-
2142426
ᠬᠤᠯᠪᠤᠭᠠᠳᠤ ᠴᠤᠭᠴᠠ 320 ᠪᠤᠯᠪᠠ
2019-12-08 13:12
326
0
ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ 320 ᠪᠤᠯᠪᠠ
ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠠᠴᠠ ᠤᠢᠢᠯᠠᠭᠠᠭᠰᠠᠨ ᠢᠶᠠᠷ᠂ ᠡᠨᠡ ᠵᠢᠯ ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠬᠦᠴᠦᠯᠡᠨ ᠪᠤᠶᠢᠵᠢᠭᠤᠯᠵᠤ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠬᠦᠭᠵᠢᠯᠳᠡ ᠶᠢᠨ ᠬᠡᠯᠬᠢᠶ᠎ᠠ ᠳᠤ ᠠᠭᠤᠰᠤᠯᠴᠠᠨ ᠤᠷᠤᠬᠤ᠂ ᠠᠵᠤ ᠦᠢᠯᠡᠰ ᠤᠨ ᠬᠦᠭᠵᠢᠯᠳᠡ ᠶᠢᠨ ᠠᠰᠢᠭ ᠢ ᠬᠦᠷᠳᠡᠬᠦ ᠶᠢ ᠠᠬᠢᠭᠤᠯᠵᠠᠢ᠃ 10 ᠳ᠋ᠤᠭᠠᠷ ᠰᠠᠷ᠎ᠠ ᠶᠢᠨ ᠡᠴᠤᠰ ᠪᠤᠯᠳᠠᠯ᠎ᠠ᠂ ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ 320 ᠪᠤᠯᠵᠤ᠂ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢᠨ ᠲᠤᠳᠤᠭᠠᠳᠤ ᠳᠠᠭᠠᠨ ᠮᠠᠯᠴᠢᠨ ᠲᠠᠷᠢᠶᠠᠴᠢᠨ ᠤ ᠬᠤᠷᠰᠢᠶ᠎ᠠ ᠶᠢ 1780᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 820᠂ ᠮᠠᠯ ᠠᠵᠤ ᠠᠬᠤᠢ ᠲᠠᠷᠢᠶᠠᠯᠠᠩ ᠤᠨ ᠠᠵᠤ ᠠᠬᠤᠢᠢᠯᠠᠯ ᠢ 553 ᠲᠠᠶᠢᠴᠢᠯᠠᠵᠠᠢ᠃
2018 ᠤᠨ ᠳᠤ᠂ ᠮᠠᠨ ᠤ ᠤᠷᠤᠨ ᠤᠯᠤᠰ ᠤᠨ ᠠᠩᠬᠠᠳᠠᠭᠴᠢ ᠪᠦᠯᠦᠭ 7 ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢᠨ ᠲᠤᠷᠰᠢᠯᠳᠠ ᠶᠢᠨ ᠴᠡᠭ ᠤᠨ ᠮᠤᠵᠢ ᠤᠷᠤᠨ ᠤ ᠨᠢᠭᠡ ᠪᠤᠯᠵᠠᠢ᠃ ᠦᠪᠡᠷᠳᠡᠭᠡᠨ ᠵᠠᠰᠠᠬᠤ ᠤᠷᠤᠨ ᠤ 7 ᠰᠠᠯᠠᠭ᠎ᠠ ᠮᠦᠴᠢᠷ ᠬᠠᠮᠳᠤᠷᠠᠵᠤ ︽ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢ ᠪᠤᠶᠢᠵᠢᠭᠤᠯᠤᠨ ᠬᠦᠭᠵᠢᠭᠦᠯᠵᠦ ᠮᠠᠯᠵᠢᠬᠤ ᠲᠠᠷᠢᠶᠠᠯᠠᠬᠤ ᠡᠷᠦᠭᠡ ᠪᠤᠯᠤᠨ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠳᠡᠯᠡᠵᠦ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢ ᠪᠤᠶᠢᠵᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠲᠠᠭᠠᠭᠤᠯᠤᠭᠴᠢ ᠠᠵᠤ ᠠᠬᠤᠢᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠢᠭᠳᠠ ᠬᠠᠮᠳᠤᠷᠠᠯᠴᠠᠭ᠎ᠠ ᠪᠠᠷ ᠲᠠᠮᠵᠢᠨ᠂ ᠮᠠᠯᠵᠢᠬᠤ ᠲᠠᠷᠢᠶᠠᠯᠠᠬᠤ ᠡᠷᠦᠭᠡ ᠪᠤᠯᠤᠨ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠨ ᠤ ᠵᠠᠭᠪᠤᠷ ᠤᠨ ᠰᠢᠨ᠎ᠠ ᠶᠢ ᠡᠭᠦᠳᠴᠦ᠂ ᠠᠰᠢᠭ ᠤᠯᠵᠠᠪᠤᠷᠢ ᠪᠠᠨ ᠬᠤᠪᠢᠶᠠᠷᠢᠯᠠᠬᠤ ᠲᠤᠭᠳᠠᠴᠠ ᠶᠢ ᠲᠡᠭᠦᠯᠳᠡᠷᠵᠢᠭᠦᠯᠵᠦ᠂ ᠡᠩ ᠤᠨ ᠮᠠᠯᠵᠢᠬᠤ ᠲᠠᠷᠢᠶᠠᠯᠠᠬᠤ ᠡᠷᠦᠭᠡ ᠶᠢᠨ ᠬᠠᠮᠳᠤ ᠪᠠᠷ ᠬᠦᠭᠵᠢᠬᠦ ᠶᠢ ᠵᠢᠱᠢᠶ᠎ᠠ ᠦᠵᠡᠭᠦᠯᠦᠨ ᠲᠠᠶᠢᠴᠢᠯᠠᠵᠤ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢᠨ ᠦᠷ᠎ᠠ ᠪᠦᠳᠦᠭᠡᠯ ᠢ ᠵᠡᠷᠭᠡ ᠪᠠᠷ ᠡᠳ᠋ᠯᠡᠭᠦᠯᠵᠡᠢ᠃
ᠲᠠᠷᠠᠭᠠᠴᠢ ᠪᠠᠷ᠂ ᠮᠠᠨ ᠤ ᠤᠷᠤᠨ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢ ᠲᠡᠮᠵᠢᠬᠦ ᠡᠷᠴᠢᠮ ᠢᠶᠠᠨ ᠴᠢᠩᠭᠠᠳᠬᠠᠵᠤ᠂ ᠨᠦᠭᠦᠴᠡᠯ ᠲᠠᠢ ᠬᠤᠰᠢᠭᠤ ᠰᠢᠶᠠᠨ ᠠᠴᠠ ᠨᠢᠭᠡ ᠪᠦᠯᠦᠭ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢ ᠦᠷᠭᠦᠯᠵᠢᠯᠡᠨ ᠨᠤᠳᠠᠯᠠᠨ ᠲᠤᠭᠳᠠᠭᠠᠨ᠎ᠠ᠃ ᠵᠣᠬᠢᠶᠠᠭᠴᠢ᠄ ᠪᠤᠤ ᠨᠠᠷᠠᠨᠳᠤᠶᠠᠭ᠎ᠠ