-
2142310
︽ᠦᠨᠲᠦᠰᠦᠲᠡᠡ ᠤᠳᠬ᠎ᠠ ᠵᠤᠬᠢᠶᠠᠯ︾
2019-10-18 19:39
329
0
ᠰᠢᠨᠬᠤᠸᠠ ᠬᠤᠷᠢᠶᠠᠠ ᠤ ᠪᠡᠭᠡᠵᠢᠩ ᠤᠨ 10 ᠰᠠᠷ᠎ᠠ ᠶᠢᠨ 16 ᠤ ᠴᠠᠬᠢᠯᠭᠠᠠ ᠮᠡᠲᠡᠭᠡ ︵ᠰᠤᠷᠪᠤᠯᠵᠢᠯᠠᠭᠴᠢ ᠱᠢ ᠵᠢᠩ ᠨᠠᠠ︶ ᠰᠤᠷᠪᠤᠯᠵᠢᠯᠠᠭᠴᠢ 16 ᠤ ᠡᠲᠦᠷ ᠪᠡᠭᠡᠵᠢᠩ ᠳᠤ ᠬᠤᠷᠠᠯᠲᠤᠭᠰᠠᠨ ︽ᠦᠨᠲᠦᠰᠦᠲᠡᠡ ᠤ ᠤᠳᠬ᠎ᠠ ᠵᠤᠬᠢᠶᠠᠯ︾ ᠰᠡᠳᠭᠦᠯ ᠤᠨ ᠮᠤᠩᠭᠤᠯ᠂ ᠲᠦᠪᠡᠳ᠂ ᠤᠶᠢᠭᠤᠷ ᠬᠡᠯᠡᠡ ᠤ ᠬᠡᠪᠯᠡᠯ ᠤᠨ ᠬᠡᠪᠯᠡᠯ ᠡᠬᠢᠯᠡᠭᠰᠡᠨ 10 ᠵᠢᠯ ᠤᠨ ᠤᠢ ᠶᠢᠨ ᠶᠠᠷᠢᠯᠴᠠᠬᠤ ᠬᠤᠷᠠᠯ ᠠᠴᠠ ᠤᠶᠢᠯᠠᠭᠠᠭᠰᠠᠠ ᠢᠶᠠᠷ᠂ ᠤᠯᠤᠰ ᠤᠨ ᠲᠤᠲᠤᠭᠠᠲᠤ ᠶᠢᠨ ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠢ ᠴᠦᠭᠡᠡ ᠲᠤᠭᠠᠲᠦ ᠦᠨᠲᠦᠰᠦᠲᠡᠡ ᠤ ᠤᠳᠬ᠎ᠠ ᠵᠤᠬᠢᠶᠠᠯ ᠤᠨ ᠰᠠᠷ᠎ᠠ ᠶᠢᠨ ᠰᠡᠳᠭᠦᠯ ᠪᠤᠯᠤᠭᠰᠠᠠ ᠤ ᠬᠤᠪᠢ ᠳᠤ᠂ ︽ᠦᠨᠲᠦᠰᠦᠲᠡᠡ ᠤ ᠤᠳᠬ᠎ᠠ ᠵᠤᠬᠢᠶᠠᠯ︾ ᠰᠡᠳᠭᠦᠯ 2009 ᠤᠨ ᠳᠤ ᠮᠤᠩᠭᠤᠯ᠂ ᠲᠦᠪᠡᠳ ᠪᠠ ᠤᠶᠢᠭᠤᠷ ᠬᠡᠯᠡᠡ ᠤ ᠬᠡᠪᠯᠡᠯ ᠢᠶᠠᠨ ᠡᠬᠢᠯᠡᠭᠦᠯᠦᠭᠰᠡᠡ ᠠᠴᠠ ᠨᠠᠭᠠᠰᠢ᠂ ᠨᠡᠶᠢᠲᠡ 500 ᠰᠢᠬᠠᠮ ᠬᠤᠪᠢ ᠡᠬᠡ ᠬᠡᠯᠡᠡ ᠤ ᠵᠤᠬᠢᠶᠠᠯ ᠨᠡᠶᠢᠲᠡᠯᠡᠵᠦ᠂ ᠴᠦᠭᠡᠡ ᠲᠤᠭᠠᠲᠤ ᠦᠨᠲᠦᠰᠦᠲᠡᠡ ᠤ ᠡᠬᠡ ᠬᠡᠯᠡᠨ ᠤ ᠤᠩᠰᠢᠠᠠᠴᠢᠳ ᠲᠤ ᠤᠲᠤᠬᠠᠠ ᠤ ᠲᠤᠮᠲᠠᠲᠤ ᠤᠯᠤᠰ ᠤᠨ ᠤᠳᠬ᠎ᠠ ᠵᠤᠬᠢᠶᠠᠯ ᠤᠨ ᠬᠠᠮᠤᠭ ᠰᠢᠨ᠎ᠠ ᠪᠠᠶᠢᠲᠠᠯ ᠢ ᠴᠠᠭ ᠲᠤᠬᠠᠢ ᠳᠤᠨᠢ ᠤᠶᠢᠯᠠᠭᠠᠭᠤᠯᠵᠦ᠂ ᠤᠲᠤ ᠦᠶ᠎ᠠ ᠶᠢᠨ ᠲᠤᠮᠲᠠᠲᠤ ᠤᠯᠤᠰ ᠤᠨ ᠤᠳᠬ᠎ᠠ ᠵᠤᠬᠢᠶᠠᠯ ᠤᠨ ᠴᠡᠴᠡᠭᠯᠡᠯᠲᠡ ᠬᠦᠭᠵᠢᠯᠲᠠ ᠶᠢ ᠬᠠᠮᠲᠤ ᠪᠠᠷ ᠡᠳ᠋ᠯᠡᠭᠦᠯᠦᠭᠰᠡᠡ ᠪᠠᠶᠢᠨ᠎ᠠ᠃
︽ᠦᠨᠲᠦᠰᠦᠲᠡᠡ ᠤ ᠤᠳᠬ᠎ᠠ ᠵᠤᠬᠢᠶᠠᠯ︾ ᠰᠡᠳᠭᠦᠯ ᠪᠤᠯ ᠲᠤᠮᠲᠠᠲᠤ ᠤᠯᠤᠰ ᠤᠨ ᠵᠤᠬᠢᠶᠠᠯᠴᠢᠳ ᠤᠨ ᠡᠪᠯᠡᠯ ᠠᠴᠠ ᠭᠤᠤᠯᠯᠠᠠ ᠬᠠᠮᠢᠶᠠᠷᠴᠤ᠂ ᠲᠤᠮᠲᠠᠲᠤ ᠤᠯᠤᠰ ᠤᠨ ᠵᠤᠬᠢᠶᠠᠯᠴᠢᠳ ᠤᠨ ᠬᠡᠪᠯᠡᠯ ᠤᠨ ᠪᠦᠯᠦᠭᠯᠡᠯ ᠠᠴᠠ ᠭᠤᠤᠯᠯᠠᠠ ᠡᠷᠬᠢᠯᠡᠵᠦ ᠪᠠᠶᠢᠭ᠎ᠠ ᠤᠯᠤᠰ ᠤᠨ ᠲᠤᠲᠤᠭᠠᠲᠤ ᠶᠢᠨ ᠴᠤᠷ ᠤᠨ ᠭᠠᠭᠴᠠ ᠪᠦᠬᠦ ᠤᠯᠤᠰ ᠤᠨ ᠴᠢᠨᠠᠷᠳᠠᠢ ᠴᠦᠭᠡᠡ ᠲᠤᠭᠠᠲᠦ ᠦᠨᠲᠦᠰᠦᠲᠡᠡ ᠤ ᠤᠳᠬ᠎ᠠ ᠵᠤᠬᠢᠶᠠᠯ ᠤᠨ ᠰᠠᠷ᠎ᠠ ᠶᠢᠨ ᠰᠡᠳᠭᠦᠯ ᠪᠤᠯᠤᠨ᠎ᠠ᠃ ᠬᠢᠲᠠᠳ ᠬᠡᠪᠯᠡᠯ ᠨᠢ 1981 ᠤᠨ ᠳᠤ ᠬᠡᠪᠯᠡᠯ ᠡᠬᠢᠯᠡᠵᠠᠢ᠃ 2009 ᠤᠨ ᠳᠤ᠂ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ 60 ᠵᠢᠯ ᠤᠨ ᠤᠢ ᠶᠢᠨ ᠲᠠᠰᠢᠷᠠᠮ ᠢᠶᠠᠷ᠂ ︽ᠦᠨᠲᠦᠰᠦᠲᠡᠡ ᠤ ᠤᠳᠬ᠎ᠠ ᠵᠤᠬᠢᠶᠠᠯ︾ ᠰᠡᠳᠭᠦᠯ ᠤᠨ ᠮᠤᠩᠭᠤᠯ᠂ ᠲᠦᠪᠡᠳ᠂ ᠤᠶᠢᠭᠤᠷ ᠬᠡᠯᠡᠡ ᠤ ᠬᠡᠪᠯᠡᠯ ᠨᠢ ᠬᠡᠪᠯᠡᠯ ᠡᠬᠢᠯᠡᠭᠰᠡᠨ ᠪᠠᠶᠢᠨ᠎ᠠ᠃
ᠲᠠᠨᠢᠯᠴᠠᠭᠤᠯᠤᠭᠰᠠᠠ ᠢᠶᠠᠷ᠂ ᠡᠨᠡ ᠭᠤᠷᠪᠠᠠ ᠬᠡᠯᠡᠡ ᠤ ᠰᠡᠳᠭᠦᠯ ᠬᠡᠪᠯᠡᠯ ᠡᠬᠢᠯᠡᠭᠰᠡᠨ ᠠᠴᠠ ᠨᠠᠭᠠᠰᠢ᠂ ᠴᠦᠭᠡᠡ ᠲᠤᠭᠠᠲᠦ ᠦᠨᠲᠦᠰᠦᠲᠡᠡ ᠤ ᠵᠤᠬᠢᠶᠠᠯᠴᠢᠳ ᠢ ᠲᠡᠳᠭᠦᠠ ᠬᠦᠮᠦᠵᠢᠭᠦᠯᠬᠦ᠂ ᠴᠦᠭᠡᠡ ᠲᠤᠭᠠᠲᠦ ᠦᠨᠲᠦᠰᠦᠲᠡᠡ ᠤ ᠤᠳᠬ᠎ᠠ ᠵᠤᠬᠢᠶᠠᠯ ᠢ ᠴᠡᠴᠡᠭᠯᠡᠭᠦᠯᠦᠨ ᠬᠦᠭᠵᠢᠭᠦᠯᠬᠦ᠂ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢ ᠠᠬᠢᠭᠤᠯᠬᠤ ᠬᠡᠪᠯᠡᠯ ᠡᠷᠬᠢᠯᠡᠬᠦ ᠵᠤᠷᠢᠯᠲᠠ ᠪᠠᠨ ᠪᠠᠷᠢᠮᠲᠠᠯᠠᠵᠦ᠂ ᠲᠤᠰ ᠪᠦᠷᠢ 62 ᠬᠤᠭᠤᠴᠠᠭᠠᠨ ᠤ ᠰᠡᠳᠭᠦᠯ ᠬᠡᠪᠯᠡᠭᠦᠯᠵᠦ᠂ ᠯᠤᠤ ᠱᠧ᠂ ᠸᠠᠩ ᠽᠧᠩ ᠴᠢ᠂ ᠲᠢᠶ᠋ᠧ ᠨᠢᠩ᠂ ᠮᠦᠸᠧ ᠶᠠᠠ᠂ ᠸᠠᠩ ᠮᠧᠩ ᠵᠡᠷᠭᠡ ᠤᠯᠤᠰ ᠤᠨ ᠲᠤᠲᠤᠭᠠᠲᠤ ᠶᠢᠨ 700 ᠭᠠᠷᠤᠢ ᠵᠤᠬᠢᠶᠠᠯᠴᠢ ᠶᠢᠨ ᠰᠢᠯᠢᠲᠡᠭ ᠪᠦᠲᠦᠭᠡᠯ ᠵᠢᠴᠢ ᠬᠠᠢ ᠮᠢᠩ ᠸᠧᠢ᠂ ᠲᠧᠭᠤᠷ᠂ ᠷᠤᠮᠠᠨ · ᠷᠤᠯᠠᠠᠳ᠋ ᠵᠡᠷᠭᠡ ᠭᠠᠲᠠᠭᠠᠲᠤ ᠶᠢᠨ ᠠᠯᠢ ᠤᠯᠠᠨ ᠠᠯᠲᠠᠷᠲᠦ ᠵᠤᠬᠢᠶᠠᠯᠴᠢᠳ ᠤᠨ ᠰᠤᠳᠤᠨ ᠪᠦᠲᠦᠭᠡᠯ ᠢ ᠪᠠᠭᠳᠠᠭᠠᠭᠰᠠᠨ 700 ᠭᠠᠷᠤᠢ ᠬᠤᠪᠢ ᠤᠷᠴᠢᠭᠤᠯᠭ᠎ᠠ ᠶᠢᠨ ᠪᠦᠲᠦᠭᠡᠯ ᠨᠡᠶᠢᠲᠡᠯᠡᠵᠠᠢ᠃ ᠮᠤᠩᠭᠤᠯ ᠬᠡᠯᠡᠡ ᠤ ᠬᠡᠪᠯᠡᠯ ᠳᠤ 180 ᠭᠠᠷᠤᠢ ᠬᠤᠪᠢ ᠦᠨᠳᠦᠰᠦᠲᠡᠨ ᠤ ᠡᠬᠡ ᠬᠡᠯᠡᠨ ᠤ ᠪᠦᠲᠦᠭᠡᠯ ᠢ ᠨᠡᠶᠢᠲᠡᠯᠡᠵᠦ᠂ 200 ᠭᠠᠷᠤᠢ ᠤᠷᠴᠢᠭᠤᠯᠤᠭᠴᠢ ᠤᠷᠴᠢᠭᠤᠯᠬᠤ ᠠᠵᠢᠯ ᠳᠤ ᠤᠷᠤᠯᠴᠠᠭᠰᠠᠠ ᠪᠠᠶᠢᠨ᠎ᠠ︔ ᠲᠦᠪᠡᠳ ᠬᠡᠯᠡᠡ ᠤ ᠬᠡᠪᠯᠡᠯ ᠨᠢ 160 ᠭᠠᠷᠤᠢ ᠬᠤᠪᠢ ᠦᠨᠳᠦᠰᠦᠲᠡᠨ ᠤ ᠡᠬᠡ ᠬᠡᠯᠡᠡ ᠤ ᠪᠦᠲᠦᠭᠡᠯ ᠢ ᠨᠡᠶᠢᠲᠡᠯᠡᠵᠦ᠂ 140 ᠭᠠᠷᠤᠢ ᠤᠷᠴᠢᠭᠤᠯᠤᠭᠴᠢ ᠤᠷᠴᠢᠭᠤᠯᠬᠤ ᠠᠵᠢᠯ ᠳᠤ ᠤᠷᠤᠯᠴᠠᠵᠠᠢ︔ ᠤᠶᠢᠭᠤᠷ ᠬᠡᠯᠡᠡ ᠤ ᠬᠡᠪᠯᠡᠯ ᠳᠤ 140 ᠭᠠᠷᠤᠢ ᠬᠤᠪᠢ ᠦᠨᠳᠦᠰᠦᠲᠡᠨ ᠤ ᠡᠭᠡ ᠬᠡᠯᠡᠡ ᠤ ᠪᠦᠲᠦᠭᠡᠯ ᠢ ᠨᠡᠶᠢᠲᠡᠯᠡᠵᠦ᠂ 160 ᠭᠠᠷᠤᠢ ᠤᠷᠴᠢᠭᠤᠯᠤᠭᠴᠢ ᠤᠷᠴᠢᠭᠤᠯᠬᠤ ᠠᠵᠢᠯ ᠳᠤ ᠤᠷᠤᠯᠴᠠᠵᠠᠢ᠃
ᠡᠭᠦᠨ ᠠᠴᠠ ᠭᠠᠲᠠᠨ᠎ᠠ᠂ ︽ᠦᠨᠲᠦᠰᠦᠲᠡᠡ ᠤ ᠤᠳᠬ᠎ᠠ ᠵᠤᠬᠢᠶᠠᠯ︾ ᠰᠡᠳᠭᠦᠯ ᠪᠠᠰᠠ ᠪᠡᠭᠡᠵᠢᠩ᠂ ᠰᠢᠨᠵᠢᠶᠠᠩ᠂ ᠲᠦᠪᠡᠳ᠂ ᠬᠦᠬᠡᠨᠠᠭᠤᠷ᠂ ᠦᠪᠦᠷ ᠮᠤᠩᠭᠤᠯ᠂ ᠭᠠᠨᠰᠦ ᠵᠡᠷᠭᠡ ᠭᠠᠵᠠᠷ ᠲᠤ ᠲᠤᠰ ᠲᠤᠰ ᠭᠤᠷᠪᠠᠠ ᠬᠡᠯᠡᠡ ᠤ ᠬᠡᠪᠯᠡᠯ ᠤᠨ ᠵᠤᠬᠢᠶᠠᠯᠴᠢᠳ ᠤᠷᠴᠢᠭᠤᠯᠤᠭᠴᠢᠳ ᠤᠨ ᠡᠭᠡ ᠪᠢᠴᠢᠭ ᠵᠠᠰᠬᠠᠤ ᠠᠩᠭᠢ᠂ ᠪᠤᠯᠪᠠᠰᠤᠷᠠᠯ ᠤᠨ ᠠᠩᠭᠢ ᠪᠠ ᠰᠤᠲᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠲᠤᠭᠤᠯᠵᠦ᠂ ᠴᠦᠭᠡᠡ ᠲᠤᠭᠠᠲᠦ ᠦᠨᠲᠦᠰᠦᠲᠡᠡ ᠤ ᠡᠭᠡ ᠭᠡᠯᠡᠡ ᠤ ᠵᠤᠬᠢᠶᠠᠯᠴᠢᠳ ᠪᠤᠯᠤᠨ ᠤᠷᠴᠢᠭᠤᠯᠤᠭᠴᠢᠳ ᠤᠨ ᠤᠳᠬ᠎ᠠ ᠵᠤᠬᠢᠶᠠᠯ ᠤᠨ ᠬᠡᠪ ᠪᠤᠯᠪᠠᠰᠤᠷᠠᠯ ᠢ ᠲᠡᠭᠡᠭᠰᠢᠯᠡᠭᠦᠯᠦᠭᠰᠡᠡ ᠪᠦᠭᠡᠳ ᠪᠠᠰᠠ ᠦᠯᠡᠮᠵᠢ ᠤᠯᠠᠠ ᠤᠳᠬ᠎ᠠ ᠵᠤᠬᠢᠶᠠᠯ ᠵᠤᠬᠢᠶᠠᠠ ᠪᠦᠲᠦᠭᠡᠬᠦ ᠪᠠ ᠤᠷᠴᠢᠭᠤᠯᠬᠤ ᠰᠢᠨ᠎ᠠ ᠬᠦᠮᠦᠨ ᠢ ᠬᠦᠮᠦᠵᠢᠭᠦᠯᠦᠭᠰᠡᠡ ᠪᠠᠶᠢᠨ᠎ᠠ᠃