 

ᠮᠤᠩᠭᠤᠯ ᠪᠥᠭᠡ ᠶᠢ ᠲᠥᠷᠢᠮᠵᠢᠭᠦᠯᠬᠦ ᠶᠢᠨ ᠤᠴᠢᠷ

2019-06-26 09:55
  73
  0

   ᠮᠤᠩᠭᠤᠯ ᠪᠥᠬᠡ ᠪᠤᠯ ᠮᠤᠩᠭᠤᠯᠴᠤᠳ ᠤᠨ ᠤᠯᠠᠮᠵᠢᠯᠠᠯᠲᠤ ᠡᠷ᠎ᠠ ᠶᠢᠨ ᠭᠤᠷᠪᠠᠨ ᠨᠠᠭᠠᠳᠤᠮ ᠤᠨ ᠨᠢᠬᠡ ᠪᠤᠯᠬᠤ ᠪᠠᠷ ᠥᠯᠥ ᠪᠠᠷᠠᠮ᠂ ᠮᠤᠩᠭᠤᠯ ᠥᠨᠳᠤᠰᠤᠳᠠᠨ ᠤ ᠤᠯᠠᠮᠵᠢᠯᠠᠯᠳᠤ ᠰᠤᠶᠤᠯ ᠤᠨ ᠲᠤᠳᠠᠬᠳᠠᠵᠥ ᠪᠤᠯᠤᠰᠢ ᠥᠬᠡᠢ ᠵᠤᠭ᠎ᠠ ᠴᠠᠩᠭᠡᠯ ᠤᠨ ᠲᠥᠷᠥᠯ ᠵᠦᠢᠯ ᠪᠤᠯᠬᠤ ᠶᠤᠮ᠃ ᠥᠢᠷ᠎ᠠ ᠶᠢᠨ ᠵᠢᠯ ᠤᠳ ᠲᠤ ᠮᠤᠩᠭᠤᠯ ᠪᠥᠬᠡ ᠶᠢᠨ ᠨᠠᠶᠢᠷ ᠨᠠᠭᠠᠳᠤᠮ ᠢᠳᠠ ᠬᠥᠭ ᠲᠠᠢ ᠶᠠᠪᠤᠬᠳᠠᠬᠤ ᠲᠠᠰᠢᠷᠠᠮ ᠳᠤ ᠪᠥᠬᠡ ᠶᠢᠨ ᠲᠥᠷᠢᠮᠵᠢᠯ᠂ ᠡᠮᠥᠰᠭᠡᠯ ᠵᠠᠰᠠᠯ᠂ ᠬᠡᠯᠡᠯᠬᠡ ᠨᠡᠷᠡᠶᠢᠳᠤᠯ᠂ ᠴᠢᠨᠠᠬᠰᠢᠯᠠᠪᠠᠯ ᠪᠥᠬᠡᠴᠢᠳ ᠤᠨ ᠬᠡᠪ ᠰᠤᠷᠳᠠᠯ᠂ ᠥᠵᠡᠯ ᠤᠬᠠᠮᠰᠠᠷ ᠵᠡᠷᠭᠡ ᠴᠥᠭᠡᠨ ᠪᠤᠰᠤ ᠲᠠᠯ᠎ᠠ ᠪᠠᠷ ᠠᠰᠠᠭᠤᠳᠠᠯ ᠤᠳ ᠢᠯᠡᠷᠡᠵᠥ᠂ ᠥᠨᠳᠤᠰᠤᠳᠠᠨ ᠤ ᠤᠯᠠᠮᠵᠢᠯᠠᠯᠳᠤ ᠰᠤᠶᠤᠯ ᠪᠤᠯᠬᠤ ᠮᠤᠩᠭᠤᠯ ᠪᠥᠬᠡ ᠶᠢᠨ ᠬᠥᠭᠵᠢᠯᠳᠠ ᠳᠤ ᠡᠳᠤᠢ ᠲᠡᠳᠤᠢ ᠬᠠᠷᠰᠢ ᠰᠠᠭᠠᠳ ᠪᠤᠯᠵᠥ ᠪᠠᠶᠢᠨ᠎ᠠ᠃ ᠮᠤᠩᠭᠤᠯ ᠪᠥᠬᠡ ᠶᠢᠨ ᠪᠠᠭ᠋ᠠᠳᠠᠳ ᠵᠢᠴᠢ ᠮᠤᠩᠭᠤᠯ ᠪᠦᠬᠡ ᠶᠢᠨ ᠬᠦᠭᠵᠢᠯ ᠮᠠᠨᠳᠤᠯ ᠳᠤ ᠰᠠᠨᠠᠭᠠᠰᠢᠷᠠᠭᠴᠢᠳ ᠡᠳᠡᠭᠡᠷ ᠬᠠᠷᠠᠬᠠᠨ ᠲᠥᠷᠢᠮᠵᠢᠬᠡ ᠥᠬᠡᠢ ᠪᠠᠶᠢᠳᠠᠯ ᠢ ᠥᠭᠡᠷᠡᠴᠢᠯᠠᠨ᠂ ᠮᠤᠩᠭᠤᠯ ᠪᠥᠭᠡ ᠶᠢᠨ ᠲᠥᠷᠢᠮᠵᠢᠯ ᠢ ᠠᠬᠢᠭᠤᠯᠤᠨ᠂ ᠮᠤᠩᠭᠤᠯ ᠪᠦᠭᠡ ᠶᠢᠨ ᠳᠦᠷᠢᠮ ᠳᠤ ᠵᠠᠰᠠᠪᠤᠷᠢ ᠤᠷᠤᠭᠤᠯᠬᠤ ᠵᠡᠷᠭᠡ ᠰᠠᠨᠠᠯ ᠰᠠᠨᠠᠭᠤᠯᠭ᠎ᠠ᠂ ᠡᠷᠢᠯᠬᠢᠯᠠᠯ ᠰᠥᠪᠡᠭᠴᠢᠯᠠᠯ ᠬᠢᠵᠥ ᠪᠤᠢ᠃
