 

ᠳᠠᠯ᠎ᠠ ᠨᠤᠳᠤᠭ ᠤᠨ ᠳᠠᠭᠤᠤ ᠬᠦᠭᠵᠢᠮ ᠤᠨ ᠤᠯᠠᠮᠵᠢᠯᠠᠯ ᠰᠢᠨᠡᠴᠢᠯᠡᠯ ᠪᠠ ᠰᠤᠯᠢᠯᠴᠠᠭ᠎ᠠ ᠳᠡᠯᠬᠡᠷᠡᠬᠦᠯᠦᠯᠳᠡ 

2018-05-17 15:37
  2223
  0
     ᠲᠦᠷᠦᠬᠦᠬᠡᠨ᠂ ︽ᠪᠦᠬᠦ ᠪᠦᠮᠪᠦᠷᠴᠡᠭ ᠤᠨ ᠬᠠᠷᠠᠭᠠᠨ ᠳᠠᠬᠢ ᠳᠠᠯ᠎ᠠ ᠨᠤᠳᠤᠭ ᠤᠨ ᠳᠠᠭᠤᠤ ᠬᠦᠭᠵᠢᠮ ᠤᠨ ᠤᠯᠠᠮᠵᠢᠯᠠᠯ ᠰᠢᠨᠡᠴᠢᠯᠡᠯ ᠪᠠ ᠰᠤᠯᠢᠯᠴᠠᠭ᠎ᠠ ᠳᠡᠯᠬᠡᠷᠡᠬᠦᠯᠦᠯᠳᠡ ᠶᠢᠨ ᠡᠷᠳᠡᠮ ᠰᠢᠨᠵᠢᠯᠡᠬᠡᠨ ᠤ ᠬᠤᠷᠠᠯ︾ ᠬᠦᠬᠡᠬᠤᠳᠠ ᠳᠤ ᠶᠠᠪᠤᠭᠳᠠᠵᠤ᠂ 100 ᠭᠠᠷᠤᠢ ᠡᠷᠳᠡᠮᠳᠡᠨ ᠰᠤᠳᠤᠯᠭᠠᠳᠠᠨ ᠵᠢᠴᠢ ᠬᠠᠮᠢᠶ᠎ᠠ ᠪᠦᠬᠦᠢ ᠠᠵᠢᠯ ᠲᠦᠷᠦᠯ ᠤᠨ ᠬᠦᠮᠦᠰ ᠬᠤᠷᠠᠨ ᠴᠤᠭᠯᠠᠷᠠᠵᠤ᠂ ᠲᠠᠶᠠᠭᠠᠷᠴᠢᠯᠠᠯᠳᠠ ᠶᠢᠨ ᠶᠡᠭᠡ ᠤᠷᠴᠢᠨ ᠳᠤ ᠦᠨᠳᠦᠰᠦᠳᠡᠨ ᠤ ᠳᠠᠭᠤᠤ ᠬᠦᠭᠵᠢᠮ ᠢ ᠬᠡᠷᠬᠢᠨ ᠤᠯᠠᠮᠵᠢᠯᠠᠨ ᠰᠢᠨᠡᠴᠢᠯᠡᠬᠦ᠂ ᠲᠠᠷᠬᠠᠭᠠᠨ ᠳᠡᠯᠬᠡᠷᠡᠬᠦᠯᠬᠦ ᠳᠠᠯ᠎ᠠ ᠪᠠᠷ ᠦᠵᠡᠯ ᠪᠤᠳᠤᠯ ᠢᠶᠠᠨ ᠰᠤᠯᠢᠯᠴᠠᠭᠰᠠᠨ ᠪᠠᠶᠢᠯ᠎ᠠ᠃ ︽ᠠᠨᠳᠠ︾ ᠬᠠᠮᠳᠤᠯᠢᠭ ᠤᠨ ᠳᠡᠯᠡᠬᠡᠢ ᠳᠤ ᠭᠠᠷᠤᠭᠰᠠᠨ ᠠᠮᠵᠢᠯᠳᠠ ᠪᠤᠯᠤᠨ ᠲᠤᠷᠰᠢᠯᠭ᠎ᠠ ᠶᠢ ᠰᠤᠳᠤᠯᠤᠨ ᠶᠠᠷᠢᠯᠴᠠᠬᠤ ᠪᠤᠯ ᠮᠦᠨ ᠴᠤ ᠲᠤᠰ ᠤᠳᠠᠭ᠎ᠠ ᠶᠢᠨ ᠬᠤᠷᠠᠯ ᠤᠨ ᠭᠤᠤᠯᠳᠠᠯᠭ᠎ᠠ ᠪᠤᠯᠤᠨ᠎ᠠ᠃
     ᠮᠤᠩᠭᠤᠯ ᠦᠨᠳᠦᠰᠦᠳᠡᠨ ᠤ ᠳᠠᠭᠤᠤ ᠬᠦᠭᠵᠢᠮ ᠢᠶᠠᠷ ᠲᠦᠯᠦᠬᠡᠯᠡᠬᠦᠯᠦᠭᠰᠡᠨ ᠳᠠᠯ᠎ᠠ ᠨᠤᠳᠤᠭ ᠤᠨ ᠳᠠᠭᠤᠤ ᠬᠦᠭᠵᠢᠮ ᠪᠤᠯ ᠳᠠᠯ᠎ᠠ ᠨᠤᠳᠤᠭ ᠤᠨ ᠰᠤᠶᠤᠯ ᠤᠨ ᠬᠠᠮᠤᠭ ᠤᠨ ᠦᠪᠡᠷᠮᠢᠴᠡ᠂ ᠠᠮᠢᠳᠤᠯᠢᠭ ᠪᠦᠷᠢᠯᠳᠦᠬᠦᠨ ᠬᠡᠰᠡᠭ ᠪᠤᠯᠤᠨ᠎ᠠ᠃ ᠤᠯᠠᠨ ᠤ ᠮᠡᠳᠡᠬᠡᠵᠢ ᠪᠠᠷ᠂ ᠮᠤᠩᠭᠤᠯ ᠦᠨᠳᠦᠰᠦᠳᠡᠨ ᠤ ᠤᠯᠠᠮᠵᠢᠯᠠᠯᠳᠤ ᠳᠠᠭᠤᠤ ᠬᠦᠭᠵᠢᠮ ᠤᠨ ᠨᠠᠨᠳᠢᠨ ᠦᠪ ᠪᠤᠯᠬᠤ ᠤᠷᠳᠤ ᠶᠢᠨ ᠳᠠᠭᠤᠤ᠂ ᠬᠦᠬᠡᠮᠡᠢ᠂ ᠮᠤᠷᠢᠨ ᠬᠤᠭᠤᠷ ᠵᠡᠷᠬᠡ ᠨᠢ ᠳᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠬᠡᠭᠳᠡᠭᠰᠡᠨ ᠶᠤᠮ᠃ ᠤᠢᠢᠷ᠎ᠠ ᠶᠢᠨ ᠵᠢᠯ ᠠᠴᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠯᠢ ᠤᠯᠠᠨ ᠠᠷᠭ᠎ᠠ ᠬᠡᠮᠵᠢᠶ᠎ᠠ ᠠᠪᠴᠤ᠂ ᠳᠠᠯ᠎ᠠ ᠨᠤᠳᠤᠭ ᠤᠨ ᠳᠠᠭᠤᠤ ᠬᠦᠭᠵᠢᠮ ᠤᠨ ᠰᠤᠩᠭᠤᠳᠠᠭ ᠪᠦᠳᠦᠬᠡᠯ ᠢ ᠵᠤᠬᠢᠶᠠᠨ ᠪᠦᠳᠦᠬᠡᠬᠦ᠂ ᠴᠢᠬᠤᠯᠠ ᠶᠡᠭᠡ ᠨᠦᠯᠦᠭᠡᠯᠡᠬᠦ ᠬᠦᠴᠦᠨ ᠲᠠᠢ ᠪᠦᠬᠡᠳ ᠳᠡᠯᠡᠭᠡᠢ ᠶᠢᠨ ᠲᠠᠶᠢᠰᠠᠨ ᠳᠤ ᠭᠠᠷᠴᠤ ᠴᠢᠳᠠᠬᠤ ᠤᠷᠠᠯᠢᠬᠴᠢᠨ ᠤ ᠡᠩᠨᠡᠭᠡ ᠶᠢ ᠬᠦᠮᠦᠵᠢᠭᠦᠯᠬᠦ ᠶᠢ ᠠᠩᠬᠠᠷᠤᠭᠰᠠᠭᠠᠷ ᠢᠷᠡᠭᠰᠡᠨ ᠶᠤᠮ᠃ ᠡᠬᠦᠨ ᠢ ᠲᠠᠭᠠᠯᠳᠤᠨ ︽ᠠᠨᠳᠠ︾᠂ ︽ᠬᠠᠩᠭᠠᠢ︾᠂ ︽HAYA︾ ᠬᠠᠮᠳᠤᠯᠢᠭ ᠢᠶᠠᠷ ᠲᠦᠯᠦᠬᠡᠯᠡᠬᠦᠯᠦᠭᠰᠡᠨ ᠬᠠᠮᠳᠤᠯᠢᠭ ᠤᠳ ᠮᠤᠩᠭᠤᠯ ᠦᠨᠳᠦᠰᠦᠳᠡᠨ ᠤ ᠳᠠᠭᠤᠤ ᠬᠦᠭᠵᠢᠮ᠂ ᠤᠷᠤᠰᠬᠠᠯ ᠳᠠᠭᠤᠤ ᠬᠦᠭᠵᠢᠮ ᠪᠠ ᠳᠡᠯᠡᠬᠡᠢ ᠶᠢᠨ ᠳᠠᠭᠤᠤ ᠬᠦᠭᠵᠢᠮ ᠢ ᠤᠶᠠᠯᠳᠤᠭᠤᠯᠤᠭᠰᠠᠨ ᠰᠢᠨ᠎ᠡ ᠬᠦᠭᠵᠢᠯᠳᠡ ᠶᠢᠨ ᠵᠠᠭᠪᠤᠷ ᠢ ᠢᠳᠡᠪᠬᠢᠳᠡᠢ ᠡᠷᠢᠯᠬᠢᠯᠡᠵᠦ᠂ ᠳᠠᠯ᠎ᠠ ᠨᠤᠳᠤᠭ ᠤᠨ ᠳᠠᠭᠤᠤ ᠬᠦᠭᠵᠢᠮ ᠢ ᠤᠯᠤᠰ ᠤᠨ ᠲᠤᠳᠤᠭᠠᠳᠦ᠂ ᠲᠡᠷᠡᠴᠢᠯᠡᠨ ᠳᠡᠯᠡᠬᠡᠢ ᠶᠢᠨ ᠵᠠᠬ᠎ᠠ ᠳᠡᠯᠬᠡᠬᠦᠷ ᠲᠤ ᠭᠠᠷᠭᠠᠬᠤ ᠳᠠᠯ᠎ᠠ ᠪᠠᠷ ᠤᠷᠢᠳᠤ ᠭᠠᠷᠤᠭ᠎ᠠ ᠦᠬᠡᠢ ᠲᠤᠪᠤᠶᠢᠮ᠎ᠠ ᠠᠬᠢᠴᠠ ᠭᠠᠷᠭᠠᠬᠰᠠᠨ ᠪᠠᠶᠢᠨ᠎ᠠ᠃
      ᠤᠳᠤᠬᠠᠨ ᠳᠤ᠂ ᠲᠠᠯ᠎ᠠ ᠨᠤᠳᠤᠭ ᠤᠨ ᠲᠠᠭᠤᠤ ᠭᠦᠭᠵᠢᠮ᠂ ᠲᠡᠷᠡᠴᠢᠯᠠᠨ ᠮᠠᠨ ᠤ ᠤᠯᠤᠰ ᠤᠨ ᠲᠠᠭᠤᠤ ᠬᠦᠭᠵᠢᠮ ᠨᠢ ᠭᠤᠤᠯᠳᠠᠭᠤ ᠠᠯᠪᠠᠨ ᠤ ᠳᠠᠯ᠎ᠠ ᠶᠢᠨ ᠪᠤᠶᠤ ᠬᠠᠭᠠᠰ ᠠᠯᠪᠠᠨ ᠤ ᠳᠠᠯ᠎ᠠ ᠶᠢᠨ ᠰᠤᠶᠤᠯ ᠤᠨ ᠰᠤᠯᠢᠯᠴᠠᠭᠠᠨ ᠤ ᠬᠡᠯᠪᠡᠷᠢ ᠪᠠᠷ ᠭᠠᠳᠠᠭᠠᠳᠤ ᠳᠤ ︽ᠭᠠᠷᠴᠦ︾ ᠪᠠᠶᠢᠳᠠᠭ᠃ ᠡᠨᠡ ᠨᠢ ᠭᠠᠳᠠᠭᠠᠳᠤ ᠶᠢᠨ ᠦᠵᠡᠭᠴᠢᠳ ᠴᠤᠬᠤᠮ ᠶᠠᠮᠠᠷᠰᠢᠤ ᠤᠷᠠᠯᠢᠭ ᠤᠨ ᠪᠦᠳᠦᠬᠡᠯ ᠢ ᠬᠦᠯᠢᠶᠡᠨ ᠠᠪᠬᠤ ᠡᠰᠡᠬᠦ ᠶᠢ ᠬᠦᠢᠴᠡᠳ ᠤᠢᠢᠯᠠᠭᠠᠬᠰᠠᠨ ᠦᠬᠡᠢ ᠪᠠᠶᠢᠵᠦ᠂ ᠡᠶᠢᠮᠦᠷᠬᠦ ᠰᠤᠯᠢᠯᠴᠠᠭᠠᠨ ᠤ ᠬᠡᠯᠪᠡᠷᠢ ᠶᠢᠨ ᠳᠤᠭᠯᠠᠯᠳᠠ ᠨᠢ ᠭᠠᠳᠠᠭᠠᠳᠦ ᠶᠢᠨ ᠵᠠᠬ᠎ᠠ ᠳᠡᠯᠬᠡᠬᠦᠷ ᠲᠤ ᠤᠷᠤᠵᠦ ᠲᠡᠶᠢᠯᠬᠦ ᠦᠬᠡᠢ ᠪᠠᠶᠢᠳᠠᠭ᠃ ᠳᠡᠬᠡᠪᠡᠯ ᠬᠡᠷᠬᠢᠨ ᠨᠡᠩ ᠤᠯᠠᠨ ᠲᠠᠯ᠎ᠠ ᠨᠤᠳᠤᠭ ᠤᠨ ᠲᠠᠭᠤᠤ ᠭᠦᠭᠵᠢᠮ ᠢ ᠲᠡᠯᠡᠬᠡᠢ ᠳᠤ ᠭᠠᠷᠭᠠᠬᠤ ᠪᠤᠢ︖  ᠳᠠᠯ᠎ᠠ ᠨᠤᠳᠤᠭ ᠤᠨ ᠳᠠᠭᠤᠤ ᠬᠦᠭᠵᠢᠮ ᠢ ᠲᠡᠯᠡᠬᠡᠢ ᠳᠤ ᠭᠠᠷᠭᠠᠬᠤ ᠳᠤ ᠤᠯᠠᠨ ᠳᠠᠯ᠎ᠠ ᠶᠢᠨ ᠨᠦᠬᠦᠴᠡᠯ ᠢ ᠪᠦᠷᠢᠯᠳᠦᠬᠦᠯᠬᠦ ᠬᠡᠷᠡᠭᠳᠡᠢ᠃ ᠡᠷᠳᠡᠮ ᠰᠢᠨᠵᠢᠯᠡᠬᠡᠨ᠂ ᠨᠡᠶᠢᠳᠡ ᠶᠢᠨ ᠬᠠᠷᠢᠴᠠᠭ᠎ᠠ᠂ ᠰᠤᠶᠤᠯ ᠤᠨ ᠲᠦᠰᠦᠪ᠂ ᠵᠠᠭᠤᠴᠢᠯᠠᠭᠤᠷ᠂ ᠵᠠᠬ᠎ᠠ ᠳᠡᠯᠬᠡᠬᠦᠷ᠂ ᠦᠨ᠎ᠠ ᠵᠠᠰᠠᠭᠴᠢ᠂ ᠳᠠᠭᠤᠤ ᠬᠦᠭᠵᠢᠮ ᠦᠢᠯᠡᠳᠦᠭᠴᠢ᠂ ᠳᠠᠶᠢᠰᠠᠨ ᠤ ᠬᠠᠮᠢᠶ᠎ᠠ ᠪᠦᠬᠦᠢ ᠳᠤᠰᠬᠠᠢ ᠮᠡᠷᠬᠡᠵᠢᠯᠳᠡᠨ᠂ ᠰᠢᠯᠢᠳᠡᠭ ᠪᠦᠯᠬᠦᠮ ᠨᠢᠬᠡᠴᠡ ᠪᠠ ᠪᠦᠯᠬᠦᠮᠴᠢᠯᠡᠭᠰᠡᠨ ᠠᠵᠢᠯᠯᠠᠬᠤ ᠳᠤᠭᠳᠠᠴᠠ ᠶᠢ ᠪᠠᠶᠢᠭᠤᠯᠬᠤ ᠬᠡᠷᠡᠭᠳᠡᠢ᠃    ᠦᠪᠡᠷᠮᠢᠴᠨ ᠲᠦᠷᠢ ᠲᠦᠷᠬᠦ ᠶᠢ ᠪᠦᠳᠦᠬᠡᠨ᠂ ᠪᠤᠰᠤᠳ ᠠᠴᠠ ᠤᠨᠴᠠᠯᠠᠭᠳᠠᠬᠤ ᠮᠦᠷᠳᠡᠬᠡᠨ ᠬᠦᠮᠦᠰ ᠤᠨ ᠬᠦᠰᠡᠨ ᠬᠦᠯᠢᠶᠡᠬᠦ ᠳᠠᠭᠤᠤ ᠬᠦᠭᠵᠢᠮ ᠤᠨ ᠪᠦᠳᠦᠬᠡᠯ ᠲᠠᠢ ᠪᠠᠶᠢᠬᠤ ᠪᠤᠯ ᠰᠠᠭᠤᠷᠢ ᠮᠦᠨ᠃ ᠳᠠᠭᠤᠤ ᠬᠦᠭᠵᠢᠮ ᠤᠨ ᠪᠦᠳᠦᠬᠡᠯ ᠢᠶᠠᠨ ᠵᠤᠬᠢᠶᠠᠨ ᠪᠦᠳᠦᠬᠡᠬᠦ ᠳᠤ ᠭᠠᠳᠠᠭᠠᠳᠤ ᠶᠢᠨ ᠳᠠᠭᠤᠤ ᠬᠦᠭᠵᠢᠮ ᠰᠤᠶᠤᠯ ᠤᠨ ᠵᠠᠬ᠎ᠠ ᠳᠡᠯᠬᠡᠬᠦᠷ ᠤᠨ ᠬᠦᠭᠵᠢᠯᠳᠡ ᠶᠢᠨ ᠵᠢᠮ᠎ᠠ ᠶᠤᠰᠤ ᠪᠠ ᠱᠠᠭᠠᠷᠳᠠᠯᠭ᠎ᠠ ᠲᠠᠢ ᠵᠤᠬᠢᠴᠠᠭᠤᠯᠬᠤ ᠬᠡᠷᠡᠭᠳᠡᠢ᠃ ᠤᠷᠠᠯᠢᠭ ᠤᠨ ᠪᠦᠳᠦᠬᠡᠯ ᠤᠨ ᠴᠢᠨᠠᠷ ᠴᠢᠨᠰᠠᠭ᠎ᠠ ᠪᠠ ᠦᠪᠡᠷᠮᠢᠴᠡ ᠴᠢᠨᠠᠷ ᠪᠤᠯ ᠦᠵᠡᠭᠴᠢᠳ ᠤᠨ ᠠᠩᠬᠠᠷᠤᠯ ᠢ ᠳᠠᠳᠠᠵᠤ ᠴᠢᠳᠠᠬᠤ ᠦᠨᠳᠦᠰᠦᠨ ᠨᠦᠬᠦᠴᠡᠯ ᠪᠤᠯᠤᠨ᠎ᠠ᠃ ᠠᠭᠤᠯᠭ᠎ᠠ ᠬᠡᠯᠪᠡᠷᠢ᠂ ᠦᠨ᠎ᠠ ᠦᠷᠳᠡᠭ ᠤᠨ ᠳᠠᠯ᠎ᠠ ᠪᠠᠷ ᠦᠵᠡᠭᠴᠢᠳ ᠤᠨ ᠠᠩᠬᠠᠷᠤᠯ ᠢ ᠳᠠᠳᠠᠬᠤ ᠶᠢ ᠴᠢᠬᠤᠯᠠᠴᠢᠯᠠᠨ᠂ ᠳᠠᠯ᠎ᠠ ᠨᠤᠳᠤᠭ᠂ ᠮᠤᠩᠭᠤᠯ ᠦᠨᠳᠦᠰᠦᠳᠡᠨ ᠤ ᠰᠤᠶᠤᠯ ᠤᠨ ᠲᠦᠯᠦᠬᠡᠯᠡᠬᠦ ᠴᠢᠨᠠᠷ ᠲᠠᠢ ᠰᠤᠶᠤᠯ ᠤᠨ ᠡᠯᠧᠮᠧᠨ᠋ᠲ ᠢᠶᠠᠷ ᠵᠤᠬᠢᠶᠠᠨ ᠪᠦᠳᠦᠬᠡᠬᠦ ᠰᠠᠭᠤᠷᠢ ᠪᠤᠯᠭᠠᠬᠤ ᠬᠡᠷᠡᠭᠳᠡᠢ᠃ 
     ᠳᠠᠯ᠎ᠠ ᠨᠤᠳᠤᠭ ᠤᠨ ᠳᠠᠭᠤᠤ ᠬᠦᠭᠵᠢᠮ ᠢ ᠲᠡᠯᠡᠬᠡᠢ ᠳᠤ ᠭᠠᠷᠭᠠᠬᠤ ᠳᠤ᠂ ᠵᠠᠬ᠎ᠠ ᠲᠡᠯᠬᠡᠬᠦᠷ ᠪᠤᠯ ᠴᠢᠬᠤᠯᠠ ᠭᠤᠭᠴᠤᠭ᠎ᠠ ᠶᠤᠮ᠃ ᠡᠨᠡ ᠳᠤᠬᠠᠢ ᠶᠠᠩ ᠢᠤᠢ ᠴᠧᠩ ᠫᠷᠦᠹᠧᠰᠰᠤᠷ ᠶᠠᠷᠢᠬᠤ ᠳᠠᠭᠠᠨ᠄ ︽ᠳᠠᠯ᠎ᠠ ᠨᠤᠳᠤᠭ ᠤᠨ ᠳᠠᠭᠤᠤ ᠬᠦᠭᠵᠢᠮ ᠢ ᠲᠡᠯᠡᠬᠡᠢ ᠶᠢᠨ ᠲᠠᠶᠢᠰᠠᠨ ᠳᠤ ᠭᠠᠷᠭᠠᠬᠤ ᠶᠢᠨ ᠵᠠᠩᠬᠢᠯᠠᠭ᠎ᠠ ᠨᠢ ᠭᠠᠳᠠᠭᠠᠳᠤ ᠶᠢᠨ ᠳᠠᠭᠤᠤ ᠬᠦᠭᠵᠢᠮ ᠤᠨ ᠵᠠᠬ᠎ᠠ ᠳᠡᠯᠬᠡᠬᠦᠷ ᠲᠡᠰᠢ ᠴᠡᠷᠢᠭᠯᠡᠬᠦ ᠬᠡᠷᠡᠭᠳᠡᠢ᠃ ᠤᠳᠤᠬᠠᠨ ᠳᠤ᠂ ᠦᠷᠦᠨᠡᠳᠡᠬᠢᠨ ᠤ ᠬᠦᠭᠵᠢᠭᠰᠡᠨ ᠤᠯᠤᠰ ᠲᠤ ᠪᠤᠯᠪᠠᠰᠤᠷᠠᠩᠭᠤᠢ ᠳᠠᠭᠤᠤ ᠬᠦᠭᠵᠢᠮ ᠤᠨ ᠵᠠᠬ᠎ᠠ ᠳᠡᠯᠬᠡᠬᠦᠷ ᠲᠠᠢ ᠪᠤᠯᠤᠬᠰᠠᠨ ᠶᠤᠮ᠃ ᠨᠢᠬᠡᠨ ᠰᠢᠯᠢᠳᠡᠭ ᠪᠦᠯᠬᠦᠮ ᠨᠢᠬᠡᠴᠡ ᠪᠠ ᠬᠤᠪᠢ ᠬᠦᠮᠦᠨ ᠳᠡᠯᠡᠬᠡᠢ ᠶᠢᠨ ᠰᠤᠶᠤᠯ ᠤᠨ ᠵᠠᠬ᠎ᠠ ᠳᠡᠯᠬᠡᠬᠦᠷ ᠲᠤ ᠵᠤᠬᠢᠬᠤ ᠤᠷᠤᠨ ᠪᠠᠶᠢᠷᠢ ᠶᠢ ᠡᠵᠡᠯᠡᠵᠦ ᠲᠠᠶᠢᠯᠬᠦ ᠡᠰᠡᠬᠦ ᠶᠢᠨ ᠵᠠᠩᠬᠢᠯᠠᠭ᠎ᠠ ᠨᠢ ᠭᠠᠳᠠᠭᠠᠳᠦ ᠶᠢᠨ ᠬᠤᠳᠠᠯᠳᠤᠭᠠᠨ ᠤ ᠵᠠᠬ᠎ᠠ ᠳᠡᠯᠬᠡᠬᠦᠷ ᠲᠤ ᠤᠷᠤᠵᠤ ᠴᠢᠳᠠᠬᠤ ᠡᠰᠡᠬᠦ ᠳᠤ ᠪᠤᠢ᠃ ᠭᠠᠭᠴᠠᠬᠦ ᠭᠠᠳᠠᠭᠠᠳᠤ ᠶᠢᠨ ᠳᠤᠭᠯᠠᠯᠳᠠ ᠶᠢᠨ ᠵᠠᠬ᠎ᠠ ᠳᠡᠯᠬᠡᠬᠦᠷ ᠲᠤ ᠤᠷᠤᠵᠤ ᠴᠢᠳᠠᠪᠠᠯ ᠰᠠᠶᠢ ᠦᠪᠡᠷ ᠤᠨ ᠦᠵᠡᠭᠴᠢᠳ ᠲᠠᠢ ᠪᠤᠯᠵᠦ᠂ ᠠᠵᠤ ᠠᠬᠤᠢ ᠶᠢᠨ ᠦᠷᠳᠡᠭ ᠢ ᠪᠦᠳᠦᠬᠡᠵᠦ ᠴᠢᠳᠠᠨ᠎ᠠ︾ ᠬᠡᠪᠡ᠃ ᠲᠡᠬᠦᠨ ᠤ ᠦᠵᠡᠬᠦ ᠪᠠᠷ᠂ ︽ᠭᠠᠷᠴᠦ ᠶᠠᠪᠤᠬᠤ︾᠎ ᠨᠢ ᠡᠷᠬᠡᠪᠰᠢ ᠦᠷᠬᠦᠯᠵᠢᠳᠦ ᠴᠢᠨᠡᠷᠳᠡᠢ ᠪᠠᠶᠢᠬᠤ ᠬᠡᠷᠡᠭᠳᠡᠢ᠃ ᠨᠢᠬᠡ ᠬᠤᠶᠠᠷᠬᠠᠨ ᠳᠠᠯᠠᠪᠠᠢ ᠰᠤᠶᠤᠯ ᠤᠨ ᠰᠤᠯᠢᠯᠴᠠᠭᠠᠨ ᠤ ᠳᠤᠭᠯᠠᠯᠳᠠ ᠶᠢ ︽ᠭᠠᠷᠴᠤ ᠶᠠᠪᠤᠬᠰᠠᠨ︾᠎ ᠳᠤ ᠲᠤᠭᠠᠴᠠᠬᠤ ᠦᠬᠡᠢ᠃ ︽ᠭᠠᠷᠴᠦ ᠶᠠᠪᠤᠬᠤ︾ ᠬᠡᠳᠡᠭ ᠨᠢ ᠭᠠᠳᠠᠭᠠᠳᠤ ᠶᠢᠨ ᠦᠵᠡᠭᠴᠢᠳ᠂ ᠳᠡᠯᠡᠬᠡᠢ ᠶᠢᠨ ᠵᠠᠬ᠎ᠠ ᠳᠡᠯᠬᠡᠬᠦᠷ᠂ ᠰᠢᠷᠢᠰ ᠳᠤᠭᠤᠷᠢᠨ ᠳᠤᠭᠯᠠᠯᠳᠠ ᠪᠠᠶᠢᠬᠤ ᠡᠰᠡᠬᠦ ᠪᠠᠷ ᠦᠨᠳᠦᠰᠦᠨ ᠨᠦᠬᠦᠴᠡᠯ ᠪᠤᠯᠭᠠᠳᠠᠭ᠃  ᠳᠡᠯᠡᠬᠡᠢ ᠶᠢᠨ ᠳᠠᠭᠤᠤ ᠬᠦᠭᠵᠢᠮ ᠤᠨ ᠨᠠᠶᠢᠷ ᠲᠤ ᠢᠯᠡᠬᠦᠬᠡᠨ ᠤᠷᠤᠯᠴᠠᠬᠤ ᠨᠢ ᠲᠡᠯᠡᠭᠡᠢ ᠶᠢᠨ ᠵᠠᠬ᠎ᠠ ᠲᠡᠯᠬᠡᠬᠦᠷ ᠢ ᠨᠡᠬᠡᠬᠡᠬᠦ ᠴᠢᠬᠤᠯᠠ ᠵᠠᠮ ᠮᠦᠨ᠃ ᠳᠠᠭᠤᠤ ᠬᠦᠭᠵᠢᠮ ᠤᠨ ᠨᠠᠶᠢᠷ ᠲᠤ ᠤᠷᠤᠯᠴᠠᠬᠤ ᠨᠢ ᠤᠷᠠᠯᠢᠭ ᠤᠨ ᠳᠠᠯ᠎ᠠ ᠪᠠᠷ ᠰᠤᠯᠢᠯᠴᠠᠭ᠎ᠠ ᠬᠢᠵᠦ ᠬᠠᠷᠢᠯᠴᠠᠨ ᠰᠤᠷᠤᠯᠴᠠᠬᠤ ᠪᠠᠷ ᠪᠠᠷᠠᠬᠤ ᠦᠬᠡᠢ᠂ ᠦᠪᠡᠷ ᠢ ᠪᠠᠨ ᠪᠤᠰᠤᠳ ᠲᠤ ᠳᠠᠨᠢᠭᠤᠯᠵᠤ ᠴᠢᠳᠠᠨ᠎ᠠ᠃ ᠳᠡᠯᠡᠬᠡᠢ ᠶᠢᠨ ᠨᠡᠷᠡᠳᠤ ᠤᠷᠠᠯᠢᠭᠴᠢᠳ ᠲᠠᠢ ᠬᠠᠮᠳᠤᠷᠠᠵᠤ᠂ ᠨᠡᠩ ᠶᠡᠭᠡ ᠵᠠᠬ᠎ᠠ ᠳᠡᠯᠬᠡᠬᠦᠷ ᠢ ᠡᠵᠡᠯᠡᠵᠦ᠂ ᠤᠷᠠᠯᠢᠭ ᠤᠨ ᠢᠯᠡᠷᠡᠬᠦᠯᠬᠦ ᠬᠡᠯᠪᠡᠷᠢ ᠶᠢᠨ ᠳᠠᠯ᠎ᠠ ᠪᠠᠷ ᠳᠠᠰᠤᠷᠠᠯᠳᠠ ᠦᠬᠡᠢ ᠰᠢᠨ᠎ᠡ ᠶᠢ ᠡᠬᠦᠳᠴᠦ᠂ ᠰᠢᠯᠢᠳᠡᠭ ᠤᠷᠠᠯᠢᠭᠴᠢᠳ ᠲᠠᠢ ᠬᠠᠮᠳᠤᠷᠠᠬᠤ ᠬᠡᠷᠡᠭᠳᠡᠢ᠃ ᠡᠷᠳᠡᠮ ᠰᠢᠨᠵᠢᠯᠡᠬᠡᠨ᠂ ᠵᠠᠬ᠎ᠠ ᠳᠡᠯᠬᠡᠬᠦᠷ᠂ ᠡᠯ᠎ᠠ ᠵᠦᠢᠯ ᠤᠨ ᠤᠳᠤᠬᠢᠴᠢ ᠵᠠᠭᠤᠴᠢ ᠶᠢ ᠠᠰᠢᠬᠯᠠᠨ ᠤᠬᠠᠭᠤᠯᠤᠨ ᠳᠡᠯᠬᠡᠷᠡᠬᠦᠯᠬᠦ ᠬᠡᠷᠡᠭᠳᠡᠢ᠃ ᠰᠢᠨ᠎ᠡ ᠬᠡᠯᠪᠡᠷᠢ ᠶᠢᠨ ᠳᠡᠯᠡᠬᠡᠶᠢᠴᠢᠯᠡᠭᠰᠡᠨ ᠳᠠᠮᠵᠢᠭᠤᠯᠭ᠎ᠠ ᠶᠢᠨ ᠵᠠᠭᠤᠴᠢ ᠶᠢ ᠴᠢᠳᠠᠮᠠᠭᠠᠢ ᠠᠰᠢᠭᠯᠠᠬᠤ ᠬᠡᠷᠡᠭᠳᠡᠢ᠃
