

ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ

2019-10-02 17:12
  324
  0
 10 ᠰᠠᠷ᠎ᠠ ᠶᠢᠨ 1 ᠤ ᠦᠳᠡ ᠶᠢᠨ ᠡᠮᠦᠨ᠎ᠠ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠪᠤᠯᠤᠨ ᠤᠯᠠᠨ ᠲᠦᠮᠡᠨ ᠤ ᠵᠢᠬᠰᠠᠭᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠬᠳᠠᠪᠠ᠃ ᠯᠢ ᠵᠢᠢ ᠾᠸᠡᠭ᠂ ᠪᠦ᠋ ᠰᠢᠶᠤᠤ ᠯᠢᠨ᠂ ᠯᠢ ᠰᠢᠤ ᠯᠢᠩ ᠵᠡᠷᠭᠡ ᠦᠪᠡᠷᠳᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠺᠠᠳ᠋ᠷ ᠬᠦᠬᠡᠬᠤᠳᠠ ᠳᠤ ᠬᠠᠮᠳᠤ ᠪᠠᠷ ᠦᠪᠡᠳᠡᠭᠰᠢ ᠪᠠᠶᠢᠳᠠᠯ ᠤᠨ ᠰᠢᠭᠤᠳ ᠨᠡᠪᠳᠡᠷᠡᠬᠦᠯᠭᠡ ᠶᠢ ᠰᠣᠨᠢᠷᠬᠠᠵᠣ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠡᠷᠢᠶ᠎ᠠ ᠶᠢ ᠰᠤᠨᠤᠰᠪᠡ᠃
  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠤᠨ ᠭᠡᠷ ᠲᠤ ᠲᠦᠪ ᠤᠨ ᠲᠧᠯᠸᠢᠰ ᠬᠤᠷᠢᠶᠠᠨ ᠤ ᠰᠤᠨᠢᠨ ᠮᠡᠳᠡᠭᠡᠨ ᠤ ᠰᠤᠪᠠᠭ ᠤᠨ ᠰᠢᠭᠤᠳ ᠨᠡᠪᠳᠡᠷᠡᠬᠦᠯᠭᠡ ᠶᠢᠨ ᠫᠷᠦᠭᠷᠡᠮ ᠢ ᠨᠡᠪᠳᠡᠷᠡᠬᠦᠯᠵᠦ᠂ ᠦᠪᠡᠷᠳᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠺᠠᠳ᠋ᠷᠴᠣᠳ ᠠᠩᠬᠠᠷᠣᠯ ᠢᠶᠠᠨ ᠲᠦᠪᠯᠡᠷᠡᠬᠦᠯᠦᠨ ᠬᠦᠯᠢᠶᠡᠨ ᠠᠪᠴᠤ ᠦᠵᠡᠪᠡ᠃ ᠰᠢᠭᠤᠳ ᠨᠡᠪᠳᠡᠷᠡᠬᠦᠯᠬᠡ ᠲᠠᠭᠤᠰᠤᠬᠰᠠᠨ ᠤ ᠲᠠᠷᠠᠭ᠎ᠠ᠂ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠨᠠᠰᠤᠨᠮᠦ᠋ᠡᠭᠭᠡ ᠤᠢᠢᠯᠠᠭᠠᠯᠳᠠ ᠲᠦᠷᠦᠭᠳᠡᠯ ᠢᠶᠠᠨ ᠶᠠᠷᠢᠪᠠ᠃ ᠤᠯᠠᠨ ᠤ ᠦᠬᠡ ᠶᠠᠷᠢᠶᠠᠨ ᠳᠤ ᠬᠦᠨ ᠰᠡᠳᠬᠢᠯᠭᠡ᠂ ᠤᠮᠤᠬ ᠪᠠᠭ᠋ᠠᠳᠣᠯ᠂ ᠢᠳᠡᠭᠡᠯ ᠵᠤᠷᠢᠭ ᠪᠢᠯᠬᠠᠵᠤ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠢ ᠬᠦᠮᠦᠰ ᠢ ᠤᠷᠮᠠᠰᠢᠭᠤᠯᠣᠨ ᠵᠣᠷᠢᠭᠵᠢᠭᠤᠯᠵᠤ᠂ ᠤᠷᠤᠬᠰᠢᠯᠠᠨ ᠲᠠᠪᠰᠢᠬᠤ ᠡᠷᠴᠢ ᠵᠤᠷᠢᠭ ᠢ ᠬᠦᠪᠴᠢᠯᠡᠭᠰᠡᠨ ᠢ ᠣᠯᠠᠨ ᠢᠶᠠᠷ ᠢᠶᠠᠨ ᠭᠦᠨᠵᠡᠭᠡᠢ ᠣᠢᠢᠯᠠᠭᠠᠪᠠ᠃ ᠳᠡᠳᠡ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠪᠦᠷ ᠮᠤᠩᠭᠤᠯ ᠤᠨ ᠡᠯ᠎ᠠ ᠵᠦᠢᠯ ᠤᠨ ᠠᠵᠢᠯ ᠢ ᠰᠠᠶᠢᠳᠤᠷ ᠬᠢᠬᠦ ᠢᠳᠡᠭᠡᠯ ᠵᠤᠷᠢᠭ ᠢ ᠨᠠᠩ ᠪᠠᠳᠤᠳᠬᠠᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠦ ᠶᠢ ᠲᠡᠷᠭᠡᠯᠰᠢᠬᠦᠯᠬᠦ ᠶᠢᠨ ᠲᠦᠯᠦᠭᠡ ᠴᠦᠬᠦᠷᠡᠯ ᠦᠭᠡᠢ ᠴᠢᠷᠮᠠᠶᠢᠨ ᠲᠡᠮᠡᠴᠡᠨ᠎ᠠ ᠭᠡᠵᠦ ᠢᠯᠡᠷᠬᠡᠶᠢᠯᠡᠵᠡᠬᠡᠪᠡ᠃
  ᠯᠢ ᠵᠢᠢ ᠾᠸᠡᠭ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠡᠷᠢᠶ᠎ᠠ ᠨᠢ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ ᠡᠨᠡ ᠬᠦ ᠠᠭᠤᠤ ᠶᠡᠭᠡ ᠬᠡᠷᠡᠭ ᠶᠠᠪᠣᠳᠠᠯ ᠤᠨ ᠲᠡᠤᠭᠡᠳᠦ ᠠᠴᠢ ᠬᠤᠯᠪᠣᠭᠳᠠᠯ ᠢ ᠭᠦᠨᠵᠡᠭᠡᠢ ᠦᠭᠦᠯᠡᠵᠣ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠲᠤᠷᠰᠢᠬᠢ ᠠᠭᠤᠤ ᠶᠡᠭᠡ ᠠᠮᠵᠢᠯᠳᠠ ᠪᠦᠳᠦᠮᠵᠢ ᠶᠢ ᠲᠤᠪᠴᠢ ᠠᠪᠰᠠᠷ ᠳᠣᠭᠠᠴᠢᠵᠣ᠂ ᠤᠷᠤᠬᠰᠢᠯᠠᠨ ᠲᠠᠪᠰᠢᠬᠤ ᠠᠶᠠᠨ ᠳᠠᠭᠠᠨ ᠲᠠᠤᠬᠡ ᠶᠢᠨ ᠰᠢᠨ᠎ᠠ ᠠᠭᠤᠣ ᠦᠢᠯᠡᠰ ᠢ ᠲᠠᠰᠤᠷᠠᠯᠳᠠ ᠦᠭᠡᠢ ᠨᠡᠭᠡᠭᠡᠭᠦ ᠠᠭᠤᠤ ᠶᠡᠭᠡ ᠤᠷᠢᠶᠠᠯᠠᠭ᠎ᠠ ᠭᠠᠷᠭᠠᠵᠠᠢ᠃ ᠶᠡᠷᠦᠩᠭᠡᠢ ᠱᠦᠵᠢ ᠶᠢᠨ ᠴᠢᠬᠤᠯᠠ ᠶᠡᠷᠢᠶ᠎ᠠ ᠨᠢ ᠰᠦᠷ ᠵᠢᠪᠬᠤᠭᠠᠳᠠᠢ ᠮᠦᠷᠳᠡᠭᠡᠨ ᠢᠳᠡᠯᠢᠭ ᠬᠦᠴᠦᠨ ᠪᠦᠬᠦᠢ ᠲᠠᠭᠤᠨ ᠪᠣᠯᠵᠣ᠂ ᠮᠠᠨ ᠳᠤ ᠯᠤᠳᠤ ᠶᠡᠭᠡ ᠵᠤᠷᠢᠭᠵᠢᠭᠤᠯᠤᠯ ᠪᠤᠯᠵᠣ ᠬᠢᠵᠠᠭᠠᠯᠠᠰᠢ ᠦᠭᠡᠢ ᠬᠦᠴᠦᠨ ᠴᠢᠳᠠᠯ ᠤᠯᠭᠤᠵᠤ᠂ ᠮᠠᠨ ᠳᠤ ᠨᠠᠩ ᠡᠷᠡᠰ ᠪᠠᠳᠣ ᠢᠳᠡᠭᠡᠯ ᠪᠣᠯᠣᠨ ᠡᠷᠴᠢ ᠵᠣᠷᠢᠭ ᠣᠯᠭᠤᠵᠠᠢ᠃ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠨᠢ ᠪᠦᠬᠦ ᠲᠡᠯᠡᠭᠡᠢ ᠳᠤ ᠮᠠᠨ ᠤ ᠤᠯᠤᠰ ᠤᠨ ᠲᠠᠰᠤᠷᠠᠯᠳᠠ ᠦᠭᠡᠢ ᠬᠦᠴᠦᠷᠭᠡᠭᠵᠢᠨ ᠪᠤᠵᠠᠭᠠᠢᠢᠷᠠᠵᠤ ᠪᠠᠶᠢᠭ᠎ᠠ ᠤᠯᠤᠰ ᠤᠨ ᠶᠡᠷᠦᠩᠭᠡᠶᠢᠯᠡᠭᠰᠡᠨ ᠪᠣᠳᠠᠳᠣ ᠬᠦᠴᠦᠨ ᠪᠠ ᠴᠡᠷᠢᠭ ᠤᠨ ᠶᠠᠪᠤᠳᠠᠯ ᠤᠨ ᠪᠤᠳᠠᠳᠤ ᠬᠦᠴᠦᠨ ᠢ ᠲᠦᠪᠯᠡᠷᠡᠬᠦᠯᠦᠨ ᠭᠠᠶᠢᠬᠠᠭᠤᠯᠪᠠ᠃ ᠤᠯᠠᠨ ᠲᠦᠮᠡᠨ ᠤ ᠵᠢᠬᠰᠠᠭᠠᠯ ᠨᠢ ᠦᠪᠡᠳᠡᠭᠰᠢ ᠶᠡᠭᠡ ᠬᠦᠷ ᠬᠦᠭᠵᠢᠶᠡᠨ ᠲᠠᠢ᠂ ᠤᠯᠠᠨ ᠵᠦᠢᠯ ᠤᠨ ᠬᠡᠯᠪᠡᠷᠢ ᠶᠠᠩᠵᠣ ᠪᠠᠷ ᠶᠠᠪᠣᠭᠳᠠᠵᠣ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠵᠦ ᠪᠠᠶᠢᠭ᠎ᠠ ᠲᠤᠬᠳᠤᠯᠤᠬᠰᠠᠨ ᠰᠡᠳᠬᠢᠯ ᠢ ᠬᠦᠢᠴᠡᠳ ᠢᠯᠡᠳᠭᠡᠵᠦ᠂ ᠠᠭᠤᠤ ᠶᠡᠭᠡ ᠡᠬᠡ ᠣᠯᠣᠰ ᠲᠠᠭᠠᠨ ᠲᠡᠪᠰᠢᠬᠦᠯᠬᠦ ᠰᠠᠶᠢᠨ ᠰᠠᠶᠢᠬᠠᠨ ᠬᠦᠰᠡᠯ ᠵᠦᠡᠭᠨᠡᠯ ᠢ ᠭᠦᠢᠴᠡᠳ ᠢᠯᠡᠷᠡᠬᠦᠯᠪᠡ᠃ ᠲᠡᠤᠬᠡ ᠶᠢᠨ ᠰᠢᠨ᠎ᠠ ᠭᠠᠷᠤᠭ᠎ᠠ ᠲᠡᠭᠡᠷ᠎ᠠ᠂ ᠪᠢᠳᠡ ᠡᠷᠭᠡᠪᠰᠢ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠶᠡᠷᠦᠩᠭᠡᠢ ᠱᠦᠵᠢ ᠰᠢ ᠶᠢᠨ ᠫᠢᠡᠭ ᠤᠨ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠬᠦᠯᠵᠦ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤ ᠪᠠᠷ ᠲᠡᠷᠭᠡᠯᠰᠢᠬᠦᠯᠬᠦ ᠰᠢᠨ᠎ᠠ ᠬᠠᠭᠤᠳᠠᠰᠤ ᠶᠢ ᠬᠦᠴᠦᠯᠡᠨ ᠪᠢᠴᠢᠭᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃
  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠳᠦᠯᠳᠡᠢ ᠪᠠᠶᠢᠷᠢᠯᠠᠭᠤᠯᠤᠯᠳᠠ ᠪᠠᠷ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠡᠯ᠎ᠠ ᠪᠠᠶᠢᠭᠤᠯᠭ᠎ᠠ ᠨᠢᠭᠡᠴᠢ ᠬᠦᠯᠢᠶᠠᠨ ᠰᠤᠨᠤᠰᠴᠦ ᠬᠦᠯᠢᠶᠠᠨ ᠰᠣᠨᠢᠷᠬᠠᠬᠤ ᠠᠵᠢᠯᠯᠠᠭ᠎ᠠ ᠵᠤᠬᠢᠶᠠᠨ ᠪᠠᠶᠢᠭᠤᠯᠵᠠᠢ᠃
ᠵᠣᠬᠢᠶᠠᠭᠴᠢ᠄  ᠳ᠋ᠠᠢ ᠬᠤᠨᠭ᠌



  
     
     