

ᠨᠢᠭᠡ ᠰᠡᠳᠭᠢᠯ ᠢᠶᠠᠷ ᠲᠤᠮᠲᠠᠲᠤ ᠶᠢᠨ ᠵᠡᠭᠦᠲᠦ      

2019-09-30 09:45
  581
  0

         — ᠶᠡᠷᠦᠩᠭᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠠ ᠲᠤᠭᠤᠰᠢᠯᠠᠭᠤᠯᠬᠤ ᠲᠤᠬᠠᠢ ᠦᠬᠦᠯᠡᠬᠦ ᠨᠢ
                     ᠠᠷᠠᠳ ᠤᠨ ᠡᠲᠦᠷ ᠤᠨ ᠰᠤᠨᠢᠨ ᠤ ᠰᠢᠭᠦᠮᠵᠢᠯᠡᠭᠴᠢ
ᠮᠠᠠ ᠤ ᠤᠯᠤᠰ ᠪᠤᠯ ᠦᠨᠢ ᠤᠲᠠᠭᠠᠠ ᠲᠡᠤᠬᠡ ᠲᠠᠢ ᠨᠢᠭᠡᠲᠦᠭᠰᠡᠡ ᠤᠯᠠᠠ ᠦᠨᠲᠦᠰᠦᠲᠡᠡ ᠲᠠᠢ ᠤᠯᠤᠰ ᠮᠦᠨ᠃ ᠲᠤᠮᠲᠠᠲᠤ ᠶᠢᠨ ᠦᠨᠲᠦᠰᠦᠲᠡᠡ ᠤ ᠤᠯᠠᠠ ᠡᠰᠢᠵᠢᠭᠰᠡᠡ ᠨᠢᠭᠡ ᠴᠤᠭᠴᠠ ᠪᠤᠯ ᠤᠷᠢᠲᠤᠰ ᠤᠨ ᠪᠢᠳᠡᠨ ᠳᠤ ᠦᠯᠡᠲᠡᠭᠡᠵᠦ ᠦᠭᠭᠦᠭᠰᠡᠡ ᠨᠠᠨᠳᠢᠨ ᠦᠪ ᠬᠦᠷᠦᠩᠭᠡ ᠪᠤᠯᠤᠨ᠎ᠠ᠂ ᠪᠠᠰᠠ ᠴᠤ ᠮᠠᠠ ᠤ ᠤᠯᠤᠰ ᠤᠨ ᠬᠦᠭᠵᠢᠯᠲᠠ ᠶᠢᠨ ᠯᠤᠲᠦ ᠶᠡᠭᠡ ᠲᠠᠪᠠᠭᠤᠯᠢᠭ ᠪᠤᠯᠤᠨ᠎ᠠ᠃
  ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠦ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠦᠨᠲᠦᠷᠴᠠ ᠳᠤ ᠵᠤᠭᠰᠤᠨ᠂ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ 70 ᠵᠢᠯ ᠢᠯᠠᠩᠭᠤᠶ᠎ᠠ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢᠬᠢ ᠮᠠᠠ ᠤ ᠤᠯᠤᠰ ᠤᠨ ᠦᠨᠲᠦᠰᠦᠲᠡᠠ ᠤ ᠪᠦᠯᠬᠦᠮᠲᠡᠯ ᠲᠠᠪᠰᠢᠯᠲᠠ ᠶᠢᠨ ᠦᠢᠯᠡᠰ ᠤᠨ ᠤᠯᠤᠭᠰᠠᠠ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠤᠯᠤᠨ ᠡᠷᠬᠢᠮ ᠨᠠᠠᠲᠢᠨ ᠲᠤᠷᠰᠢᠯᠭ᠎ᠠ ᠶᠢ ᠳ᠋ᠦᠩᠨᠡᠡ᠂ ᠤᠲᠤᠬᠠᠠ ᠤ ᠮᠠᠠ ᠤ ᠤᠯᠤᠰ ᠤᠨ ᠦᠠᠲᠦᠰᠦᠲᠡᠡ ᠤ ᠠᠵᠢᠯ ᠳᠤ ᠲᠤᠯᠭᠠᠷᠠᠵᠦ ᠪᠠᠶᠢᠭ᠎ᠠ ᠪᠠᠶᠢᠲᠠᠯ ᠳᠤ ᠪᠦᠬᠦ ᠲᠠᠯ᠎ᠠ ᠪᠠᠷ ᠵᠠᠲᠠᠯᠤᠯᠲᠠ ᠬᠢᠵᠦ᠂ ᠰᠢᠨ᠎ᠠ ᠴᠠᠭ ᠦᠶ᠎ᠠ ᠶᠢᠨ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠦᠢᠯᠡᠰ ᠤᠨ ᠰᠢᠨ᠎ᠠ ᠶᠡᠷᠦᠩᠭᠡᠢ ᠱᠠᠭᠠᠷᠲᠠᠯᠭ᠎ᠠ ᠪᠤᠯᠤᠨ ᠠᠵᠢᠯ ᠤᠨ ᠭᠤᠤᠯᠲᠠᠯᠭ᠎ᠠ ᠶᠢ ᠲᠤᠲᠤᠷᠬᠠᠢ ᠲᠤᠷᠠᠳᠴᠤ᠂ ᠪᠦᠬᠦ ᠤᠯᠤᠰ ᠤᠨ ᠦᠨᠲᠦᠰᠦᠲᠠᠠ ᠨᠦᠭᠦᠳ ᠤᠨ ᠠᠷᠠᠳ ᠲᠦᠮᠡᠡ ᠢ ᠲᠠᠭᠠᠭᠤᠯᠤᠨ ᠲᠤᠮᠲᠠᠲᠤ ᠶᠢᠨ ᠦᠨᠲᠦᠰᠦᠲᠡᠡ ᠤ ᠬᠠᠮᠲᠤ ᠶᠢᠨ ᠴᠤᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠪᠠᠶᠢᠭᠤᠯᠵᠦ᠂ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠦᠢᠯᠡᠰ ᠤᠨ ᠰᠢᠨ᠎ᠠ ᠶᠢ ᠡᠭᠦᠳᠴᠤ ᠠᠬᠢᠭᠤᠯᠤᠨ᠂ ᠦᠨᠲᠦᠰᠦᠲᠡᠠ ᠨᠦᠭᠦᠳ ᠤᠨ ᠬᠠᠮᠲᠤ ᠪᠠᠷ ᠪᠦᠯᠬᠦᠮᠲᠠᠠ ᠲᠡᠮᠡᠴᠡᠵᠦ᠂ ᠬᠠᠮᠲᠤ ᠪᠠᠷ ᠴᠡᠴᠡᠭᠯᠡᠡ ᠬᠦᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠲᠠᠯ ᠲᠠᠢ ᠶᠤᠮ᠂ ᠪᠢᠲᠠ ᠨᠠᠷᠢᠨ ᠬᠢᠨᠠᠮᠠᠭᠠᠢ ᠰᠤᠷᠤᠯᠴᠠᠠ ᠤᠢᠢᠯᠠᠭᠠᠵᠦ᠂ ᠬᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠬᠡᠷᠡᠭᠲᠡᠢ᠃
