

ᠠᠷᠢᠯᠭᠠᠬᠤ ᠠᠷᠭ᠎ᠠ ᠬᠡᠮᠵᠢᠶ᠎ᠠ ᠪᠤᠯ ᠲᠦᠪ ᠶᠤᠰᠤᠨ ᠤ ᠠᠵᠢᠯᠯᠠᠭ᠎ᠠ ᠮᠦᠨ

2019-12-08 13:14
  32
  0
ᠰᠢᠨᠵᠢᠶᠠᠩ ᠤᠨ ᠰᠦᠷᠳᠡᠭᠦᠯᠬᠦ ᠦᠵᠡᠯ ᠢ ᠡᠰᠡᠷᠭᠦᠴᠡᠬᠦ ᠪᠤᠯᠤᠨ ᠬᠡᠳᠦᠷᠡᠮᠡᠬᠡᠢ ᠦᠵᠡᠯ ᠢ ᠠᠷᠢᠯᠭᠠᠬᠤ ᠠᠷᠭ᠎ᠠ ᠬᠡᠮᠵᠢᠶ᠎ᠠ ᠪᠤᠯ ᠲᠦᠪ ᠶᠤᠰᠤᠨ ᠤ ᠠᠵᠢᠯᠯᠠᠭ᠎ᠠ ᠮᠦᠨ
 
  ᠣᠶᠢᠷ᠎ᠠ ᠶᠢᠨ ᠡᠳᠦᠷ᠂ ᠠᠮᠧᠷᠢᠺᠠ ᠶᠢᠨ ᠤᠯᠤᠰ ᠤᠨ ᠬᠤᠷᠠᠯ ᠤᠨ ᠳᠤᠤᠷᠠᠳᠤ ᠵᠦᠪᠯᠡᠯ ᠳᠤᠮᠳᠠᠳᠤ ᠶᠢᠨ ᠲᠠᠯ᠎ᠠ ᠶᠢᠨ ᠡᠰᠡᠷᠭᠦᠴᠡᠯ ᠢ ᠬᠠᠶᠢᠬᠤᠷᠤᠯ ᠦᠭᠡᠢ ᠪᠠᠷ ︽2019 ᠤᠨ ᠤ ᠤᠢᠢᠭᠤᠷᠴᠤᠳ ᠤᠨ ᠬᠦᠮᠦᠨ ᠤ ᠡᠷᠬᠡ ᠶᠢᠨ ᠲᠦᠷᠦ ᠶᠢᠨ ᠪᠤᠳᠤᠯᠭ᠎ᠠ ᠶᠢᠨ ᠬᠠᠤᠯᠢ ᠶᠢᠨ ᠲᠦᠰᠦᠯ︾ ᠢ ᠬᠢᠨᠠᠨ ᠵᠦᠪᠯᠡᠵᠤ ᠪᠠᠳᠤᠯᠠᠵᠠᠢ᠃ ᠲᠤᠰ ︽ᠬᠠᠤᠯᠢ ᠶᠢᠨ ᠲᠦᠰᠦᠯ︾ ᠨᠢ ᠳᠤᠮᠳᠠᠳᠤ ᠤᠯᠤᠰ ᠤᠨ ᠰᠢᠨᠵᠢᠶᠠᠩ ᠤᠨ ᠬᠦᠮᠦᠨ ᠤ ᠡᠷᠬᠡ ᠶᠢᠨ ᠪᠠᠶᠢᠳᠠᠯ ᠢ ᠬᠠᠷ᠎ᠠ ᠬᠤᠤᠷᠳᠠᠢ ᠪᠠᠷ ᠳᠠᠭᠠᠷᠢᠵᠤ᠂ ᠳᠤᠮᠳᠠᠳᠤ ᠤᠯᠤᠰ ᠤᠨ ᠬᠡᠳᠦᠷᠡᠮᠡᠬᠡᠢ ᠦᠵᠡᠯ ᠢ ᠠᠷᠢᠯᠭᠠᠬᠤ ᠪᠤᠯᠤᠨ ᠰᠦᠷᠳᠡᠭᠦᠯᠬᠦ ᠦᠵᠡᠯ ᠳᠤ ᠴᠤᠬᠢᠯᠳᠠ ᠦᠭᠬᠦ ᠴᠢᠷᠮᠠᠶᠢᠯᠭ᠎ᠠ ᠶᠢ ᠭᠠᠵᠢᠭᠤᠳᠠᠭᠤᠯᠤᠨ ᠭᠦᠳᠭᠡᠵᠤ᠂ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠢᠨᠵᠢᠶᠠᠩ ᠢ ᠵᠠᠰᠠᠬᠤ ᠲᠦᠷᠦ ᠶᠢᠨ ᠪᠤᠳᠤᠯᠭ᠎ᠠ ᠶᠢ ᠶᠤᠰᠤ ᠪᠤᠰᠤ ᠪᠠᠷ ᠵᠢᠮᠡᠯᠡᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠡᠳᠭᠢᠯ ᠢ ᠲᠦᠢᠯ ᠢᠶᠠᠷ ᠭᠤᠮᠤᠳᠠᠭᠠᠭᠰᠠᠨ ᠪᠦᠭᠡᠳ ᠬᠦᠴᠦᠷᠬᠡᠭᠯᠡᠯ ᠰᠦᠷᠳᠡᠭᠦᠯᠦᠯ ᠤᠨ ᠬᠦᠴᠦᠨ ᠳᠤ ᠬᠦᠨᠳᠤ ᠨᠤᠴᠢᠳᠠᠢ ᠪᠤᠷᠤᠭᠤ ᠳᠤᠬᠢᠶ᠎ᠠ ᠦᠭᠭᠦᠭᠰᠡᠨ ᠨᠢ ᠲᠦᠢᠯ ᠤᠨ ᠮᠠᠭᠤ ᠰᠢᠨᠵᠢ ᠴᠢᠨᠠᠷ ᠲᠠᠢ᠂ ᠲᠦᠢᠯ ᠤᠨ ᠬᠠᠷ᠎ᠠ ᠬᠤᠤᠷᠲᠠᠢ ᠮᠠᠭᠤ ᠰᠠᠨᠠᠭ᠎ᠠ ᠪᠠᠶᠢᠨ᠎ᠠ᠃
