 

ᠪᠦᠬᠦ ᠤᠷᠤᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ

2019-09-12 17:40
  389
  0
  9 ᠰᠠᠷ᠎ᠠ ᠶᠢᠨ 11 ᠤ ᠡᠳᠦᠷ᠂ ᠪᠦᠬᠦ ᠤᠷᠤᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠶᠠᠪᠤᠭᠳᠠᠪᠠ᠃ ᠬᠤᠷᠠᠯ ᠠᠴᠠ ᠪᠦᠬᠦ ᠤᠯᠤᠰ ᠤᠨ ᠰᠤᠷᠭᠠᠨ ᠬᠦᠮᠦᠵᠢᠯ ᠤᠨ ᠶᠡᠭᠡ ᠬᠤᠷᠠᠯ᠂ ᠪᠦᠬᠦ ᠤᠯᠤᠰ ᠤᠨ ᠰᠠᠭᠤᠷᠢ ᠰᠤᠷᠭᠠᠨ ᠬᠦᠮᠦᠵᠢᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠵᠤ᠂ ᠦᠪᠡᠷᠳᠡᠬᠡᠨ ᠵᠠᠰᠠᠬᠤ ᠤᠷᠤᠨ ᠤ ᠰᠠᠭᠤᠷᠢ ᠰᠤᠷᠭᠠᠨ ᠬᠦᠮᠦᠵᠢᠯ ᠤᠨ ᠨᠡᠩ ᠭᠤᠤᠯᠴᠢ ᠨᠡᠩ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠶᠢ ᠠᠬᠢᠭᠤᠯᠪᠡ᠃
  ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠴᠤᠬᠤᠯᠠᠪᠤᠷᠢ ᠦᠭᠪᠡ᠃ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠧᠩ ᠬᠤᠩ ᠹᠠᠨ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃
   ᠪᠦ᠋ ᠰᠢᠶᠤᠤ ᠯᠢᠨ ᠴᠤᠬᠤᠯᠠᠪᠤᠷᠢ ᠳᠠᠭᠠᠨ᠂ ᠰᠠᠭᠤᠷᠢ ᠰᠤᠷᠭᠠᠨ ᠬᠦᠮᠦᠵᠢᠯ ᠪᠤᠯ ᠤᠯᠤᠰ ᠠᠷᠠᠳ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠳᠤᠳᠤᠷ᠎ᠠ ᠰᠠᠭᠤᠷᠢᠯᠠᠬᠤ ᠴᠢᠨᠠᠷᠳᠠᠢ᠂ ᠤᠳᠤᠷᠢᠳᠤᠮᠵᠢ ᠶᠢᠨ ᠴᠢᠨᠠᠷᠳᠠᠢ ᠪᠠᠶᠢᠷᠢ ᠰᠠᠭᠤᠷᠢ ᠲᠠᠢ ᠶᠤᠮ᠃ ᠡᠯ᠎ᠡ ᠱᠠᠳᠤᠨ ᠤ ᠵᠠᠰᠠᠭ ᠤᠨ ᠤᠷᠳᠤᠨ ᠪᠤᠯᠤᠨ ᠰᠤᠷᠭᠠᠨ ᠬᠦᠮᠦᠵᠢᠯ ᠵᠢᠴᠢ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠶᠢ ᠰᠠᠭᠤᠷᠢ ᠰᠤᠷᠭᠠᠨ ᠬᠥᠮᠦᠵᠢᠯ ᠤᠨ ᠡᠯ᠎ᠡ ᠭᠤᠭᠴᠤᠭ᠎ᠠ ᠳᠤ ᠣᠷᠣᠭᠤᠯᠵᠤ᠂ ᠰᠠᠭᠤᠷᠢ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠴᠢᠨᠠᠷ ᠴᠢᠨᠰᠠᠭ᠎ᠠ ᠪᠠᠨ ᠳᠡᠬᠡᠭᠰᠢᠯᠡᠬᠦᠯᠬᠦ᠂ ᠡᠷᠬᠡ ᠲᠡᠭᠰᠢ ᠪᠠᠶᠢᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
  ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠠᠭᠤᠷᠢ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠦᠨᠳᠦᠷ ᠳᠤᠮᠳᠠᠳᠤ ᠶᠢᠨ ᠥᠭᠡᠷᠡᠴᠢᠯᠡᠯᠲᠡ ᠶᠢᠨ ᠲᠤᠬᠠᠶ ᠭᠤᠷᠪᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠰᠠᠭᠤᠷᠢ ᠰᠤᠷᠭᠠᠨ ᠬᠥᠮᠦᠵᠢᠯ ᠤᠨ ᠠᠵᠢᠯ ᠳᠤ ᠰᠢᠰᠲ᠋ᠧᠮ ᠲᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠶ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠰᠠᠭᠤᠷᠢ ᠰᠤᠷᠭᠠᠨ ᠬᠥᠮᠦᠵᠢᠯ ᠢ ᠬᠥᠭᠵᠢᠭᠦᠯᠬᠦ ᠪᠠᠷ ᠴᠢᠬᠤᠯᠠ ᠡᠭᠦᠷᠭᠡ ᠪᠠᠨ ᠪᠣᠯᠭᠠᠵᠤ᠂ ᠲᠣᠪᠤᠶᠢᠮ᠎ᠠ ᠠᠰᠠᠭᠤᠳᠠᠯ ᠢ ᠰᠤᠳᠤᠯᠤᠨ ᠰᠢᠶ᠋ᠳᠪᠦᠷᠢᠯᠡᠵᠦ᠂ ᠠᠷᠠᠳ ᠲᠦᠮᠡᠨ ᠤ ᠬᠠᠨᠤᠮᠵᠢᠳᠠᠢ ᠰᠠᠭᠤᠷᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠰᠠᠶᠢᠲᠤᠷ ᠡᠷᠬᠢᠯᠡᠬᠦ ᠬᠡᠷᠡᠭᠲᠡᠶ ᠬᠡᠵᠦ ᠵᠢᠭᠠᠵᠤ ᠭᠠᠷᠭᠠᠪᠠ᠃
  ᠬᠤᠷᠠᠯ ᠠᠴᠠ᠂ ᠰᠠᠭᠤᠷᠢ ᠰᠤᠷᠭᠠᠨ ᠬᠥᠮᠦᠵᠢᠯ ᠢ ᠦᠨᠡᠨᠬᠦ ᠤᠷᠢᠳᠠᠪᠠᠷ ᠬᠥᠭᠵᠢᠭᠦᠯᠬᠦ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠰᠢᠨᠵᠢ ᠴᠢᠨᠠᠷ ᠲᠠᠢ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ᠂ ᠰᠠᠭᠤᠷᠢ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ᠂ ᠪᠦᠬᠦ ᠲᠠᠯ᠎ᠠ ᠪᠠᠷ ᠬᠥᠮᠦᠵᠢᠭᠦᠯᠬᠦ ᠪᠦᠬᠦ ᠲᠠᠯ᠎ᠠ ᠶᠢᠨ ᠬᠥᠭᠵᠢᠯᠲᠡ ᠶᠢᠨ ᠵᠠᠷᠴᠢᠮ ᠢ ᠪᠠᠷᠢᠮᠲᠠᠯᠠᠵᠤ᠂ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠥᠪ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠭᠰᠠᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠨᠠᠷᠢᠨ ᠬᠢᠨᠠᠮᠠᠭᠠᠶ ᠬᠠᠷᠢᠴᠠᠭᠤᠯᠤᠨ ᠬᠠᠷᠭᠤᠭᠤᠯᠵᠤ᠂ ᠭᠤᠤᠯᠳᠠᠯᠭ᠎ᠠ ᠶᠢ ᠠᠳᠬᠤᠵᠤ᠂ ᠲᠦᠷᠦᠯ ᠵᠦᠶ᠋ᠯ ᠢ ᠳᠠᠷᠠᠭᠠᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷ ᠴᠢᠨᠰᠠᠭ᠎ᠠ ᠪᠣᠯᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠷᠠᠳ ᠣᠯᠠᠨ ᠤ ᠰᠤᠷᠭᠠᠨ ᠬᠥᠮᠦᠵᠢᠯ ᠤᠨ ᠬᠦᠷᠲᠡᠮᠵᠢ ᠶᠢᠨ ᠲᠥᠷᠥᠭᠳᠡᠯ ᠪᠣᠯᠤᠨ ᠵᠤᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠵᠣᠬᠢᠶᠠᠭᠴᠢ᠄  ᠨᠠᠪᠴᠢ ᠴᠠᠶᠢᠯᠭᠠᠨ ᠳᠡᠷᠬᠡᠯ 



  
     
     