᠵᠡᠢ᠃   
• ᠤᠢᠢᠷ᠎ᠠ ᠳᠤ᠂ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠲᠢᠩᠬᠢᠮ᠂ ᠦᠪᠠᠷᠲᠠᠬᠡᠨ ᠵᠠᠰᠠᠬᠤ ᠤᠷᠤᠨ ᠤ ᠵᠠᠬ᠎ᠠ ᠲᠠᠯᠬᠡᠬᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶ᠎ᠠ ᠬᠠᠮᠳᠤᠷᠠᠵᠤ ᠪᠦᠬᠦ ᠤᠷᠤᠨ ᠤ ᠬᠡᠪᠴᠢᠶᠠᠨ ᠳᠤ ᠬᠦᠮᠤᠨ ᠤ ᠬᠦᠴᠤᠨ ᠤ ᠡᠬᠢ ᠪᠠᠶᠠᠯᠢᠭ ᠤᠨ ᠵᠠᠬ᠎ᠠ ᠲᠠᠯᠬᠡᠬᠦᠷ ᠤᠨ ᠡᠮᠬᠢ ᠲᠢᠭᠯᠢᠮ ᠢ ᠲᠦᠪᠯᠡᠷᠠᠬᠦᠯᠤᠨ ᠴᠡᠭᠴᠠᠯᠠᠬᠦ ᠲᠤᠰᠬᠠᠢ ᠬᠠᠤᠯᠢ ᠭᠡᠷᠡᠭᠵᠢᠬᠦᠯᠬᠦ ᠠᠵᠢᠯᠯᠠᠭ᠎ᠠ ᠦᠷᠨᠢᠬᠦᠯᠵᠤ᠂ ᠬᠦᠮᠤᠨ ᠤ ᠬᠦᠴᠤᠨ ᠤ ᠡᠬᠢ ᠪᠠᠶᠠᠯᠢᠭ ᠤᠨ ᠦᠢᠯᠠᠴᠢᠯᠡᠬᠡᠨ ᠤ ᠠᠵᠢᠯᠯᠠᠭ᠎ᠠ ᠶᠢᠨ ᠬᠠᠤᠯᠢ ᠲᠦᠷᠢᠮ ᠬᠠᠤᠯᠢ ᠲᠤᠭᠲᠠᠭᠠᠯ ᠠᠴᠠᠵᠦᠷᠢᠴᠡᠭᠰᠡᠨ ᠠᠵᠢᠯᠯᠠᠭ᠎ᠠ ᠶᠢ ᠲᠦᠪᠯᠡᠷᠠᠬᠦᠯᠤᠨ ᠴᠡᠭᠴᠠᠯᠠᠵᠤ᠂ ᠵᠠᠬ᠎ᠠ ᠲᠠᠯᠬᠡᠬᠦᠷ ᠤᠨ ᠡᠮᠬᠢ ᠲᠢᠭᠯᠢᠮ ᠢ ᠴᠢᠨᠠᠭᠰᠢᠲᠠ ᠵᠢᠷᠤᠮᠵᠢᠭᠤᠯᠤᠨ᠂ ᠬᠦᠲᠠᠯᠮᠤᠷᠢ ᠬᠦᠴᠤᠨ ᠤ ᠡᠷᠬᠡ ᠲᠡᠭᠰᠢ ᠠᠵᠢᠯ ᠤᠯᠭᠤᠬᠤ ᠡᠷᠬᠡ ᠶᠢ ᠬᠠᠤᠯᠢ ᠶᠤᠰᠤᠭᠠᠷ ᠬᠠᠮᠠᠭᠠᠯᠠᠪᠠ᠃  
 • ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠪᠠ ᠬᠢᠮᠢ ᠶᠢᠨ ᠠᠵᠤ ᠦᠢᠯᠡᠳᠪᠦᠷᠢ ᠶᠢᠨ ᠳᠡᠬᠡᠳᠤ ᠰᠤᠷᠭᠠᠭᠤᠯᠢ ᠶᠢᠨ ︽ᠨᠡᠬᠦᠷᠡᠰᠤ ᠶᠢ ᠦᠨᠳᠦᠷ ᠪᠦᠳᠦᠮᠵᠢ ᠲᠠᠢ ᠴᠡᠪᠡᠷᠰᠢᠬᠦᠯᠦᠨ ᠠᠰᠢᠬᠯᠠᠬᠤ ᠬᠡᠶᠢᠰᠪᠦᠷᠢ ᠳᠠᠭᠤᠷᠢᠶᠠᠮᠠᠯ ᠶᠡᠷᠦᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ︾  ᠤ ᠲᠦᠷᠦᠯ ᠵᠦᠢᠯ ᠨᠢ ᠤᠯᠤᠰ ᠤᠨ ᠳᠡᠰ ᠤᠨ ᠬᠡᠶᠢᠰᠪᠦᠷᠢ ᠳᠠᠭᠤᠷᠢᠶᠠᠮᠠᠯ ᠳᠤᠷᠰᠢᠯᠳᠠ ᠶᠢᠨ ᠵᠢᠭᠠᠨᠰᠤᠷᠭᠠᠯᠳᠠ ᠶᠢᠨ ᠲᠦᠷᠦᠯ ᠵᠦᠢᠯ ᠢᠶᠠᠷ ᠵᠦᠪᠰᠢᠶᠡᠷᠡᠭᠳᠡᠪᠡ᠃  
• ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠳᠤ ᠵᠤᠷᠢᠭᠤᠯᠤᠨ ᠰᠦᠨᠢᠳ ᠵᠡᠬᠦᠨ ᠬᠤᠰᠢᠭᠤᠨ ᠤ 12 ᠮᠠᠯᠴᠢᠨ ᠤᠷᠳᠦ ᠨᠢ 25 ᠮᠧᠳ᠋ᠷ᠂ ᠦᠷᠭᠡᠨ ᠨᠢ 20 ᠮᠧᠳ᠋ᠷ ᠤᠯᠤᠰ ᠤᠨ ᠲᠤᠭ ᠢ ᠰᠢᠷᠢᠵᠦ ᠤᠷᠠᠯᠠᠵᠠᠢ᠃ 
• ᠪᠤᠭᠤᠳᠤ ᠬᠤᠳᠠ ᠪᠦᠬᠦ ᠤᠯᠤᠰ ᠤᠨ ︽ᠬᠠᠳᠠᠭᠤ ᠪᠡᠶᠡᠳᠤ ᠬᠠᠶᠠᠬᠳᠠᠮᠠᠯ ᠪᠤᠳᠠᠰ ᠦᠭᠡᠢ ᠬᠤᠳᠠ︾ ᠶᠢᠨ ᠪᠦᠳᠦᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠪᠤᠯᠪᠠ᠃  
• 5 ᠰᠠᠷ᠎ᠠ ᠶᠢᠨ 13 ᠤ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠮᠡᠳᠡᠭᠡ ᠨᠡᠶᠢᠳᠡᠯᠡᠵᠦ᠂ ᠡᠮᠦᠨᠡᠬᠡᠨ ᠦᠪᠦᠷ ᠮᠤᠩᠭᠤᠯ ᠤᠨ ᠷᠠᠳᠢᠣ᠋ᠲᠧᠯᠧᠢᠰ ᠬᠤᠷᠢᠶ᠎ᠠ ᠶᠢᠨ ᠨᠠᠮ ᠤᠨ ᠬᠤᠷᠢᠶ᠎ᠠ ᠶᠢᠨ ᠤᠤᠯ ᠤᠨ ᠱᠦᠵᠢ᠂ ᠬᠤᠷᠢᠶᠠᠨ ᠲᠠᠷᠤᠭ᠎ᠠ ︵ ᠵᠢᠩᠬᠢᠨᠢ ᠲᠢᠩᠭᠢᠮ ᠤᠨ ᠲᠡᠰ︶ ᠵᠤᠤ ᠴᠦᠨ ᠲᠤᠤ ᠬᠡᠬᠡᠯᠢ ᠢᠳᠡᠭᠰᠡᠨ᠂ ᠪᠠᠶᠢᠭᠤᠯᠭ᠎ᠠ ᠶᠢᠨ ᠬᠡᠬᠡᠯᠢ ᠢᠳᠡᠭᠰᠡᠨ᠂ ᠶᠡᠭᠡ ᠬᠡᠮᠵᠢᠶᠡᠨ ᠤ ᠡᠳ᠋ ᠬᠦᠷᠦᠩᠭᠡ ᠶᠢᠨ ᠢᠷᠡᠯᠳᠡ ᠲᠤᠳᠤᠷᠬᠠᠢ ᠦᠭᠡᠢ᠂ ᠵᠤᠷᠢᠭᠤᠳᠠᠭᠡᠮᠳᠦᠭᠡᠵᠤ ᠬᠤᠤᠷᠯᠠᠬᠰᠠᠨ᠂ ᠬᠠᠷ᠎ᠠ ᠪᠦᠯᠦᠭᠳᠡᠨ ᠤ ᠴᠢᠨᠠᠷᠲᠠᠢ ᠵᠤᠬᠢᠶᠠᠨ ᠪᠠᠶᠢᠭᠤᠯᠤᠯᠳᠠ ᠶᠢ ᠦᠮᠦᠭᠯᠡᠵᠦ ᠂ ᠢᠯᠳᠠᠷ ᠬᠠᠶᠠᠬᠰᠠᠨ ᠬᠡᠷᠡᠭ ᠲᠤ ᠬᠤᠯᠪᠤᠬᠳᠠᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠲᠤᠬᠳᠠᠭᠠᠬᠰᠠᠨ ᠬᠠᠷᠢᠶᠠᠯᠠᠯ ᠢᠶᠠᠷ ᠲᠠᠮᠵᠢᠨ᠂ ᠪᠠᠶᠠᠨᠨᠠᠭᠤᠷ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠪᠠᠶᠠᠨᠨᠠᠭᠤᠷ ᠬᠤᠳᠠ ᠶᠢᠨ ᠠᠷᠠᠳ ᠤᠨ ᠲᠤᠮᠳᠠ ᠵᠡᠷᠬᠡ ᠶᠢᠨ ᠰᠢᠬᠦᠬᠦ ᠬᠤᠷᠢᠶᠠᠨ ᠳᠤ ᠠᠯᠪᠠᠨ ᠵᠠᠭᠠᠯᠳᠤᠯᠭ᠎ᠠ ᠬᠢᠵᠡᠢ ᠭᠡᠰᠡᠨ  ᠪᠠᠶᠢᠨ᠎ᠠ᠃  
• ᠤᠯᠤᠰ ᠤᠨ ᠡᠮ ᠡᠮᠨᠡᠯᠭᠡ ᠶᠢᠨ ᠪᠠᠳᠤᠯᠠᠪᠤᠷᠢ ᠶᠢᠨ ᠲᠤᠪᠴᠢᠶ᠎ᠠ ᠪᠤᠯᠤᠨ ᠡᠳ᠋ ᠤᠨ ᠵᠠᠰᠠᠭ ᠤᠨ ᠶᠠᠮᠤᠨ ᠤᠢᠢᠷ᠎ᠠ ᠶᠢᠨ ᠡᠳᠦᠷ ᠬᠠᠮᠳᠤᠷᠠᠨ ︽2019 ᠤᠨ ᠤ ᠬᠤᠳᠠ ᠬᠦᠳᠡᠭᠡ ᠶᠢᠨᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠳᠤᠯᠠᠪᠤᠷᠢ ᠶᠢᠨ ᠠᠵᠢᠯ ᠢ ᠰᠠᠶᠢᠳᠤᠷ ᠬᠢᠬᠦᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠢᠭᠡᠳᠦᠯᠳᠠᠢ ᠡᠮ ᠡᠮᠨᠡᠯᠭᠡ ᠶᠢᠨ ᠪᠠᠳᠤᠯᠠᠪᠤᠷᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠳᠡᠢᠬᠡᠵᠥ ᠱᠠᠭᠠᠷᠳᠠᠪᠠ᠃     ︵  ᠪᠤᠯᠤᠷ ᠮᠡᠳᠡᠭᠡᠯᠡᠪᠡ ︶



  
     
     