  ᠰᠦᠷᠳᠡᠭᠦᠯᠬᠦ ᠦᠵᠡᠯ᠂ ᠬᠡᠳᠦᠷᠡᠮᠡᠬᠡᠢ ᠦᠵᠡᠯ ᠪᠤᠯ ᠬᠦᠮᠦᠨ ᠲᠦᠷᠦᠯᠬᠢᠳᠡᠨ ᠤ ᠨᠡᠶᠢᠭᠡᠮ ᠤᠨ ᠬᠠᠮᠳᠦ ᠶᠢᠨ ᠳᠠᠶᠢᠰᠤᠨ ᠮᠦᠨ᠂ ᠳᠡᠯᠡᠬᠡᠢ ᠨᠡᠶᠢᠭᠡᠮ ᠤᠨ ᠬᠠᠮᠳᠦ ᠪᠠᠷ ᠴᠤᠬᠢᠯᠳᠠ ᠦᠭᠬᠦ ᠡᠳᠡᠭᠡᠳ ᠮᠦᠨ᠃ ᠰᠢᠨᠵᠢᠶᠠᠩ ᠪᠤᠯ ᠳᠤᠮᠳᠠᠳᠤ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ᠂ ᠬᠡᠳᠦᠷᠡᠮᠡᠬᠡᠢ ᠦᠵᠡᠯ ᠢ ᠠᠷᠢᠯᠭᠠᠬᠤ ᠲᠡᠮᠡᠴᠡᠯ ᠤᠨ ᠭᠤᠤᠯ ᠳᠠᠶᠢᠨ ᠤ ᠲᠠᠯᠠᠪᠤᠷ ᠪᠤᠯᠤᠨ᠎ᠠ᠃ ᠳᠡᠭᠡᠷ᠎ᠠ ᠵᠠᠭᠤᠨ ᠤ ᠶᠡᠷᠡᠭᠡᠳ ᠤᠨ ᠠᠴᠠ 2016 ᠤᠨ ᠪᠤᠯᠳᠠᠯ᠎ᠠ᠂ ︽ᠭᠤᠷᠪᠠᠨ ᠬᠦᠴᠦᠨ︾ ᠰᠢᠨᠵᠢᠶᠠᠩ ᠵᠡᠷᠭᠡ ᠭᠠᠵᠠᠷ ᠤᠷᠤᠨ ᠳᠤ ᠬᠡᠳᠦᠨ ᠮᠢᠩᠭᠠᠨ ᠤᠳᠠᠭ᠎ᠠ ᠶᠢᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠡᠭᠦᠰᠭᠡᠵᠤ᠂ ᠦᠯᠡᠮᠵᠢ ᠤᠯᠠᠨ ᠡᠭᠡᠯ ᠵᠢᠷ ᠤᠨ ᠤᠯᠠᠨ ᠲᠦᠮᠡᠨ ᠢ ᠠᠯᠠᠵᠤ ᠰᠢᠷᠬᠠᠳᠤᠭᠤᠯᠵᠤ᠂ ᠮᠠᠨ ᠤ ᠤᠯᠤᠰ ᠤᠨ ᠠᠮᠤᠷ ᠲᠦᠪᠰᠢᠨ ᠪᠠ ᠲᠤᠭᠳᠠᠭᠤᠨ ᠢ ᠬᠦᠨᠳᠦ ᠨᠤᠴᠢᠳᠠᠢ ᠡᠪᠳᠡᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠦᠨᠳᠦ ᠨᠤᠴᠢᠳᠠᠢ ᠰᠦᠷᠲᠡᠭᠦᠯᠵᠡᠢ᠃ ᠬᠦᠨᠳᠦ ᠬᠡᠴᠡᠭᠦᠦ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠤᠨ ᠵᠠᠰᠠᠭ ᠤᠨ ᠤᠷᠳᠤᠨ ᠡᠷᠡᠰ ᠰᠢᠭᠤᠷᠬᠠᠢ ᠠᠷᠭ᠎ᠠ ᠬᠡᠮᠵᠢᠶ᠎ᠠ ᠬᠡᠷᠡᠭᠵᠢᠭᠦᠯᠵᠤ᠂ ᠰᠦᠷᠳᠡᠭᠦᠯᠬᠦ ᠦᠵᠡᠯ ᠢ ᠡᠰᠡᠷᠭᠦᠴᠡᠬᠦ ᠪᠤᠯᠤᠨ ᠬᠡᠳᠦᠷᠡᠮᠡᠬᠡᠢ ᠦᠵᠡᠯ ᠢ ᠠᠷᠢᠯᠭᠠᠬᠤ ᠲᠡᠮᠡᠴᠡᠯ ᠢ ᠬᠠᠤᠯᠢ ᠶᠤᠰᠤᠭᠠᠷ ᠦᠷᠨᠢᠭᠦᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠠᠤᠯᠢ ᠲᠦᠷᠢᠮ ᠤᠨ ᠤᠬᠠᠭᠤᠯᠭ᠎ᠠ ᠬᠦᠮᠦᠵᠢᠯ ᠢ ᠴᠢᠩᠭᠠᠳᠬᠠᠬᠤ᠂ ᠠᠵᠢᠯ ᠮᠡᠷᠭᠡᠵᠢᠯ ᠤᠨ ᠬᠦᠮᠦᠵᠢᠯ ᠪᠤᠯᠪᠠᠰᠤᠷᠠᠯ ᠤᠨ ᠲᠦᠪ ᠪᠠᠶᠢᠭᠤᠯᠬᠤ ᠵᠡᠷᠭᠡ ᠤᠯᠠᠨ ᠠᠷᠭ᠎ᠠ ᠬᠡᠮᠵᠢᠶ᠎ᠠ ᠪᠠᠷ ᠳᠠᠮᠵᠢᠵᠤ᠂ ᠬᠠᠤᠯᠢ ᠠᠴᠠ ᠵᠦᠷᠢᠴᠡᠭᠰᠡᠨ ᠪᠤᠶᠤ ᠶᠠᠯ᠎ᠠ ᠬᠢᠭᠰᠡᠨ ᠰᠦᠷᠳᠡᠬᠦᠯᠬᠦ ᠦᠵᠡᠯ ᠲᠠᠢ᠂ ᠬᠡᠳᠦᠷᠡᠮᠡᠬᠡᠢ ᠦᠵᠡᠯ ᠲᠠᠢ ᠬᠦᠮᠦᠰ ᠢ ᠬᠠᠮᠤᠭ ᠤᠨ ᠶᠡᠭᠡ ᠬᠡᠮᠵᠢᠶ᠎ᠠ ᠪᠠᠷ ᠠᠪᠤᠷᠠᠵᠤ᠂ ᠰᠦᠷᠳᠡᠭᠦᠯᠬᠦ ᠦᠵᠡᠯ᠂ ᠱᠠᠰᠢᠨ ᠰᠤᠷᠳᠠᠬᠤᠨ ᠤ ᠬᠡᠳᠦᠷᠡᠮᠡᠬᠡᠢ ᠦᠵᠡᠯ ᠤᠨ ᠦᠨᠳᠦᠰᠦᠯᠡᠬᠦ ᠬᠦᠷᠦᠰᠦ ᠰᠢᠷᠤᠢ ᠪᠠ ᠨᠦᠬᠦᠴᠡᠯ ᠢ ᠬᠠᠮᠤᠭ ᠤᠨ ᠶᠡᠭᠡ ᠬᠡᠮᠵᠢᠶ᠎ᠠ ᠪᠠᠷ ᠠᠷᠢᠯᠭᠠᠵᠤ᠂ ᠠᠷᠠᠳ ᠢᠷᠭᠡᠨ ᠤ ᠦᠨᠳᠦᠰᠦᠨ ᠡᠷᠬᠡ ᠠᠰᠢᠭ ᠰᠦᠷᠳᠡᠭᠦᠯᠬᠦ ᠦᠵᠡᠯ᠂ ᠱᠠᠰᠢᠨ ᠰᠤᠷᠳᠠᠬᠤᠨ ᠤ ᠬᠡᠳᠦᠷᠡᠮᠡᠬᠡᠢ ᠦᠵᠡᠯ ᠤᠨ ᠬᠤᠤᠷ ᠢ ᠦᠯᠦ ᠠᠮᠰᠠᠬᠤ ᠶᠢ ᠬᠠᠮᠤᠭ ᠤᠨ ᠶᠡᠭᠡ ᠬᠡᠮᠵᠢᠶ᠎ᠠ ᠪᠠᠷ ᠪᠠᠳᠤᠯᠠᠵᠤ᠂ ᠰᠢᠨᠵᠢᠶᠠᠩ ᠤᠨ ᠨᠡᠶᠢᠭᠡᠮ ᠤᠨ ᠲᠤᠭᠳᠠᠭᠤᠨ ᠪᠤᠯᠤᠨ ᠦᠨᠢ ᠤᠳᠠᠭᠠᠨ ᠤ ᠠᠮᠤᠷ ᠲᠤᠭᠳᠠᠭᠤᠨ ᠢ ᠪᠡᠶᠡᠯᠡᠭᠦᠯᠬᠦ ᠳᠤ ᠪᠠᠳᠤ ᠪᠠᠬᠢ ᠰᠠᠭᠤᠷᠢ ᠲᠠᠯᠪᠢᠨ ᠦᠭᠴᠠᠢ᠃
  ᠠᠮᠤᠷ ᠠᠮᠤᠭᠤᠯᠠᠩ ᠠᠴᠠ ᠰᠠᠶᠢᠨ ᠵᠦᠢᠯ ᠦᠭᠡᠢ᠂ ᠦᠢᠮᠡᠭᠡᠨ ᠰᠠᠮᠠᠭᠤᠷᠠᠯ ᠠᠴᠠ ᠮᠠᠭᠤᠬᠠᠢ ᠵᠦᠢᠯ ᠦᠭᠡᠢ᠃ ᠤᠢᠢᠷ᠎ᠠ ᠶᠢᠨ ᠵᠢᠯ ᠠᠴᠠ᠂ ᠰᠢᠨᠵᠢᠶᠠᠩ ᠤᠨ ᠰᠦᠷᠳᠡᠭᠦᠯᠬᠦ ᠦᠵᠡᠯ ᠢ ᠡᠰᠡᠷᠭᠦᠴᠡᠭᠰᠡᠨ᠂ ᠬᠡᠳᠦᠷᠡᠮᠡᠬᠡᠢ ᠦᠵᠡᠯ ᠢ ᠠᠷᠢᠯᠭᠠᠭᠰᠠᠨ ᠦᠷ᠎ᠠ ᠪᠦᠲᠦᠮᠵᠢ ᠳᠤᠪᠤᠶᠢᠮ᠎ᠠ ᠪᠠᠶᠢᠵᠤ᠂ ᠲᠠᠶᠢᠪᠤᠩ ᠲᠤᠬᠳᠠᠭᠤᠨ ᠤ ᠠᠰᠢᠭ ᠢ ᠲᠠᠰᠤᠷᠠᠯᠳᠠ ᠦᠭᠡᠢ ᠲᠦᠭᠡᠪᠡ᠃ ᠰᠢᠨᠵᠢᠶᠠᠩ ᠤᠨ ᠨᠡᠶᠢᠭᠡᠮ ᠤᠨ ᠶᠡᠭᠡ ᠲᠠᠯ᠎ᠠ ᠨᠡᠶᠢᠳᠡᠮ ᠳᠡᠭᠡᠨ ᠲᠤᠭᠳᠠᠭᠤᠨ ᠪᠤᠯᠵᠤ᠂ ᠨᠢᠭᠡᠨᠳᠡ ᠭᠤᠷᠪᠠᠨ ᠵᠢᠯ ᠳᠠᠷᠠᠭᠠᠯᠠᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠦᠯᠦ ᠡᠭᠦᠰᠴᠤ᠂ ᠠᠵᠤ ᠠᠬᠤᠢ ᠦᠷᠬᠦᠯᠵᠢᠯᠡᠨ ᠬᠦᠭᠵᠢᠵᠤ᠂ ᠠᠷᠠᠳ ᠤᠨ ᠠᠮᠢᠳᠤᠷᠠᠯ ᠵᠠᠯᠭᠠᠭ᠎ᠠ ᠪᠠᠷ ᠰᠠᠶᠢᠵᠢᠷᠠᠵᠤ᠂ ᠰᠤᠶᠤᠯ ᠤᠷᠢᠳ ᠡᠮᠦᠨ᠎ᠠ ᠪᠠᠶᠢᠭ᠎ᠠ ᠦᠭᠡᠢ ᠬᠦᠭᠵᠢᠵᠤ᠂ ᠱᠠᠰᠢᠨ ᠰᠤᠷᠳᠠᠬᠤᠨ ᠡᠶ᠎ᠡ ᠨᠠᠶᠢᠷᠠᠮᠳᠠᠭᠤ ᠤᠷᠤᠰᠢᠨ ᠲᠤᠭᠳᠠᠨᠢᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠶᠡᠭᠡ ᠬᠡᠮᠵᠢᠶ᠎ᠠ ᠪᠠᠷ ᠳᠡᠭᠡᠭᠰᠢᠯᠡᠪᠡ᠃ ᠦᠢᠯᠡᠳᠦᠯᠭᠡ ᠭᠡᠷᠡᠴᠢᠯᠡᠭᠰᠡᠨ ᠨᠢ᠂ ᠰᠢᠨᠵᠢᠶᠠᠩ ᠤᠨ ᠰᠦᠷᠳᠡᠭᠦᠯᠬᠦ ᠦᠵᠡᠯ ᠢ ᠡᠰᠡᠷᠭᠦᠴᠡᠬᠦ᠂ ᠬᠡᠳᠦᠷᠡᠮᠡᠬᠡᠢ ᠦᠵᠡᠯ ᠢ ᠠᠷᠢᠯᠭᠠᠬᠤ ᠠᠷᠭ᠎ᠠ ᠬᠡᠮᠵᠢᠶ᠎ᠠ ᠨᠢ ᠰᠢᠨᠵᠢᠶᠠᠩ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠤ᠂ ᠰᠢᠨᠵᠢᠶᠠᠩ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠵᠤ᠂ ᠠᠷᠠᠳ ᠤᠨ ᠰᠠᠨᠠᠭ᠎ᠠ ᠲᠠᠢ ᠨᠡᠶᠢᠴᠡᠵᠤ᠂ ᠬᠦᠮᠦᠨ ᠤ ᠰᠡᠳᠭᠢᠯ ᠢ ᠤᠯᠵᠤ᠂ ᠭᠠᠷᠮᠠᠭᠠᠢ ᠦᠷ᠎ᠠ ᠪᠦᠲᠦᠮᠵᠢ ᠤᠯᠵᠠᠢ᠃
  ᠳᠤᠮᠳᠠᠳᠤ ᠤᠯᠤᠰ ᠪᠤᠯ ᠬᠠᠤᠯᠢᠵᠢᠯ ᠤᠨ ᠤᠯᠤᠰ ᠮᠦᠨ᠃ ᠳᠤᠮᠳᠠᠳᠤ ᠤᠯᠤᠰ ᠤᠨ ᠵᠠᠰᠠᠬ ᠤᠨ ᠤᠷᠳᠤᠨ ᠬᠠᠤᠯᠢᠵᠢᠯ ᠤᠨ ᠰᠡᠳᠬᠢᠬᠦᠢ ᠶᠢ ᠢᠮᠡᠬᠳᠡ ᠪᠠᠷᠢᠮᠳᠠᠯᠠᠵᠦ᠂ ᠬᠠᠤᠯᠢᠵᠢᠯ ᠤᠨ ᠠᠷᠭ᠎ᠠ ᠬᠡᠯᠪᠡᠷᠢ ᠪᠠᠷ ᠰᠦᠷᠳᠡᠬᠦᠯᠬᠦ ᠦᠵᠡᠯ ᠳᠤ ᠴᠤᠬᠢᠯᠳᠠ ᠦᠭᠴᠤ ᠪᠠᠶᠢᠨ᠎ᠠ᠂ ᠰᠢᠨᠵᠢᠶᠠᠩ ᠤᠨ ᠦᠷᠨᠢᠬᠦᠯᠵᠦ ᠪᠠᠶᠢᠭ᠎ᠠ ᠰᠦᠷᠳᠡᠬᠦᠯᠬᠦ ᠦᠵᠡᠯ ᠢ ᠡᠰᠡᠷᠬᠦᠴᠡᠬᠦ ᠪᠡ ᠬᠡᠳᠦᠷᠡᠮᠡᠬᠡᠢ ᠦᠵᠡᠯ ᠢ ᠠᠷᠢᠯᠭᠠᠬᠤ ᠳᠡᠮᠡᠴᠡᠯ ᠪᠤᠯ ᠤᠯᠤᠰ ᠤᠨ ᠬᠠᠤᠯᠢᠵᠢᠯ ᠤᠨ ᠵᠤᠷᠢᠬ ᠰᠠᠨᠠᠭ᠎ᠠ ᠪᠤᠯᠤᠨ ᠱᠠᠭᠠᠷᠳᠠᠯᠭ᠎ᠠ ᠲᠠᠢ ᠨᠡᠶᠢᠴᠡᠵᠦ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠦᠷᠳᠡᠬᠦᠯᠦᠯ ᠤᠨ ᠦᠵᠡᠯ ᠳᠤ ᠴᠤᠬᠢᠯᠳᠠ ᠦᠭᠴᠦ᠂ ᠦᠨᠳᠦᠰᠦᠨ ᠬᠦᠮᠦᠨ ᠤ ᠡᠷᠬᠡ ᠶᠢ ᠬᠠᠮᠠᠭᠠᠯᠠᠬᠤ ᠵᠤᠷᠢᠯᠳᠠ ᠪᠤᠯᠤᠨ ᠵᠠᠷᠴᠢᠮ ᠲᠠᠢ ᠨᠡᠶᠢᠴᠡᠵᠦ ᠪᠠᠶᠢᠬᠤ ᠶᠤᠮ᠃ ᠲᠦᠪ ᠭᠤᠤᠯᠴᠢ ᠨᠢ ᠬᠦᠮᠦᠨ ᠤ ᠰᠡᠳᠬᠢᠯ ᠢᠶᠠᠷ ᠢᠯᠡᠷᠡᠨ᠎ᠠ᠂ ᠳᠡᠯᠡᠬᠡᠢ ᠨᠡᠶᠢᠭᠡᠮ ᠤᠨ ᠰᠦᠷᠳᠡᠬᠦᠯᠬᠦ ᠦᠵᠡᠯ ᠢ ᠡᠰᠡᠷᠬᠦᠴᠡᠬᠦ ᠳᠡᠮᠡᠴᠡᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠬᠰᠠᠨ ᠤ ᠬᠤᠪᠢ ᠳᠤ᠂ ᠰᠢᠨᠵᠢᠶᠠᠩ ᠤᠨ ᠰᠦᠷᠳᠡᠬᠦᠯᠬᠦ ᠦᠵᠡᠯ ᠢ ᠡᠰᠡᠷᠬᠦᠴᠡᠬᠦ ᠪᠡ ᠬᠡᠳᠦᠷᠡᠮᠡᠬᠡᠢ ᠦᠵᠡᠯ ᠢ ᠠᠷᠢᠯᠭᠠᠬᠤ ᠳᠡᠮᠡᠴᠡᠯ ᠨᠢ ᠪᠦᠬᠦ ᠳᠡᠯᠡᠬᠡᠢ ᠶᠢᠨ ᠰᠦᠷᠳᠡᠬᠦᠯᠬᠦ ᠦᠵᠡᠯ ᠢ ᠡᠰᠡᠷᠬᠦᠴᠡᠬᠦ ᠦᠢᠯᠡᠰ ᠲᠤ ᠢᠳᠡᠪᠬᠢᠳᠡᠢ ᠬᠤᠪᠢ ᠨᠠᠮᠠᠷᠢ ᠦᠵᠡᠬᠦᠯᠵᠦ᠂ ᠳᠡᠯᠡᠬᠡᠢ ᠨᠡᠶᠢᠭᠡᠮ ᠳᠤ ᠦᠷᠬᠡᠨ ᠢᠶᠠᠷ ᠮᠡᠳᠡᠷᠡᠭᠳᠡᠵᠦ ᠪᠠᠶᠢᠨ᠎ᠠ᠃ ᠨᠢᠳᠤᠨᠤᠨ ᠤ ᠵᠢᠯ ᠤᠨ ᠰᠡᠬᠦᠯᠴᠢ ᠠᠴᠠ ᠨᠠᠭᠠᠰᠢ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠳᠡᠬᠡᠳᠦ ᠳᠠᠪᠬᠤᠷᠭ᠎ᠠ᠂ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ᠂ ᠨᠢᠬᠡ ᠪᠦᠯᠦᠭ ᠤᠯᠤᠰ ᠤᠨ ᠵᠧᠨ᠋ᠸᠧᠠ ᠳᠤ ᠰᠠᠭᠤᠭ᠎ᠠ ᠳᠦᠯᠦᠬᠡᠯᠡᠭᠴᠢᠳ ᠤᠨ ᠪᠦᠯᠬᠦᠮ ᠪᠤᠯᠤᠨ ᠬᠢᠯᠢ ᠶᠢᠨ ᠭᠠᠳᠠᠨᠠᠬᠢ ᠵᠠᠭᠤᠴᠢᠯᠠᠭᠤᠷ᠂ ᠱᠠᠰᠢᠨ ᠰᠤᠷᠳᠠᠬᠤᠨ ᠤ ᠪᠦᠯᠬᠦᠮ ᠨᠢᠬᠡᠴᠢ ᠵᠡᠷᠬᠡ 91 ᠤᠯᠤᠰ ᠪᠤᠯᠤᠨ ᠭᠠᠵᠠᠷ ᠤᠷᠤᠨ ᠤ 70 ᠭᠠᠷᠤᠢ ᠪᠦᠯᠦᠭ ᠪᠦᠯᠬᠦᠮ ᠳᠤᠭᠤᠢᠢᠯᠠᠩ᠂ 1000 ᠭᠠᠷᠤᠢ ᠬᠦᠮᠦᠨ ᠰᠢᠨᠵᠢᠶᠠᠩ ᠳᠤ ᠬᠦᠷᠴᠤ ᠰᠤᠷᠪᠤᠯᠵᠢᠯᠠᠭᠠᠳ᠂ ᠰᠢᠨᠵᠢᠶᠠᠩ ᠤᠨ ᠰᠦᠷᠳᠡᠬᠦᠯᠬᠦ ᠦᠵᠡᠯ ᠢ ᠡᠰᠡᠷᠬᠦᠴᠡᠬᠦ᠂ ᠬᠡᠳᠤᠷᠡᠮᠡᠬᠡᠢ ᠦᠵᠡᠯ ᠢ ᠠᠷᠢᠯᠭᠠᠬᠤ ᠠᠵᠢᠯ ᠤᠨ ᠳᠤᠷᠰᠢᠯᠭ᠎ᠠ ᠶᠢ ᠰᠤᠷᠤᠯᠴᠠᠵᠦ ᠳᠤᠯᠢ ᠪᠤᠯᠭᠠᠵᠦ ᠪᠤᠯᠤᠨ᠎ᠠ ᠬᠡᠵᠦ ᠮᠠᠬᠳᠠᠨ ᠰᠠᠶᠢᠰᠢᠶᠠᠵᠠᠭᠠᠵᠠᠢ᠃ ᠡᠮᠤᠨᠡᠬᠡᠨ᠂ 60 ᠭᠠᠷᠤᠢ ᠤᠯᠤᠰ ᠤᠨ ᠳᠦᠯᠦᠬᠡᠯᠡᠭᠴᠢᠳ 74 ᠳ᠋ᠤᠬᠡᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ ᠬᠤᠷᠠᠯ ᠤᠨ ᠭᠤᠷᠪᠠᠨ ᠵᠦᠪᠯᠡᠯ ᠤᠨ ᠬᠤᠷᠠᠯ ᠤᠨ ᠬᠤᠭᠤᠴᠠᠭᠠᠨ ᠳᠤ ᠢᠳᠡᠪᠬᠢᠳᠡᠢ ᠶᠠᠷᠢᠶ᠎ᠠ ᠳᠠᠯᠪᠢᠵᠦ᠂ ᠳᠤᠮᠳᠠᠳᠤ ᠤᠯᠤᠰ ᠤᠨ ᠰᠢᠨᠵᠢᠶᠠᠩ ᠤᠨ ᠰᠦᠷᠳᠡᠬᠦᠯᠬᠦ ᠦᠵᠡᠯ ᠢ ᠡᠰᠡᠷᠬᠦᠴᠡᠵᠦ ᠪᠠᠶᠢᠭ᠎ᠠ ᠪᠠ ᠬᠡᠳᠦᠷᠡᠮᠡᠬᠡᠢ ᠦᠵᠡᠯ ᠢ ᠠᠷᠢᠯᠭᠠᠵᠦ ᠪᠠᠶᠢᠭ᠎ᠠ ᠠᠷᠭ᠎ᠠ ᠬᠡᠮᠵᠢᠶᠠᠨ ᠳᠤ ᠢᠳᠡᠪᠬᠢᠳᠡᠢ ᠦᠨᠡᠯᠡᠯᠳᠡ ᠦᠭᠴᠡᠢ᠃
  ᠠᠮᠧᠷᠢᠺᠠ ᠶᠢᠨ ᠰᠢᠨᠵᠢᠶᠠᠩ ᠳᠤ ᠬᠤᠯᠪᠤᠬᠳᠠᠬᠰᠠᠨ ᠬᠠᠤᠯᠢ ᠶᠢᠨ ᠳᠦᠰᠦᠯ ᠨᠢ ᠰᠢᠨᠵᠢᠶᠠᠩ ᠤᠨ ᠰᠦᠷᠳᠡᠬᠦᠯᠬᠦ ᠦᠵᠡᠯ ᠢ ᠡᠰᠡᠷᠬᠦᠴᠡᠬᠦ ᠪᠡ ᠬᠡᠳᠦᠷᠡᠮᠡᠬᠡᠢ ᠦᠵᠡᠯ ᠢ ᠠᠷᠢᠯᠭᠠᠬᠤ ᠠᠷᠭ᠎ᠠ ᠬᠡᠮᠵᠢᠶᠡᠨ ᠤ ᠤᠯᠤᠬᠰᠠᠨ ᠢᠯᠡᠳᠳᠡ ᠠᠮᠵᠢᠯᠳᠡ ᠪᠦᠳᠦᠮᠵᠢ ᠶᠢ ᠬᠠᠶᠢᠬᠤᠷᠬᠤ ᠦᠬᠡᠢ᠂ ᠰᠢᠨᠵᠢᠶᠠᠩ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠤ ᠪᠦᠯᠬᠦᠮᠳᠡᠯ ᠲᠠᠢ ᠡᠶ᠎ᠡ ᠵᠤᠬᠢᠴᠠᠩᠭᠤᠢ ᠪᠠᠷ᠂ ᠠᠮᠤᠷ ᠵᠢᠮᠤᠷ ᠠᠵᠦ ᠳᠦᠷᠦᠵᠦ ᠪᠠᠶᠢᠭ᠎ᠠ ᠪᠤᠰᠤᠳᠴᠢ ᠪᠤᠳᠠᠳᠤ ᠬᠡᠷᠡᠭ ᠶᠠᠪᠤᠳᠠᠯ ᠢ ᠬᠠᠶᠢᠬᠤᠷᠬᠤ ᠦᠬᠡᠢ᠂ ᠳᠡᠯᠡᠬᠡᠢ ᠨᠡᠶᠢᠭᠡᠮ ᠤᠨ ᠰᠦᠷᠳᠡᠬᠦᠯᠬᠦ ᠦᠵᠡᠯ᠂ ᠬᠡᠳᠦᠷᠡᠮᠡᠬᠡᠢ ᠦᠵᠡᠯ ᠳᠤ ᠴᠤᠬᠢᠯᠳᠠ ᠦᠭᠬᠦ ᠨᠡᠶᠢᠳᠡᠮ ᠤᠨ ᠬᠠᠮᠳᠤ ᠶᠢᠨ ᠳᠠᠨᠢᠯᠳᠠ ᠶᠢ ᠬᠠᠶᠢᠬᠤᠷᠬᠤ ᠦᠬᠡᠢ ᠪᠠᠶᠢᠭ᠎ᠠ ᠨᠢ ᠤᠯᠠᠨ ᠤᠯᠤᠰ ᠤᠨ ᠶᠤᠰᠤ ᠵᠢᠷᠤᠮ ᠪᠤᠯᠤᠨ ᠬᠦᠮᠦᠨ ᠳᠦᠷᠦᠯᠬᠢᠳᠡᠨ ᠤ ᠰᠠᠶᠢᠨ ᠰᠠᠨᠠᠭ᠎ᠠ ᠰᠠᠶᠢᠬᠠᠨ ᠬᠦᠰᠡᠯ ᠠᠴᠠ ᠬᠦᠨᠳᠦ ᠨᠤᠴᠢᠳᠠᠢ ᠳᠡᠷᠰᠯᠡᠵᠦ᠂ ᠤᠯᠠᠨ ᠤᠯᠤᠰ ᠤᠨ ᠰᠦᠷᠳᠡᠬᠦᠯᠬᠦ ᠦᠵᠡᠯ ᠢ ᠡᠰᠡᠷᠬᠦᠴᠡᠬᠦ ᠬᠠᠮᠳᠤᠷᠠᠯᠴᠠᠭ᠎ᠠ ᠶᠢ ᠬᠦᠨᠳᠦ ᠨᠤᠴᠢᠳᠠᠢ ᠡᠪᠳᠡᠵᠦ ᠪᠠᠶᠢᠨ᠎ᠠ᠃ ᠠᠮᠧᠷᠢᠺᠠ ᠶᠢᠨ ᠳᠠᠯ᠎ᠠ ᠶᠢᠨ ᠬᠢᠨ ᠤ ᠰᠦᠷᠳᠡᠬᠦᠯᠬᠦ ᠦᠵᠡᠯ ᠢ ᠡᠰᠡᠷᠬᠦᠴᠡᠬᠦ᠂ ᠬᠡᠳᠦᠷᠡᠮᠡᠬᠡᠢ ᠦᠵᠡᠯ ᠢ ᠠᠷᠢᠯᠭᠠᠬᠤ ᠠᠰᠠᠭᠤᠳᠠᠯ ᠤᠨ ᠳᠠᠯ᠎ᠠ ᠪᠠᠷ ︽ᠬᠤᠶᠠᠳᠠᠮᠠᠯ ᠪᠠᠷᠢᠮᠵᠢᠶ᠎ᠠ︾ ᠠᠪᠴᠤ ᠪᠠᠶᠢᠭ᠎ᠠ ᠶᠢ ᠳᠤᠭᠤᠰᠢᠳᠠᠢ ᠬᠡᠯᠡᠪᠡᠯ᠂ ᠳᠠᠷᠤᠢ ᠰᠦᠷᠳᠡᠬᠦᠯᠬᠦ ᠦᠵᠡᠯ᠂ ᠬᠡᠳᠦᠷᠡᠮᠡᠬᠡᠢ ᠦᠵᠡᠯ ᠢ ᠦᠮᠦᠭᠯᠡᠨ᠂ ︽ᠭᠤᠷᠪᠠᠨ ᠬᠦᠴᠦᠨ︾ ᠢ ᠵᠤᠷᠢᠬᠵᠢᠭᠤᠯᠤᠨ ᠳᠡᠮᠵᠢᠵᠦ ᠪᠠᠶᠢᠭ᠎ᠠ ᠶᠠᠪᠤᠳᠠᠯ ᠪᠤᠯᠤᠨ᠎ᠠ᠂ ᠡᠨᠡ ᠨᠢ ᠠᠮᠧᠷᠢᠺᠠ ᠶᠢᠨ ᠨᠢᠬᠡ ᠪᠦᠯᠦᠭ ᠤᠯᠤᠰ ᠳᠦᠷᠦ ᠶᠢᠨ ᠵᠡᠪᠰᠢᠬᠴᠢ ᠪᠤᠯᠤᠨ ᠳᠤᠮᠳᠠᠳᠤ ᠤᠯᠤᠰ ᠢ ᠡᠰᠡᠷᠬᠦᠴᠡᠬᠦ ᠬᠦᠴᠤᠨ ᠤ ︽ᠰᠢᠨᠵᠢᠶᠠᠩ ᠤᠨ ᠠᠰᠠᠭᠤᠳᠠᠯ︾ ᠭᠡᠳᠡᠭ ᠢᠶᠠᠷ ᠮᠠᠨ ᠤ ᠤᠯᠤᠰ ᠢ ᠬᠤᠷᠢᠬᠯᠠᠵᠦ ᠬᠠᠭᠠᠴᠠᠭᠤᠯᠬᠤ ᠪᠠᠷ ᠭᠤᠷᠢᠳᠡᠵᠦ ᠪᠠᠶᠢᠭ᠎ᠠ ᠬᠠᠷ᠎ᠠ ᠬᠤᠤᠷᠳᠠᠢ ᠮᠠᠭᠤ ᠰᠠᠨᠠᠭ᠎ᠠ ᠶᠢ ᠨᠢ ᠬᠦᠢᠴᠡᠳ ᠢᠯᠡᠷᠡᠬᠦᠯᠵᠡᠢ᠃
  ᠡᠬᠦᠯᠡ ᠮᠠᠨᠠᠨ ᠡᠳᠦᠷ ᠤᠳᠠᠭᠠᠨ ᠢᠶᠠᠷ ᠨᠠᠷᠠ ᠶᠢ ᠬᠠᠯᠬᠠᠯᠠᠵᠦ ᠳᠡᠶᠢᠯᠬᠦ ᠦᠬᠡᠢ᠂ ᠳᠦᠪ ᠶᠤᠰᠤ ᠬᠡᠵᠢᠶ᠎ᠠ ᠴᠤ ᠬᠡᠰᠡᠨ ᠮᠠᠭᠤ ᠰᠠᠨᠠᠭ᠎ᠠ ᠶᠢ  ᠢᠯᠡᠨ᠎ᠠ᠃ ᠰᠢᠨᠵᠢᠶᠠᠩ ᠤᠨ ᠰᠦᠷᠳᠡᠬᠦᠯᠬᠦ ᠦᠵᠡᠯ ᠢ ᠡᠰᠡᠷᠬᠦᠴᠡᠬᠦ᠂ ᠬᠡᠳᠦᠷᠡᠮᠡᠬᠡᠢ ᠦᠵᠡᠯ ᠢ ᠠᠷᠢᠯᠭᠠᠬᠤ ᠠᠷᠭ᠎ᠠ ᠬᠡᠮᠵᠢᠶ᠎ᠠ ᠪᠤᠯ ᠳᠦᠪ ᠶᠤᠰᠤᠨ ᠠᠴᠠ ᠮᠠᠭᠤ ᠰᠠᠨᠠᠭ᠎ᠠ ᠳᠤ ᠬᠠᠨᠳᠤᠭᠤᠯᠤᠭᠰᠠᠨ᠂ ᠪᠤᠯᠪᠠᠰᠤᠨ ᠠᠴᠠ ᠪᠠᠯᠠᠮᠠᠳ ᠲᠤ ᠬᠠᠨᠳᠤᠭᠤᠯᠤᠭᠰᠠᠨ ᠳᠡᠮᠡᠴᠡᠯ ᠪᠤᠯᠬᠤᠷ᠂ ᠰᠢᠨᠵᠢᠶᠠᠩ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠤ ᠴᠢᠩ ᠰᠠᠳᠬᠢᠯ ᠤᠨ ᠬᠦᠷᠢᠶᠡᠯᠡᠯ ᠢ ᠤᠯᠤᠬᠰᠠᠨ ᠤ ᠬᠠᠮᠳᠤ᠂ ᠪᠠᠰᠠ ᠳᠡᠯᠡᠬᠡᠢ ᠨᠡᠶᠢᠭᠡᠮ ᠤᠨ ᠨᠡᠶᠢᠳᠡᠮ ᠤᠨ ᠳᠡᠮᠵᠢᠯᠬᠡ ᠪᠤᠯᠤᠨ ᠢᠳᠡᠪᠬᠢᠳᠡᠢ ᠦᠨᠡᠯᠡᠯᠳᠡ ᠶᠢ ᠤᠯᠵᠠᠢ᠃ ︽9 · 11︾ ᠤ ᠬᠡᠷᠡᠭ ᠭᠠᠷᠤᠭᠠᠳ ᠳᠡᠮᠡᠢ ᠤᠳᠠᠭᠠᠳᠤᠢ ᠰᠢᠦ᠂ ᠠᠮᠧᠷᠢᠺᠠ ᠶᠢᠨ ᠳᠠᠯ᠎ᠠ ᠶᠢᠨ ᠬᠢᠨ ᠰᠢᠷᠬ᠎ᠠ ᠡᠳᠡᠬᠡᠷᠡᠭᠰᠡᠨ ᠪᠤᠯᠪᠠᠴᠤ ᠡᠪᠡᠷᠰᠢᠶᠡᠯ ᠬᠡᠴᠡᠬᠦᠦ ᠪᠠᠶᠢᠳᠠᠬ ᠢ ᠪᠢᠳᠡᠬᠡᠢ ᠮᠠᠷᠳᠠᠬᠳᠤᠨ᠃ ᠠᠮᠧᠷᠢᠺᠠ ᠶᠢᠨ ᠳᠠᠯ᠎ᠠ ᠬᠡᠷᠪᠡ ᠰᠠᠨᠠᠭ᠎ᠠ ᠪᠠᠷ ᠢᠶᠠᠨ ᠰᠠᠪᠠᠵᠦ ᠵᠤᠷᠢᠬ ᠢᠶᠠᠷ ᠢᠶᠠᠨ ᠤᠢᠢᠯᠡᠳᠴᠤ᠂ ᠰᠦᠷᠳᠡᠬᠦᠯᠬᠦ ᠦᠵᠡᠯ ᠳᠤ ᠳᠡᠮᠵᠢᠯᠬᠡ ᠦᠵᠡᠬᠦᠯᠬᠦ ᠶᠢ ᠪᠠᠷᠢᠮᠳᠠᠯᠠᠵᠦ᠂ ᠦᠷᠬᠦᠯᠵᠢᠯᠡᠨ ᠳᠠᠶᠢᠰᠤᠨ ᠤ ᠭᠠᠷ ᠬᠦᠯ ᠪᠤᠯᠵᠦ᠂ ᠬᠠᠷᠬᠢᠰ ᠢ ᠳᠡᠮᠵᠢᠵᠦ ᠬᠡᠷᠴᠡᠬᠡᠶᠢᠯᠡᠨ ᠠᠭᠠᠰᠢᠯᠠᠪᠠᠰᠤ᠂ ᠯᠠᠪᠳᠠᠶ᠎ᠠ ᠦᠪᠡᠷ ᠤᠨ ᠬᠤᠤᠷ ᠢᠶᠠᠨ ᠦᠪᠡᠷ ᠢᠶᠠᠨ ᠠᠮᠰᠠᠬᠤ ᠶᠤᠮ︕ ᠵᠣᠬᠢᠶᠠᠭᠴᠢ᠄  ᠰᠢᠨᠬᠤᠸᠠ ᠬᠤᠷᠢᠶᠠᠨ ᠤ ᠰᠢᠭᠦᠮᠵᠢᠯᠡᠭᠴᠢ
     ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ︶



  
     
     