  70 ᠵᠢᠯ ᠤᠨ ᠡᠮᠦᠨ᠎ᠠ᠂ ᠮᠠᠨ ᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷ᠎ᠠ᠂ ᠰᠢᠨ᠎ᠠ ᠳᠤᠮᠳᠠᠳᠤ ᠤᠯᠤᠰ ᠢ ᠬᠠᠮᠳᠤ ᠪᠠᠷ ᠴᠤᠬᠴᠠᠯᠠᠨ ᠪᠠᠶᠢᠭᠤᠯᠪᠠ᠃ ᠮᠠᠨ ᠤ ᠨᠠᠮ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢ ᠳᠤᠮᠳᠠᠳᠤ ᠤᠯᠤᠰ ᠤᠨ ᠦᠨᠳᠦᠰᠦᠳᠡᠨ ᠤ ᠠᠰᠠᠭᠤᠳᠠᠯ ᠤᠨ ᠪᠤᠳᠠᠳᠠᠢ ᠪᠠᠶᠢᠳᠠᠯ ᠲᠠᠢ ᠪᠦᠳᠦᠭᠡᠯᠴᠢ ᠪᠠᠷ 
ᠤᠶᠠᠯᠳᠤᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢᠶᠠᠷ ᠵᠠᠮᠨᠠᠵᠦ᠂ ᠦᠨᠲᠦᠰᠦᠲᠡᠡ ᠨᠦᠭᠦᠳ ᠤᠨ ᠡᠷᠭᠡ ᠲᠡᠭᠰᠢ ᠪᠦᠯᠬᠦᠮᠲᠠᠯ ᠲᠠᠢ ᠬᠠᠷᠢᠯᠴᠠᠠ ᠬᠠᠪᠰᠤᠷᠤᠯᠴᠠᠭᠰᠠᠠ ᠡᠶ᠎ᠡ ᠵᠤᠬᠢᠴᠠᠩᠭᠤᠢ ᠬᠠᠷᠢᠴᠠᠭ᠎ᠠ ᠶᠢ ᠬᠦᠭᠵᠢᠭᠦᠯᠦᠭᠰᠡᠡ ᠰᠢᠨ᠎ᠠ ᠴᠠᠬ ᠦᠶ᠎ᠡ ᠶᠢ ᠨᠡᠭᠡᠭᠡᠵᠠᠢ᠃ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠦᠨᠲᠦᠰᠦᠲᠡᠡ ᠤ ᠠᠵᠢᠯ ᠳᠤ ᠠᠯᠢ ᠤᠯᠠᠠ ᠴᠢᠬᠤᠯᠠ ᠶᠡᠭᠡ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠲᠤᠭᠲᠠᠭᠠᠵᠦ᠂ ᠮᠠᠠ ᠤ ᠤᠯᠤᠰ ᠤᠨ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠦᠢᠯᠡᠰ ᠲᠡᠤᠬᠡᠲᠦ ᠴᠢᠨᠠᠷ ᠲᠠᠢ ᠰᠢᠨ᠎ᠠ ᠠᠮᠵᠢᠯᠲᠠ ᠤᠯᠤᠭᠰᠠᠠ ᠪᠠᠶᠢᠨ᠎ᠠ᠃ ᠲᠤᠮᠲᠠᠲᠤ ᠶᠢᠨ ᠦᠨᠲᠦᠰᠦᠲᠡᠡ ᠨᠢᠭᠡ ᠭᠡᠷ ᠤᠨ ᠬᠦᠮᠦᠨ ᠮᠡᠲᠦ ᠲᠤᠲᠤᠨᠤ ᠶᠠᠪᠤᠯᠴᠠᠵᠥ᠂ ᠨᠢᠭᠡ ᠰᠡᠳᠭᠢᠯ ᠢᠶᠠᠷ ᠲᠤᠮᠲᠠᠲᠤ ᠶᠢᠨ ᠵᠡᠭᠦᠲᠦ ᠪᠠᠨ ᠬᠠᠮᠲᠤ ᠪᠠᠷ ᠲᠡᠷᠭᠡᠯᠰᠢᠭᠦᠯᠦᠨ᠎ᠠ᠂ ᠡᠨᠡ ᠪᠤᠯ ᠰᠢᠨ᠎ᠠ ᠴᠠᠭ ᠦᠶ᠎ᠠ ᠶᠢᠨ ᠮᠠᠠ ᠤ ᠤᠯᠤᠰ ᠤᠨ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠦᠢᠯᠡᠰ ᠤᠨ ᠠᠮᠢᠲᠤᠯᠢᠭ ᠵᠢᠷᠤᠭᠯᠠᠯ ᠪᠤᠯᠬᠤ ᠪᠦᠭᠡᠳ ᠪᠠᠰᠠ ᠰᠢᠨ᠎ᠠ ᠴᠠᠭ ᠦᠶ᠎ᠠ ᠶᠢᠨ ᠦᠨᠲᠦᠰᠦᠲᠡᠡ ᠤ ᠠᠵᠢᠯ ᠤᠨ ᠰᠢᠨ᠎ᠠ ᠶᠢ ᠡᠭᠦᠳᠴᠤ ᠠᠬᠢᠭᠤᠯᠤᠭᠰᠠᠠ ᠢᠯᠡ ᠲᠤᠲᠤ ᠤᠨᠴᠠᠯᠢᠭ ᠮᠦᠨ᠃ 70 ᠵᠢᠯ ᠤᠨ ᠬᠦᠭᠵᠢᠯ ᠬᠤᠪᠢᠰᠤᠯ᠂ ᠦᠷᠨᠢᠭᠦᠨ ᠬᠦᠭᠵᠢᠯᠳᠡ ᠪᠠᠷ ᠳᠠᠮᠵᠢᠵᠦ᠂ ᠴᠦᠭᠡᠨ ᠲᠤᠭᠠᠳᠦ ᠦᠨᠳᠦᠰᠦᠳᠡᠨ ᠤ ᠲᠦᠷᠰᠦ ᠪᠠᠶᠢᠳᠠᠯ᠂ ᠦᠨᠳᠦᠰᠦᠳᠡᠨ ᠤ ᠭᠠᠵᠠᠷ ᠤᠷᠤᠨ ᠤ ᠲᠦᠷᠰᠦ ᠪᠠᠶᠢᠳᠠᠯ᠂ ᠦᠨᠳᠦᠰᠦᠳᠡᠨ ᠤ ᠬᠠᠷᠢᠴᠠᠭᠠᠨ ᠤ ᠲᠦᠷᠰᠦ ᠪᠠᠶᠢᠳᠠᠯ᠂ ᠳᠤᠮᠳᠠᠳᠤ ᠶᠢᠨ ᠦᠨᠳᠦᠰᠦᠳᠡᠨ ᠤ ᠲᠦᠷᠰᠦ ᠪᠠᠶᠢᠳᠠᠯ ᠳᠤ ᠴᠦᠮ ᠲᠡᠭᠷᠢ ᠭᠠᠵᠠᠷ ᠢ ᠲᠤᠩᠰᠤᠯᠭᠠᠮ᠎ᠠ ᠲᠡᠦᠭᠡᠳᠦ ᠴᠢᠨᠠᠷᠳᠠᠢ ᠯᠤᠳᠤ ᠶᠡᠭᠡ ᠬᠤᠪᠢᠷᠠᠯᠳᠠ ᠭᠠᠷᠴᠠᠢ᠃
  70 ᠵᠢᠯ ᠤᠨ ᠠᠮᠵᠢᠯᠳᠠ ᠪᠦᠳᠦᠮᠵᠢ ᠤᠮᠤᠬᠰᠢᠨ ᠪᠠᠭ᠋ᠠᠳᠤᠭᠤᠰᠢᠲᠠᠢ᠂ 70 ᠵᠢᠯ ᠤᠨ ᠲᠤᠷᠰᠢᠯᠭ᠎ᠠ ᠶᠢ ᠨᠡᠩ ᠴᠦ ᠴᠡᠭᠡᠵᠢᠨ ᠳᠡᠭᠡᠨ ᠬᠠᠳᠠᠩᠰᠢᠭᠤᠯᠤᠭᠤᠰᠢᠲᠠᠢ᠃ ᠶᠡᠷᠦᠩᠭᠡᠢ ᠱᠦᠵᠢ ᠰᠢ ᠶᠢᠨ ᠫᠢᠩ ᠶᠢᠰᠦᠨ ᠲᠠᠯ᠎ᠠ ᠪᠠᠷ ᠲᠡᠭᠡᠲᠦ ᠬᠡᠮᠵᠢᠶ᠎ᠠ ᠪᠠᠷ ᠬᠤᠷᠢᠶᠠᠩᠭᠤᠢᠢᠯᠠᠭᠰᠠᠠ ᠪᠠᠶᠢᠨ᠎ᠠ᠄ ᠪᠢᠳᠠ ᠮᠠᠨ ᠤ ᠤᠯᠤᠰ ᠤᠨ ᠨᠢᠭᠡᠳᠦᠭᠰᠡᠨ ᠤᠯᠠᠨ ᠦᠨᠳᠦᠰᠦᠳᠡᠨ ᠲᠠᠢ ᠤᠯᠤᠰ ᠤᠨ ᠦᠨᠳᠦᠰᠦᠨ ᠤᠯᠤᠰ ᠤᠨ ᠪᠠᠶᠢᠳᠠᠯ ᠢ ᠤᠨᠤᠪᠴᠢᠳᠠᠢ ᠡᠵᠡᠮᠳᠡᠬᠦ ᠶᠢ ᠪᠠᠷᠢᠮᠳᠠᠯᠠᠵᠦ᠂ ᠤᠯᠤᠰ ᠤᠨ ᠨᠢᠭᠡᠳᠦᠯ ᠪᠠ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠪᠠᠷ ᠦᠨᠳᠦᠰᠦᠳᠡᠨ ᠨᠦᠭᠦᠳ ᠤᠨ ᠬᠠᠮᠤᠭ ᠤᠨ ᠳᠡᠭᠡᠳᠦ ᠠᠰᠢᠬ ᠲᠤᠰᠠ ᠪᠠᠨ ᠪᠤᠯᠭᠠᠪᠠ︔ ᠮᠡᠷᠺᠰ ᠤᠨ ᠦᠵᠡᠯ ᠤᠨ ᠦᠨᠳᠤᠰᠤᠳᠡᠨ ᠤ ᠤᠨᠤᠯ ᠤᠨ ᠲᠤᠮᠳᠠᠳᠤ ᠤᠯᠤᠰᠴᠢᠯᠠᠬᠤ ᠶᠢ ᠪᠠᠷᠢᠮᠳᠠᠯᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠪᠠ︔ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠵᠤ᠂ ᠨᠢᠭᠡᠳᠦᠯ ᠲᠠᠢ ᠪᠠᠶᠢᠬᠤ ᠪᠠ ᠦᠪᠡᠷᠳᠡᠭᠡᠨ ᠵᠠᠰᠬᠠᠤ ᠶᠢ ᠬᠠᠷᠢᠯᠴᠠᠨ ᠤᠶᠠᠯᠳᠤᠭᠤᠯᠵᠤ᠂ ᠦᠨᠳᠦᠰᠦᠳᠡᠨ ᠤ ᠡᠯᠧᠮᠧᠨ᠋ᠲ ᠪᠠ ᠭᠠᠵᠠᠷ ᠤᠷᠤᠨ ᠤ ᠡᠯᠧᠮᠧᠨ᠋ᠲ ᠢ ᠬᠠᠷᠢᠯᠴᠠᠨ ᠤᠶᠠᠯᠳᠤᠭᠤᠯᠪᠠ︔ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠳᠠᠯᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠬᠢᠵᠢᠬᠦᠯᠦᠨ ᠴᠢᠩᠭᠠᠳᠬᠠᠪᠠ︔ ᠴᠦᠭᠡᠨ ᠲᠤᠭᠠᠳᠤ ᠦᠨᠳᠦᠰᠦᠳᠡᠨ ᠪᠠ ᠦᠨᠳᠦᠰᠦᠳᠡᠨ ᠤ ᠤᠷᠤᠨ ᠤ ᠬᠦᠭᠵᠢᠯᠳᠠ ᠶᠢ ᠲᠦᠷᠭᠡᠳᠭᠡᠬᠦ ᠶᠢ ᠪᠠᠷᠢᠮᠳᠠᠯᠠᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠨᠭ᠍ᠭᠠᠪᠠ︔ ᠰᠤᠶᠤᠯ ᠤᠨ ᠬᠠᠮᠳᠤ ᠶᠢᠨ ᠲᠠᠨᠢᠯᠳᠠ ᠪᠤᠯ ᠬᠠᠮᠤᠭ ᠤᠨ ᠬᠦᠨ ᠲᠠᠪᠬᠤᠷᠭ᠎ᠠ ᠶᠢᠨ ᠬᠠᠮᠳᠤ ᠶᠢᠨ ᠲᠠᠨᠢᠯᠳᠠ ᠪᠤᠯᠬᠤ ᠶᠢ ᠪᠠᠷᠢᠮᠳᠠᠯᠠᠵᠥ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ ᠴᠤᠬᠴᠠᠯᠠᠨ ᠪᠠᠶᠢᠭᠤᠯᠪᠠ︔ ᠦᠨᠳᠦᠰᠦᠳᠡᠨ ᠨᠦᠭᠦᠳ ᠬᠠᠤᠯᠢ ᠴᠠᠭᠠᠵᠠ ᠶᠢᠨ ᠡᠮᠤᠨ᠎ᠡ ᠪᠦᠷ ᠡᠷᠭᠡ ᠲᠡᠭᠰᠢ ᠪᠠᠶᠢᠬᠤ ᠶᠢ ᠪᠠᠷᠢᠮᠳᠠᠯᠠᠵᠤ᠂ ᠬᠠᠤᠯᠢ ᠴᠠᠭᠠᠵᠠ ᠪᠠᠷ ᠦᠨᠳᠦᠰᠦᠳᠡᠨ ᠤ ᠪᠦᠯᠬᠦᠮᠳᠡᠯ ᠢ ᠪᠠᠳᠤᠯᠠᠪᠠ︔ ᠤᠯᠠᠮᠵᠢᠯᠠᠬᠤ ᠶᠠᠪᠤᠴᠠ ᠳᠤ ᠬᠦᠭᠵᠢᠬᠦᠯᠵᠤ᠂ ᠬᠦᠭᠵᠢᠬᠦᠯᠬᠦ ᠶᠠᠪᠤᠴᠠ ᠳᠤ ᠰᠢᠨᠡᠴᠢᠯᠡᠬᠦ ᠶᠢ ᠪᠠᠷᠢᠮᠳᠠᠯᠠᠵᠤ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠯᠠᠮᠵᠢᠯᠠᠯ ᠨᠢᠭᠡᠳᠠᠢ ᠪᠤᠯᠭᠠᠬᠤ ᠶᠢᠨ ᠬᠠᠮᠳᠤ ᠴᠠᠭ ᠦᠶ᠎ᠡ ᠶᠢ ᠲᠠᠭᠠᠵᠤ ᠪᠦᠬᠦ ᠲᠠᠯ᠎ᠠ ᠪᠠᠷ ᠤᠷᠤᠬᠰᠢᠯᠠᠭᠤᠯᠪᠠ︔ ᠦᠨᠳᠦᠰᠦᠳᠡᠨ ᠤ ᠠᠵᠢᠯ ᠤᠨ ᠲᠤᠬᠠᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠵᠤ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠦᠢᠯᠡᠰ ᠤᠨ ᠬᠦᠭᠵᠢᠯᠳᠠ ᠶᠢ ᠠᠬᠢᠭᠤᠯᠬᠤ ᠪᠠᠶᠢᠭᠤᠯᠤᠮᠵᠢ ᠲᠤᠬᠳᠠᠴᠠ ᠶᠢ ᠲᠠᠰᠤᠷᠠᠯᠳᠠ ᠦᠭᠡᠢ ᠪᠦᠷᠢᠨᠰᠢᠬᠦᠯᠪᠠ︔ ᠡᠨᠡ ᠬᠦ ᠶᠢᠰᠦᠨ ᠲᠠᠯ᠎ᠡ ᠶᠢᠨ ᠲᠤᠷᠰᠢᠯᠭ᠎ᠠ ᠲᠦᠢᠯ ᠤᠨ ᠬᠤᠪᠤᠷ ᠨᠠᠨᠳᠢᠨ᠂ ᠲᠦᠢᠯ ᠤᠨ ᠴᠢᠬᠤᠯᠠ ᠪᠠᠶᠢᠭ᠎ᠠ ᠶᠤᠮ᠂ ᠡᠷᠬᠡᠪᠰᠢ ᠬᠤᠶᠢᠰᠢᠳᠠ ᠶᠢᠨ ᠠᠵᠢᠯ ᠲᠤᠮᠳᠠ ᠪᠠᠨ ᠤᠷᠳᠤ ᠬᠤᠭᠤᠴᠠᠭ᠎ᠠ ᠪᠠᠷᠢᠮᠳᠠᠯᠠᠬᠤ ᠭᠡᠷᠡᠭᠳᠠᠢ᠃
  ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠵᠤ᠂ ᠲᠤᠮᠳᠠᠳᠤ ᠶᠢᠨ ᠦᠨᠳᠦᠰᠦᠳᠡᠨ ᠲᠡᠤᠭᠡᠨ ᠳᠠᠬᠢ ᠬᠠᠮᠤᠭ ᠤᠨ ᠰᠠᠶᠢᠨ ᠬᠦᠭᠵᠢᠯᠳᠠ ᠶᠢᠨ ᠬᠤᠭᠤᠴᠠᠭ᠎ᠠ ᠶᠢ ᠤᠬᠳᠤᠨ ᠠᠪᠴᠠᠢ᠃ ᠡᠬᠦᠨ ᠤ ᠵᠡᠷᠭᠡ ᠪᠠᠷ᠂ ᠨᠠᠷᠢᠨ ᠪᠤᠳᠤᠯᠢᠶᠠᠨᠳᠠᠢ ᠤᠯᠤᠰ ᠤᠨ ᠲᠤᠳᠤᠭᠠᠳᠤ ᠭᠠᠳᠠᠭᠠᠳᠤ ᠶᠢᠨ ᠪᠠᠶᠢᠳᠠᠯ ᠤᠨ ᠡᠮᠤᠨ᠎ᠡ᠂ ᠪᠢᠳᠠ ᠨᠡᠩ ᠢᠯᠡᠬᠦᠤ ᠪᠦᠯᠬᠦᠮᠳᠡᠨ ᠨᠢᠭᠡᠳᠴᠤ᠂ ᠬᠦᠴᠦ ᠪᠠᠨ ᠬᠠᠮᠳᠤᠳᠬᠠᠵᠤ᠂ ᠲᠤᠮᠳᠠᠳᠤ ᠤᠯᠤᠰ ᠤᠨ ᠬᠦᠭᠵᠢᠯᠳᠠ ᠶᠢᠨ ᠲᠤᠮᠤ ᠬᠦᠯᠭᠡ ᠤᠡᠭᠭᠤᠴᠠ ᠢᠯᠠᠯᠳᠠ ᠲᠠᠢ ᠤᠷᠤᠬᠰᠢᠯᠠᠬᠤ ᠶᠢ ᠦᠨᠡᠨ ᠬᠦ ᠪᠠᠳᠤᠯᠬᠠᠤ ᠭᠡᠷᠡᠭᠳᠠᠢ᠃ ᠦᠨᠳᠦᠰᠦᠳᠡᠨ ᠨᠦᠭᠦᠳ ᠤᠨ ᠠᠷᠠᠳ ᠲᠦᠮᠡᠨ ᠨᠢᠭᠡ ᠭᠡᠷ ᠤᠨ ᠬᠦᠮᠦᠨ ᠮᠠᠳᠤ ᠲᠤᠳᠤᠨᠤ ᠪᠠᠶᠢᠬᠤ ᠪᠤᠯ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠵ᠊ ᠢ ᠪᠠᠶᠠᠯᠡᠬᠦᠯᠬᠦ ᠦᠨᠳᠦᠰᠦᠨ ᠪᠠᠳᠤᠯᠠᠭ᠎ᠠ ᠮᠦᠨ᠃ ᠪᠢᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠪᠤᠢ ᠪᠤᠯᠭᠠᠬᠤ ᠪᠠᠷ ᠭᠤᠤᠯ ᠰᠢᠵᠢᠮ ᠪᠤᠯᠭᠠᠵᠤ᠂ ᠨᠠᠮ ᠤᠨ ᠦᠨᠳᠦᠰᠦᠳᠡᠨ ᠤ ᠤᠨᠤᠯ ᠪᠠ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠡ ᠪᠠᠷ ᠲᠤᠭᠤᠰᠢᠯᠠᠭᠤᠯᠵᠤ᠂ ᠬᠠᠮᠳᠤ ᠪᠠᠷ ᠪᠦᠯᠬᠦᠮᠳᠠᠨ ᠲᠡᠮᠡᠴᠡᠵᠤ᠂ ᠬᠠᠮᠳᠤ ᠪᠠᠷ ᠴᠡᠴᠡᠭᠯᠡᠨ ᠬᠦᠭᠵᠢᠬᠦ ᠶᠢ ᠪᠠᠷᠢᠮᠳᠠᠯᠠᠵᠤ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠳᠠᠢ ᠠᠵᠢᠯ ᠦᠢᠯᠡᠰ ᠪᠤᠯᠭᠠᠨ ᠴᠢᠩᠭ᠎ᠠ ᠠᠳᠬᠤᠵᠤ ᠰᠠᠶᠢᠳᠤᠷ ᠠᠳᠬᠤᠵᠤ᠂ ᠦᠨᠳᠦᠰᠤᠳᠡᠨ ᠨᠦᠭᠦᠳ ᠠᠨᠠᠷ ᠤᠨ ᠦᠷ᠎ᠡ ᠰᠢᠭ ᠪᠦᠯᠬᠦᠮᠳᠡᠨ ᠨᠢᠬᠳᠠᠷᠠᠬᠤ ᠶᠢ ᠠᠬᠢᠭᠤᠯᠵᠤ᠂ ᠲᠤᠮᠳᠠᠳᠤ ᠶᠢᠨ ᠦᠨᠳᠦᠰᠤᠳᠡᠨ ᠤ ᠪᠠᠭᠳᠠᠭᠠᠮᠵᠢᠳᠤ ᠴᠢᠨᠠᠷ ᠢᠶᠠᠷ ᠨᠡᠩ ᠴᠢᠩᠭ᠎ᠠ᠂ ᠨᠢᠬᠳᠠᠷᠠᠯ ᠤᠨ ᠬᠦᠴᠦᠨ ᠢᠶᠠᠷ ᠨᠡᠩ ᠶᠡᠭᠡ ᠬᠤᠪᠢ ᠵᠠᠶᠠᠭᠠᠨ ᠤ ᠬᠠᠮᠳᠤ ᠶᠢᠨ ᠴᠤᠬᠴᠠ ᠲᠠᠶᠢᠰᠢ ᠤᠷᠤᠬᠰᠢᠯᠠᠬᠤ ᠶᠢ ᠠᠬᠢᠭᠤᠯᠬᠤ ᠭᠡᠷᠡᠭᠳᠠᠢ᠃
  ︽ᠰᠠᠶᠢᠨ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠳᠤ ᠪᠠᠷ ᠴᠤᠬᠴᠠᠯᠠᠬᠤ ᠬᠡᠷᠡᠭᠳᠠᠢ︾᠃ ᠲᠤᠮᠳᠠᠳᠤ ᠶᠢᠨ ᠦᠨᠳᠦᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠠᠶᠡᠯᠡᠬᠦᠯᠬᠦ ᠳᠤ ᠦᠨᠳᠦᠰᠦᠳᠡᠨ ᠨᠦᠭᠦᠳ ᠭᠠᠷ ᠭᠠᠷ ᠢᠶᠠᠨ ᠬᠤᠯᠪᠤᠯᠴᠠᠨ᠂ ᠮᠦᠷ ᠵᠡᠷᠭᠡᠴᠡᠵᠤ᠂ ᠬᠠᠮᠳᠤ ᠪᠠᠷ ᠴᠢᠷᠮᠠᠶᠢᠨ ᠲᠡᠮᠡᠴᠡᠬᠦ ᠴᠢᠬᠤᠯᠠᠳᠠᠢ ᠶᠤᠮ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠪᠦᠯᠬᠦᠮᠳᠡᠨ ᠨᠢᠭᠡᠳᠴᠤ᠂ ᠵᠠᠮ ᠨᠠᠭᠡᠭᠡᠨ ᠤᠷᠤᠬᠰᠢᠯᠠᠵᠤ᠂ ᠮᠠᠨ ᠤ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠠᠶᠡᠯᠡᠬᠦᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ ᠲᠦᠯᠦᠭᠡ ᠦᠷᠬᠦᠯᠵᠢᠯᠡᠨ ᠲᠠᠮᠠᠴᠡᠵᠡᠭᠡᠶ᠎ᠡ︕
             ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠡ ᠶᠢᠨ 27 ᠤ ᠴᠠᠬᠢᠯᠭᠠᠨ ᠮᠡᠳᠡᠭᠡ︶



  
     
     