     ︽ᠠᠨᠳᠠ︾ ᠬᠠᠮᠳᠤᠯᠢᠭ ᠢᠶᠠᠷ ᠵᠢᠱᠢᠶᠡᠯᠡᠬᠦ ᠳᠤ᠂ 2009 ᠤᠨ ᠳᠤ᠂ ᠬᠠᠮᠳᠤᠯᠢᠭ ᠤᠨ ᠦᠨ᠎ᠡ ᠵᠠᠰᠠᠭᠴᠢ ᠳ᠋ᠢᠮᠦ᠋ ᠠᠩᠭ᠍ᠯᠢ ᠶᠢᠨ ︽EYE4 FILM︾ ᠺᠢᠨᠣ᠋ ᠶᠢᠨ ᠺᠤᠮᠫᠠᠨᠢ ᠶᠢ ᠦᠪᠦᠷ ᠮᠤᠩᠭᠤᠯ ᠳᠤ ᠤᠷᠢᠨ ᠠᠪᠴᠢᠷᠠᠵᠤ᠂ ᠲᠦᠮᠨ ᠭᠠᠷᠤᠢ ᠭᠠᠵᠠᠷ ᠠᠶᠠᠯᠠᠨ᠂ 3 ᠰᠠᠷ᠎ᠠ ᠭᠠᠷᠤᠢ ᠶᠢᠨ ᠴᠠᠬ ᠵᠠᠷᠤᠴᠠᠭᠤᠯᠤᠨ ᠰᠡᠬᠦᠳᠡᠷᠯᠡᠭᠰᠡᠨ ᠪᠠᠷᠢᠮᠳᠠᠳᠤ ᠹᠢᠯᠢᠮ ︽ᠠᠨᠳᠠ ᠬᠠᠮᠳᠤᠯᠢᠭ — ᠳᠠᠯ᠎ᠠ ᠨᠤᠳᠤᠭ ᠠᠴᠠ ᠬᠤᠳᠠ ᠳᠤ ᠤᠷᠤᠯ᠎ᠠ︾᠎ ᠶᠢ ᠦᠢᠯᠡᠳᠴᠦ᠂ ᠳᠠᠯ᠎ᠠ ᠨᠤᠳᠤᠭ ᠤᠨ ᠳᠠᠭᠤᠤ ᠬᠦᠭᠵᠢᠮ ᠪᠠ ᠨᠡᠬᠦᠳᠡᠯ ᠮᠠᠯᠵᠢᠯ ᠤᠨ ᠠᠮᠢᠳᠤᠷᠠᠯ ᠦᠢᠯᠡᠳᠪᠦᠷᠢᠯᠡᠯ᠂ ᠵᠠᠩ ᠳᠠᠳᠬᠠᠯ ᠵᠡᠷᠬᠡ ᠦᠨᠳᠦᠰᠦᠳᠡᠨ ᠤ ᠰᠤᠶᠤᠯ ᠢ ᠢᠯᠡᠷᠡᠬᠦᠯᠦᠭᠰᠡᠨ ᠪᠠᠶᠢᠨ᠎ᠠ᠃ ︽ᠠᠨᠳᠠ︾ ᠬᠠᠮᠳᠤᠯᠢᠭ ᠤᠨ ᠬᠡᠰᠢᠬᠦᠳ ᠤᠨ ᠦᠰᠦᠨ ᠪᠤᠶᠢᠵᠢᠭᠰᠠᠨ ᠳᠠᠯ᠎ᠠ ᠨᠤᠳᠤᠭ ᠢ ᠵᠢᠷᠤᠭ ᠲᠦᠷᠰᠦ ᠶᠢᠨ ᠬᠡᠯᠪᠡᠷᠢ ᠪᠠᠷ ᠢᠯᠡᠷᠡᠬᠦᠯᠦᠭᠰᠡᠨ ᠳᠤᠰ ᠪᠠᠷᠢᠮᠳᠠᠳᠤ ᠹᠢᠯᠢᠮ ᠢ ᠤᠯᠠᠨ ᠵᠦᠢᠯ ᠤᠨ ᠳᠡᠯᠡᠬᠡᠢ ᠶᠢᠨ ᠺᠢᠨᠣ᠋ ᠶᠢᠨ ᠨᠠᠶᠢᠷ ᠲᠤ ᠨᠡᠪᠳᠡᠷᠡᠬᠦᠯᠵᠠᠢ᠃ ᠭᠠᠳᠠᠭᠠᠳᠤ ᠶᠢᠨ ᠦᠵᠡᠭᠴᠢᠳ ᠲᠤᠰ ᠪᠠᠷᠢᠮᠳᠠᠳᠤ ᠹᠢᠯᠢᠮ ᠢᠶᠠᠷ ᠲᠡᠮᠵᠢᠨ ︽ᠠᠨᠳᠠ︾ ᠬᠠᠮᠳᠤᠯᠢᠭ ᠵᠢᠴᠢ ᠲᠡᠳᠡᠨ ᠤ ᠲᠠᠭᠤᠤ ᠬᠦᠭᠵᠢᠮ ᠢ ᠨᠡᠩ ᠰᠠᠶᠢᠨ ᠤᠢᠢᠯᠠᠭᠠᠵᠤ ᠴᠢᠳᠠᠭᠰᠠᠨ ᠪᠠᠶᠢᠨ᠎ᠠ᠃ ( ᠨᠠᠪᠴᠢ ) 



  
     
     