

ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠶᠢᠨ ᠬᠤᠷᠠᠯ

2019-11-15 22:46
  53
  0
ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠶᠢᠨ ᠬᠤᠷᠠᠯ ᠬᠥᠬᠡᠬᠤᠲᠠ ᠳᠤ ᠶᠠᠪᠣᠭᠳᠠᠪᠠ

  ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 14 ᠤ ᠡᠳᠦᠷ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠶᠢᠨ ᠬᠤᠷᠠᠯ ᠬᠥᠬᠡᠬᠤᠲᠠ ᠳᠤ ᠶᠠᠪᠤᠭᠳᠠᠪᠠ᠃ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠲᠡᠷᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠲᠣᠭᠲᠠᠯ ᠬᠦᠴᠦᠨ ᠢᠶᠠᠨ ᠪᠠᠲᠤᠯᠠᠵᠤ᠂ ᠡᠷᠡᠮᠡᠭᠡᠶᠢᠯᠡᠨ ᠲᠠᠪᠰᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠳᠦᠷᠢᠮ ᠤᠨ ᠰᠢᠨ᠎ᠡ ᠡᠭᠦᠳᠦᠯᠲᠡ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠡᠰᠡᠭ ᠮᠤᠵᠢ ᠶᠢᠨ ᠲᠡᠰ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠢ᠃
   ᠲᠣᠰ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠬᠤᠷᠠᠯ ᠤᠨ ᠲᠥᠪ ᠤᠨ ᠣᠯᠠᠨ ᠴᠢᠳᠠᠪᠬᠢᠳᠦ ᠲᠢᠩᠬᠢᠮ ᠳᠤ ᠬᠥᠮᠦᠰ ᠳᠦᠭᠦᠷᠳᠡᠯ᠎ᠠ ᠰᠠᠭᠤᠵᠠᠢ᠃ ᠮᠡᠳᠡᠬᠦᠯᠦᠯᠳᠠ ᠶᠢᠨ ᠬᠤᠷᠠᠯ ᠳᠡᠭᠡᠷ᠎ᠠ᠂ ᠱᠢ ᠲᠠᠢ ᠹᠧᠩ ᠪᠥᠬᠦᠳᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠭᠤᠤᠯ ᠰᠡᠳᠦᠪ᠂ ᠬᠤᠷᠠᠯᠳᠤᠭᠤᠯᠤᠭᠰᠠᠨ ᠣᠨᠴᠠᠭᠠᠢ ᠴᠠᠭ ᠲᠣᠬᠢᠶᠠᠯ᠂ ᠭᠠᠷᠭᠠᠭᠰᠠᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠳ᠋ᠦᠩᠨᠡᠭᠰᠡᠨ ᠬᠥᠭᠵᠢᠯᠲᠡ ᠶᠢᠨ ᠠᠮᠵᠢᠯᠲᠠ ᠪᠦᠲᠦᠮᠵᠢ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯ ᠮᠠᠨ ᠤ ᠨᠠᠮ ᠤᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠤᠬᠡᠨ ᠠᠭᠤᠯᠵᠠᠷ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠲᠠᠰᠢᠷᠠᠮ ᠳᠤ᠂ ᠮᠠᠨ ᠤ ᠤᠯᠤᠰ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠠ ᠳᠤ ᠤᠷᠤᠬᠰᠠᠨ ᠦᠶᠡᠰ ᠲᠤ ᠬᠤᠷᠠᠯᠳᠤᠭᠤᠯᠤᠭᠰᠠᠨ ᠨᠢᠭᠡ ᠤᠳᠠᠭᠠᠨ ᠤ ᠪᠦᠳᠦᠭᠡᠯᠴᠢ ᠴᠢᠨᠠᠷᠳᠠᠢ᠂ ᠬᠦᠰᠢᠶ᠎ᠠ ᠲᠡᠮᠳᠡᠭ ᠤᠨ ᠠᠴᠢ ᠬᠤᠯᠪᠣᠭᠳᠠᠯ ᠪᠦ᠋ᠬᠦᠢ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠤᠨ ᠲᠤᠬᠠᠢ ᠭᠤᠤᠯᠳᠠᠯᠭ᠎ᠠ ᠲᠠᠢ ᠰᠤᠳᠤᠯᠬᠤ ᠶᠢᠨ ᠬᠠᠮᠲᠤ ᠲᠣᠭᠲᠠᠭᠠᠯ ᠭᠠᠷᠭᠠᠪᠠ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠲᠥᠷᠦ ᠶᠢᠨ ᠲᠠᠯ᠎ᠠ ᠠᠴᠠ᠂ ᠪᠦᠬᠦ ᠲᠠᠯ᠎ᠠ ᠠᠴᠠ᠂ ᠪᠠᠶᠢᠯᠳᠤᠬᠤ ᠪᠣᠳᠣᠯᠭ᠎ᠠ ᠶᠢᠨ ᠡᠬᠦᠳᠡᠨ ᠠᠴᠠ ᠪᠦᠬᠦ ᠲᠠᠯ᠎ᠠ ᠶᠢ ᠪᠣᠳᠣᠯᠬᠢᠯᠠᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ ᠪᠠᠶᠢᠭᠠᠳ ᠭᠠᠷᠭᠠᠭᠰᠠᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠭᠤᠤᠯᠳᠠᠯᠭ᠎ᠠ ᠲᠠᠢ ᠡᠭᠦᠷᠭᠡ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠤᠷᠤᠭᠰᠢ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ᠰᠠᠨᠠᠭᠠᠴᠢᠯᠠᠭᠠᠲᠤ ᠡᠷᠬᠡ ᠶᠢ ᠣᠯᠬᠤ ᠶᠢᠨ ᠬᠦᠴᠦᠲᠡᠶ ᠪᠠᠲᠤᠯᠠᠭ᠎ᠠ   ᠪᠣᠯᠤᠨ᠎ᠠ᠃ ᠪᠥᠬᠦᠳᠡ ᠬᠤᠷᠠᠯ ᠠᠴᠠ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠳᠤ ᠶᠠᠭᠤ ᠶᠢ ᠪᠠᠷᠢᠮᠲᠠᠯᠠᠨ ᠪᠠᠬᠢᠵᠢᠭᠦᠯᠬᠦ᠂ ᠶᠠᠭᠤ ᠶᠢ ᠲᠡᠭᠦᠯᠳᠡᠷᠵᠢᠭᠦᠯᠦᠨ ᠬᠥᠭᠵᠢᠭᠦᠯᠬᠦ ᠭᠡᠬᠦ ᠴᠢᠬᠤᠯᠠ ᠶᠡᠭᠡ ᠤᠯᠤᠰ ᠲᠥᠷᠥ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠵᠢᠷᠤᠭ ᠲᠦᠰᠦᠪ ᠢ ᠵᠢᠷᠤᠭᠯᠠᠵᠤ᠂ ᠪᠦᠬᠦ ᠨᠠᠮ᠂ ᠪᠦᠬᠦ ᠤᠯᠤᠰ᠂ ᠪᠦᠬᠦ ᠳᠡᠯᠡᠬᠡᠢ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠠᠩ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠣᠯᠭᠠᠬᠤ ᠢᠲᠡᠭᠡᠯ ᠵᠣᠷᠢᠭ ᠪᠠ ᠴᠢᠳᠠᠪᠤᠷᠢ ᠲᠠᠢ ᠪᠠᠶᠢᠬᠤ ᠪᠠᠨ ᠲᠦᠪ ᠴᠢᠩᠭ᠎ᠠ ᠪᠠᠷ ᠲᠤᠩᠬᠠᠬᠯᠠᠪᠠ᠃ ᠪᠢᠳᠡ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠶ ᠭᠡᠪᠡ᠃
  ᠱᠢ ᠲᠠᠢ ᠹᠧᠩ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠰᠢᠰᠲ᠋ᠧᠮ ᠤᠨ ᠢᠯᠡᠷᠬᠡᠢ ᠳᠠᠪᠠᠭᠤᠯᠢᠭ ᠢ ᠭᠦᠨᠵᠡᠭᠡᠶ ᠳᠤᠳᠤᠷᠬᠠᠢᠢᠯᠠᠨ ᠦᠭᠦᠯᠡᠪᠡ᠃ ᠲᠡᠷᠡ᠂ ᠪᠥᠬᠦᠳᠡ ᠬᠤᠷᠠᠯ ᠠᠴᠠ ᠰᠢᠰᠲ᠋ᠧᠮ ᠲᠠᠢ ᠳ᠋ᠦᠩᠨᠡᠭᠰᠡᠨ 13 ᠲᠠᠯ᠎ᠠ ᠶᠢᠨ ᠳᠠᠪᠠᠭᠤᠯᠢᠭ ᠢ ᠣᠶᠢᠯᠠᠭᠠᠨ ᠡᠵᠡᠮᠳᠡᠬᠦ ᠳᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠡᠵᠡᠮᠰᠢᠬᠦ ᠪᠠᠷ ᠳᠠᠮᠵᠢᠨ᠂ ᠦᠨᠡᠯᠡᠨ ᠮᠠᠭᠠᠳᠯᠠᠵᠦ ᠡᠵᠡᠮᠳᠡᠬᠦ ᠪᠠᠷᠢᠮᠵᠢᠶ᠎ᠠ᠂ ᠤᠯᠠᠷᠢᠨ ᠬᠤᠪᠢᠷᠠᠵᠤ ᠪᠦᠷᠢᠯᠳᠦᠬᠦ ᠵᠢᠮ᠎ᠡ ᠶᠣᠰᠣ᠂ ᠰᠢᠨᠵᠢ ᠴᠢᠨᠠᠷ ᠪᠣᠯᠤᠨ ᠦᠪᠡᠷ ᠢ ᠪᠠᠨ ᠲᠡᠬᠦᠯᠳᠡᠷᠵᠢᠬᠦᠯᠬᠦ ᠴᠢᠳᠠᠪᠤᠷᠢ ᠵᠡᠷᠭᠡ ᠠᠰᠠᠭᠤᠳᠠᠯ ᠢ ᠲᠤᠳᠤᠷᠬᠠᠢ ᠡᠮᠬᠢᠯᠡᠵᠦ᠂ ᠳᠤᠮᠳᠠᠳᠤ ᠶᠢᠨ ᠪᠣᠯᠪᠠᠰᠤᠨ ᠤ ᠲᠡᠤᠬᠡ᠂ ᠳᠤᠮᠳᠠᠳᠤ ᠤᠯᠤᠰ ᠤᠨ ᠬᠥᠭᠵᠢᠯᠲᠡ ᠶᠢᠨ ᠲᠡᠤᠬᠡ ᠪᠠ ᠨᠠᠮ ᠤᠨ ᠲᠡᠮᠡᠴᠡᠯ ᠤᠨ ᠲᠡᠤᠬᠡ ᠲᠠᠢ ᠤᠶᠠᠯᠳᠤᠭᠤᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠭᠦᠨ ᠵᠤᠵᠠᠭᠠᠨ ᠲᠡᠤᠬᠡ ᠶᠢᠨ ᠤᠤᠷ ᠲᠤᠨᠤᠳᠠᠰᠤ ᠶᠢ ᠭᠦᠨᠵᠡᠭᠡᠶ ᠣᠶᠢᠯᠠᠭᠠᠨ ᠡᠵᠡᠮᠰᠢᠵᠦ᠂ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠡᠬᠦᠳᠦᠭᠰᠡᠨ ᠠᠵᠤ ᠠᠬᠤᠢ ᠲᠦᠷᠭᠡᠨ ᠬᠦᠭᠵᠢᠵᠦ᠂ ᠨᠡᠶᠢᠭᠡᠮ ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠠᠴᠠ ᠭᠠᠷᠳᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠡᠯᠪᠡᠭ ᠪᠠᠶᠠᠯᠢᠭ ᠦᠢᠯᠡᠳᠦᠯᠭᠡ ᠶᠢᠨ ᠦᠷ᠎ᠡ ᠪᠦᠲᠦᠭᠡᠯ ᠢ ᠭᠦᠨᠵᠡᠭᠡᠶ ᠣᠶᠢᠯᠠᠭᠠᠨ ᠡᠵᠡᠮᠰᠢᠬᠦ ᠬᠡᠷᠡᠭᠲᠡᠶ᠃ ᠪᠢᠳᠡ ᠤᠯᠤᠰ ᠲᠥᠷᠥ ᠶᠢᠨ ᠲᠠᠯ᠎ᠠ ᠪᠠᠷ ᠬᠢ ᠮᠡᠷᠭᠡᠨ ᠬᠥᠮᠦᠨ ᠪᠣᠯᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠤᠷ᠎ᠠ ᠪᠦᠷ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠵᠡᠬᠦᠨ ᠪᠠᠷᠠᠭᠤᠨ ᠡᠮᠦᠨ᠎ᠠ ᠤᠮᠠᠷ᠎ᠠ ᠶᠢᠨ ᠰᠡᠯᠬᠢᠨ ᠬᠡᠷᠬᠢᠨ ᠦᠯᠢᠶᠡᠭᠰᠡᠨ ᠴᠤ᠂ ᠮᠢᠩᠭᠠᠨᠳᠠ ᠳᠠᠪᠳᠠᠵᠤ ᠲᠦᠮᠡᠨᠳᠡ ᠳᠠᠭᠠᠷᠢᠭᠰᠠᠨ ᠴᠦ ᠤᠶᠠᠨ ᠬᠠᠳᠠᠨ ᠬᠡᠪ ᠢᠶᠠᠷ ᠢᠶᠠᠨ ᠪᠠᠶᠢᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠠᠢ᠃
  ᠱᠢ ᠲᠠᠢ ᠹᠧᠩ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠶᠡᠷᠦᠩᠬᠡᠢ ᠬᠠᠷᠠᠯᠳᠠ ᠪᠤᠯᠤᠨ ᠭᠤᠤᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠲᠤᠳᠤᠷᠬᠠᠢᠢᠯᠠᠨ ᠲᠠᠶᠢᠯᠪᠤᠷᠢᠯᠠᠪᠠ᠃ ᠲᠡᠷᠡ᠂ ᠪᠦᠭᠦᠳᠡ ᠬᠤᠷᠠᠯ ᠠᠴᠠ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠪᠤᠯᠤᠨ ᠶᠡᠷᠦᠩᠬᠡᠢ ᠬᠠᠷᠠᠯᠳᠠ ᠨᠢ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠶᠢ ᠴᠢᠬᠤᠯᠠᠴᠢᠯᠠᠭᠰᠠᠨ ᠪᠦᠭᠡᠳ ᠴᠢᠬᠤᠯᠠ ᠶᠡᠭᠡ ᠴᠢᠭᠯᠡᠯᠳᠡ ᠵᠠᠷᠴᠢᠮ ᠢ ᠳᠤᠳᠤᠷᠬᠠᠢᠢᠯᠠᠵᠤ᠂ ᠦᠨᠳᠦᠰᠦᠨ ᠪᠤᠳᠤᠯᠬᠢᠯᠠᠯ ᠢ ᠲᠤᠳᠤᠷᠬᠠᠢ ᠦᠭᠦᠯᠡᠭᠰᠡᠨ ᠪᠦᠭᠡᠳ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ ᠪᠠᠨ ᠲᠤᠭᠳᠠᠭᠠᠵᠤ᠂ ᠵᠠᠮ ᠱᠤᠭᠤᠮ ᠤᠨ ᠵᠢᠷᠤᠭ ᠪᠠᠶᠢᠬᠤ ᠪᠦᠭᠡᠳ ᠴᠠᠭ ᠤᠨ ᠬᠦᠰᠦᠨᠦᠭᠳᠤ ᠴᠤ ᠪᠠᠶᠢᠵᠤ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠶᠡᠷᠦᠩᠬᠡᠢ ᠴᠢᠭᠯᠡᠯ ᠪᠠ ᠶᠡᠷᠦᠩᠬᠡᠢ ᠵᠢᠷᠤᠮᠯᠠᠯ ᠮᠦᠨ᠃ ᠪᠦᠭᠦᠳᠡ ᠬᠤᠷᠠᠯ ᠠᠴᠠ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠳᠠ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠭᠳᠠᠭᠠᠭᠰᠠᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠪᠤᠯᠤᠨ ᠭᠤᠤᠯᠳᠠᠯᠭ᠎ᠠ ᠲᠠᠢ ᠡᠭᠦᠷᠭᠡ ᠶᠢ ᠭᠦᠢᠴᠡᠳ ᠢᠯᠡᠷᠡᠭᠦᠯᠵᠦ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠬᠦᠭᠵᠢᠭᠦᠯᠬᠦ ᠶᠢᠨ ᠳᠦᠷᠢᠮ ᠤᠨ ᠲᠠᠯ᠎ᠠ ᠶᠢᠨ ᠪᠤᠳᠠᠳᠠᠢ ᠬᠡᠷᠡᠭᠵᠢᠭᠦᠯᠦᠯᠳᠡ ᠮᠦᠨ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ᠂ ᠤᠯᠤᠰ ᠤᠨ ᠵᠠᠰᠠᠯᠳᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠭᠤᠤᠯ ᠰᠢᠪᠳᠤᠯᠤᠯᠳᠠ ᠶᠢᠨ ᠴᠢᠭᠯᠡᠯ ᠪᠠ ᠬᠦᠴᠦᠯᠡᠬᠦ ᠴᠡᠭ ᠮᠦᠨ᠃ ᠪᠢᠳᠡ ᠭᠦᠨᠵᠡᠭᠡᠢ ᠤᠢᠢᠯᠠᠭᠠᠵᠤ᠂ ᠤᠨᠤᠪᠴᠢᠳᠠᠢ ᠡᠵᠡᠮᠳᠡᠵᠤ᠂ ᠨᠠᠮ ᠪᠤᠯᠤᠨ ᠤᠯᠤᠰ ᠤᠨ ᠦᠢᠯᠡᠰ ᠤᠨ ᠳᠦᠷᠢᠮ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ ᠠᠵᠢᠯ ᠢᠶᠠᠨ ᠰᠠᠶᠢᠳᠤᠷ ᠬᠢᠬᠦ ᠬᠡᠷᠡᠭᠳᠠᠢ ᠭᠡᠪᠡ᠃
  ᠱᠢ ᠲᠠᠢ ᠹᠧᠩ᠂ ᠪᠢᠳᠡ ᠨᠠᠮ ᠤᠨ ᠲᠦᠪ ᠬᠤᠷᠢᠶᠠᠨ ᠤ ᠨᠢᠭᠡᠳᠦᠯᠳᠠᠢ ᠤᠳᠤᠷᠢᠳᠤᠯᠭ᠎ᠠ ᠳᠤᠤᠷ᠎ᠠ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠤ᠂ ᠨᠠᠷᠢᠯᠢᠭ ᠵᠤᠬᠢᠶᠠᠨ ᠪᠠᠶᠢᠭᠤᠯᠵᠤ᠂ ᠬᠤᠯᠠ ᠤᠢᠢᠷ᠎ᠠ ᠶᠢ ᠤᠶᠠᠯᠳᠤᠭᠤᠯᠤᠨ᠂ ᠪᠦᠬᠦᠯᠢ ᠴᠤᠭᠴᠠ ᠪᠠᠷ ᠨᠢ ᠠᠬᠢᠭᠤᠯᠵᠤ᠂ ᠪᠦᠭᠦᠳᠡ ᠬᠤᠷᠠᠯ ᠤᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠲᠤᠭᠤᠰᠢᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠤᠳᠤᠷᠢᠳᠬᠤ᠂ ᠬᠢᠨᠠᠨ ᠡᠵᠡᠮᠳᠡᠬᠦ ᠦᠢᠯᠡᠳᠦᠯ ᠢᠶᠠᠨ ᠨᠡᠩ ᠰᠠᠶᠢᠳᠦᠷ ᠪᠠᠳᠠᠷᠠᠭᠤᠯᠵᠤ᠂ ᠡᠯ᠎ᠠ ᠵᠦᠢᠯ ᠤᠨ ᠠᠵᠢᠯ ᠢ ᠠᠬᠢᠭᠤᠯᠬᠤ ᠳᠠᠭᠠᠨ ᠪᠦᠷ ᠦᠨᠳᠦᠰᠦᠨ ᠳᠦᠷᠢᠮ᠂ ᠰᠠᠭᠤᠷᠢ ᠳᠦᠷᠢᠮ᠂ ᠴᠢᠬᠤᠯᠠ ᠳᠦᠷᠢᠮ ᠢ ᠵᠢᠷᠤᠮᠯᠠᠵᠤ᠂ ᠡᠯ᠎ᠠ ᠵᠦᠢᠯ ᠤᠨ ᠦᠢᠯᠡᠰ ᠤᠨ ᠬᠦᠭᠵᠢᠯᠳᠡ ᠢᠮᠠᠭᠳᠠ ᠵᠦᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠬᠤ ᠬᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠵᠤᠭᠰᠤᠴᠠ ᠪᠤᠯᠤᠨ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠤ᠂ ᠠᠰᠠᠭᠤᠳᠠᠯ ᠢ ᠪᠤᠳᠤᠯᠬᠢᠯᠠᠬᠤ᠂ ᠰᠢᠢᠳᠪᠦᠷᠢᠳᠤ ᠪᠤᠳᠤᠯᠭ᠎ᠠ ᠭᠠᠷᠭᠠᠬᠤ᠂ ᠨᠠᠶᠢᠳᠠᠪᠤᠷᠢᠵᠢᠭᠤᠯᠤᠯᠳᠠ ᠶᠢ ᠠᠳᠬᠤᠬᠤ ᠳᠠᠭᠠᠨ ᠴᠦᠮ ᠤᠬᠠᠮᠰᠠᠷ ᠠᠴᠠ ᠪᠠᠨ ᠳᠦᠷᠢᠮ ᠢᠶᠠᠷ ᠪᠠᠷᠢᠮᠵᠢᠶᠠᠯᠠᠨ ᠬᠠᠷᠭᠤᠭᠤᠯᠵᠤ᠂ ᠴᠢᠭᠯᠡᠯ ᠤᠨ ᠴᠢᠨᠠᠷᠳᠠᠢ ᠠᠰᠠᠭᠤᠳᠠᠯ ᠳᠤ ᠡᠷᠬᠡᠪᠰᠢ ᠡᠳᠡᠭᠡᠷ ᠳᠦᠷᠢᠮ ᠢᠶᠠᠷ ᠪᠠᠷᠢᠮᠵᠢᠶ᠎ᠠ ᠪᠤᠯᠭᠠᠵᠤ᠂ ᠪᠠᠶᠢᠭᠤᠯᠤᠯ ᠤᠨ ᠲᠠᠯ᠎ᠠ ᠶᠢᠨ ᠵᠠᠷᠴᠢᠮ ᠤᠨ ᠴᠢᠨᠠᠷᠳᠠᠢ ᠠᠰᠠᠭᠤᠳᠠᠯ ᠳᠤ ᠡᠷᠬᠡᠪᠰᠢ ᠲᠤᠭ ᠳᠡᠮᠳᠡᠭ ᠳᠤᠳᠤᠷᠬᠠᠢ᠂ ᠵᠤᠭᠰᠤᠴᠠ ᠪᠠᠳᠤ ᠴᠢᠩᠭ᠎ᠠ ᠪᠠᠶᠢᠵᠤ᠂ ᠦᠴᠦᠬᠡᠨ ᠴᠤ ᠠᠯᠳᠠᠭ᠎ᠠ ᠵᠦᠷᠢᠶ᠎ᠠ ᠭᠠᠷᠭᠠᠵᠤ ᠪᠤᠯᠬᠤ ᠦᠭᠡᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠲᠤᠰ ᠪᠠᠶᠢᠭᠤᠯᠭ᠎ᠠ ᠨᠢᠭᠡᠴᠢ ᠶᠢᠨ ᠢᠶᠠᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠰᠲ᠋ᠧᠮ ᠲᠠᠢ ᠡᠮᠬᠢᠯᠡᠨ ᠰᠤᠳᠤᠯᠵᠤ᠂ ᠨᠠᠷᠢᠨ ᠨᠢᠭᠳᠠ ᠮᠦᠷᠳᠡᠨ ᠨᠠᠶᠢᠳᠠᠪᠤᠷᠢᠵᠢᠭᠤᠯᠵᠤ᠂ ᠢᠳᠡᠪᠬᠢᠳᠠᠢ ᠪᠠᠷ ᠰᠢᠨ᠎ᠠ ᠶᠢ ᠡᠭᠦᠳᠦᠨ ᠰᠦᠪᠡᠭᠴᠢᠯᠡᠵᠤ᠂ ᠵᠤᠬᠢᠶᠠᠨ ᠪᠠᠶᠢᠭᠤᠯᠤᠨ ᠠᠬᠢᠭᠤᠯᠬᠤ ᠡᠯ᠎ᠠ ᠲᠠᠯ᠎ᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠵᠢᠴᠢ ᠡᠯ᠎ᠠ ᠱᠠᠳᠤᠨ ᠤ ᠤᠳᠤᠷᠢᠳᠬᠤ ᠺᠠᠳ᠋ᠷ ᠳᠦᠷᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠳᠦᠷᠢᠮ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠳᠦᠷᠢᠮ ᠤᠨ ᠬᠡᠷᠡᠭᠵᠢᠭᠦᠯᠤᠯᠳᠡ ᠶᠢ ᠬᠢᠨᠠᠯᠳᠠ ᠲᠠᠯᠪᠢᠬᠤ ᠪᠦᠬᠦᠨ ᠢ ᠬᠠᠮᠤᠷᠤᠭᠰᠠᠨ ᠲᠤᠭᠳᠠᠴᠠ ᠶᠢ ᠪᠠᠶᠢᠭᠤᠯᠵᠤ᠂ ᠵᠠᠷᠯᠢᠭ ᠪᠠᠶᠢᠭᠠᠳ ᠭᠦᠢᠴᠡᠳᠭᠡᠬᠦ ᠦᠭᠡᠢ᠂ ᠴᠠᠭᠠᠵᠠ ᠪᠠᠶᠢᠭᠠᠳ ᠳᠠᠭᠠᠬᠤ ᠦᠭᠡᠢ᠂ ᠢᠯᠠ ᠪᠠᠷ ᠬᠦᠷᠢᠶᠡᠯᠡᠵᠤ ᠳᠠᠯᠳᠠᠭᠤᠷ ᠵᠦᠷᠢᠴᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠳᠦᠷᠢᠮ ᠤᠨ ᠬᠡᠵᠢᠶᠡᠳᠡ ᠡᠷᠬᠡ ᠰᠦᠷ ᠲᠠᠢ᠂ ᠬᠠᠮᠢᠭ᠎ᠠ ᠴᠤ ᠬᠦᠴᠦᠨ ᠲᠠᠢ ᠪᠠᠶᠢᠬᠤ ᠶᠢ ᠪᠠᠳᠤᠯᠠᠬᠤ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠲᠤᠬᠢᠷᠠᠭᠤᠯᠵᠤ᠂ ᠰᠤᠷᠤᠯᠴᠠᠯᠭ᠎ᠠ ᠪᠤᠯᠪᠠᠰᠤᠷᠠᠯ ᠢ ᠦᠷᠭᠦᠯᠵᠢᠯᠡᠨ ᠰᠠᠶᠢᠳᠤᠷ ᠠᠳᠬᠤᠵᠤ᠂ ᠤᠬᠠᠭᠤᠯᠤᠨ ᠲᠠᠶᠢᠯᠪᠤᠷᠢᠯᠠᠬᠤ ᠶᠢ ᠦᠷᠭᠡᠨ ᠢᠶᠠᠷ ᠦᠷᠨᠢᠭᠦᠯᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ᠂ ᠬᠦᠮᠦᠰ ᠤᠨ ᠰᠡᠳᠭᠢᠯ ᠳᠤ ᠬᠠᠳᠠᠩᠰᠢᠭᠤᠯᠬᠤ᠂ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃
  ᠮᠡᠳᠡᠭᠦᠯᠦᠯᠳᠡ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠱᠢ ᠲᠠᠢ ᠹᠧᠩ ᠲᠤᠬᠠᠢ ᠶᠢᠨ ᠲᠠᠯᠠᠪᠠᠢ ᠶᠢᠨ ᠶᠡᠭᠡ ᠳᠡᠭᠡᠳᠤ ᠰᠤᠷᠭᠠᠭᠤᠯᠢ ᠶᠢᠨ ᠤᠶᠤᠳᠠᠳ ᠤᠨ ᠲᠦᠯᠦᠭᠡᠯᠡᠭᠴᠢᠳ ᠲᠠᠢ ᠰᠠᠨᠠᠯ ᠢᠶᠠᠨ ᠨᠢᠭᠤᠷᠳᠠᠨ ᠰᠤᠯᠢᠯᠴᠠᠵᠤ᠂ ᠤᠯᠠᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠲᠠᠶᠢᠯᠪᠤᠷᠢᠯᠠᠨ ᠬᠠᠷᠢᠭᠤᠯᠪᠠ᠃
  ᠮᠡᠳᠡᠭᠦᠯᠦᠯᠳᠡ ᠶᠢᠨ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠦᠪᠡᠷᠳᠡᠭᠡᠨ ᠵᠠᠰᠠᠬᠤ ᠤᠷᠤᠨ ᠤ ᠡᠯ᠎ᠠ ᠬᠡᠯᠳᠡᠰ᠂  ᠬᠤᠷᠢᠶ᠎ᠠ᠂ ᠠᠯᠪᠠᠨ ᠭᠡᠷ᠂ ᠲᠢᠩᠭᠢᠮ᠂ ᠲᠤᠪᠴᠢᠶ᠎ᠠ᠂ ᠠᠷᠠᠳ ᠤᠨ ᠪᠦᠯᠬᠦᠮ᠂ ᠬᠦᠬᠡᠬᠤᠳᠠ ᠳᠤ ᠰᠠᠭᠤᠭ᠎ᠠ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠭᠦᠳ᠂ ᠬᠦᠬᠡᠬᠤᠳᠠ ᠳᠤ ᠰᠠᠭᠤᠭ᠎ᠠ ᠶᠡᠭᠡ ᠳᠡᠭᠡᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠤᠬᠠᠭᠤᠯᠬᠤ ᠬᠡᠯᠳᠡᠰ ᠤᠨ ᠳᠠᠷᠤᠭ᠎ᠠ᠂ ᠮᠠᠷᠺᠰ ᠤᠨ ᠦᠵᠡᠯ ᠤᠨ ᠳᠡᠭᠡᠳᠤ ᠰᠤᠷᠭᠠᠭᠤᠯᠢ ᠶᠢᠨ ᠵᠠᠬᠢᠷᠤᠯ ᠵᠢᠴᠢ ᠪᠠᠭᠰᠢ ᠰᠤᠷᠤᠭᠴᠢᠳ ᠤᠨ ᠲᠦᠯᠦᠭᠡᠯᠡᠭᠴᠢ᠂ ᠮᠠᠨ ᠤ ᠤᠷᠤᠨ ᠳᠤ ᠰᠠᠭᠤᠭ᠎ᠠ ᠲᠦᠪ ᠤᠨ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠭᠦᠳ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠦᠪᠡᠷᠳᠡᠭᠡᠨ ᠵᠠᠰᠠᠬᠤ ᠤᠷᠤᠨ ᠤ ᠪᠦᠯᠬᠦᠮ ᠤᠨ ᠪᠦᠷᠢᠯᠳᠦᠭᠦᠨ ᠨᠠᠷ ᠭᠤᠤᠯ ᠬᠤᠷᠠᠯ ᠤᠨ ᠲᠠᠯᠠᠪᠠᠢ ᠳᠤ ᠮᠡᠳᠡᠭᠦᠯᠦᠯᠳᠡ ᠶᠢ ᠰᠤᠨᠤᠰᠴᠠᠢ᠃ ᠡᠯ᠎ᠠ ᠠᠶᠢᠮᠠᠭ ᠬᠤᠳᠠ᠂ ᠬᠤᠷᠢᠨᠭᠡᠷ ᠰᠢᠨ᠎ᠠ ᠲᠤᠭᠤᠷᠢᠭ᠂ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠵᠢᠴᠢ ᠡᠯ᠎ᠠ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ ᠵᠣᠬᠢᠶᠠᠭᠴᠢ᠄  ᠯᠢᠦ ᠰᠢᠶᠤᠤ ᠳ᠋ᠦᠩ 



  
     
     