   ᠤᠯᠤᠰ ᠤᠨ ᠥᠨᠳᠤᠰᠤᠳᠠᠨ ᠤ ᠭᠡᠷᠡᠭ ᠡᠷᠬᠢᠯᠡᠬᠦ ᠵᠥᠪᠯᠡᠯ ᠤᠨ ︽ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠵᠢᠯᠥᠭᠤᠳᠬᠤ ᠰᠠᠨᠠᠯ︾ ᠢ ᠬᠥᠨᠵᠡᠬᠡᠢ ᠲᠤᠭᠤᠰᠢᠯᠠᠭᠤᠯᠬᠤ ᠶᠢᠨ ᠲᠥᠯᠥᠭᠡ᠂ ᠲᠥᠷᠥᠬᠦᠬᠡᠨ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠪᠠ ᠥᠪᠡᠷᠳᠡᠭᠡᠨ ᠵᠠᠰᠠᠬᠤ ᠤᠷᠤᠨ ᠤ ᠥᠨᠳᠤᠰᠤᠳᠠᠨ ᠤ ᠭᠡᠷᠡᠭ ᠡᠷᠬᠢᠯᠡᠬᠦ ᠵᠥᠪᠯᠡᠯ ᠬᠠᠮᠳᠤᠷᠠᠨ ︽ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠭᠡᠷᠡᠭᠵᠢᠬᠦᠯᠬᠦ ᠰᠠᠨᠠᠯ︾ ᠢ ᠨᠡᠶᠢᠳᠠᠯᠠᠪᠠ᠃ ᠡᠨᠡ ᠨᠢ ᠮᠠᠨ ᠤ ᠤᠷᠤᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠬᠥᠭᠵᠢᠯᠳᠠ ᠶᠢᠨ ᠰᠢᠨ᠎ᠠ ᠠᠵᠠ ᠲᠤᠬᠢᠶᠠᠯ ᠢᠶᠠᠨ ᠤᠬᠳᠤᠬᠰᠠᠨ ᠢ ᠬᠠᠷᠠᠭᠤᠯᠵᠥ ᠪᠤᠢ᠃
   ᠤᠤᠯ ᠭᠡᠷᠡᠭᠵᠢᠬᠦᠯᠬᠦ ᠰᠠᠨᠠᠯ ᠳᠤ᠂ 2025 ᠤᠨ ᠪᠤᠯᠳᠠᠯ᠎ᠠ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠪᠥᠬᠦ ᠤᠷᠤᠨ ᠳᠤ ᠲᠥᠭᠡᠮᠡᠯᠵᠢᠬᠦᠯᠬᠦ ᠬᠡᠮᠵᠢᠶ᠎ᠠ ᠶᠢ ᠤᠯᠠᠮ ᠨᠢᠬᠡ ᠠᠯᠬᠤᠮ ᠲᠡᠰ ᠲᠡᠪᠰᠢᠬᠦᠯᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠤ ᠥᠢᠯᠡᠰ ᠢ ᠲᠤᠬᠳᠠᠭᠤᠨ ᠢᠶᠠᠷ ᠬᠥᠭᠵᠢᠬᠦᠯᠵᠥ᠂ ︽ᠥᠪᠥᠷ ᠮᠤᠩᠭᠤᠯ ᠤᠨ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠬᠯᠠᠭᠠᠨ︾ ᠵᠡᠷᠭᠡ ᠲᠥᠷᠥᠯ ᠲᠡᠮᠳᠡᠭᠳᠤ ᠤᠷᠤᠯᠳᠤᠭᠠᠨ ᠢᠶᠠᠷ ᠭᠤᠤᠯᠳᠠᠯᠭ᠎ᠠ ᠪᠤᠯᠭᠠᠨ᠂ ᠨᠠᠭᠠᠳᠤᠮ ᠤᠨ ᠬᠤᠷᠠᠯ᠂ ᠮᠤᠩᠭᠤᠯ ᠥᠨᠳᠤᠰᠤᠳᠠᠨ ᠤ ︽ᠡᠷ᠎ᠡ ᠶᠢᠨ ᠭᠤᠷᠪᠠᠨ ᠨᠠᠭᠠᠳᠤᠮ︾ ᠵᠡᠷᠭᠡ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠬᠥᠭᠵᠢᠯᠳᠠ ᠶᠢ ᠠᠬᠢᠭᠤᠯᠵᠥ᠂ ᠨᠡᠶᠢᠭᠡᠮ ᠤᠨ ᠬᠥᠴᠥᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠳᠤ ᠤᠷᠤᠯᠴᠠᠬᠤ ᠢᠳᠡᠪᠬᠢᠵᠢᠯ ᠢ ᠬᠥᠢᠴᠡᠳ ᠪᠠᠳᠠᠷᠠᠭᠤᠯᠤᠨ᠎ᠠ ᠁ ᠬᠡᠵᠡᠢ᠃ ᠡᠨᠡ ᠬᠦ ᠪᠠᠶᠢᠳᠠᠯ ᠳᠤ ᠬᠤᠯᠪᠤᠬᠳᠠᠯ ᠪᠥᠬᠦᠢ ᠰᠠᠯᠠᠭ᠎ᠠ ᠮᠥᠴᠢᠷ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠮᠡᠷᠭᠡᠵᠢᠬᠦ᠂ ᠥᠷᠢᠰᠥᠯᠳᠥᠭᠡᠨᠵᠢᠬᠦ᠂ ᠵᠠᠬ᠎ᠠ ᠲᠡᠯᠬᠡᠬᠦᠷᠵᠢᠬᠦ ᠲᠦᠪᠰᠢᠨ ᠢ ᠴᠢᠨᠠᠬᠰᠢᠳᠠ ᠠᠬᠢᠭᠤᠯᠬᠤ ᠴᠢᠬᠤᠯᠠᠳᠠᠢ᠃
   ᠮᠤᠩᠭᠤᠯ ᠪᠥᠭᠡ ᠶᠢᠨ ᠳᠦᠷᠢᠮᠵᠢᠯ ᠢ ᠠᠬᠢᠭᠤᠯᠬᠤ ᠵᠠᠪᠤᠴᠠ ᠳᠤ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠦᠳᠡᠯᠭᠡᠭᠡᠨ ᠢ ᠰᠠᠶᠢᠳᠤᠷ ᠦᠷᠨᠢᠭᠦᠯᠦᠭᠰᠡᠨ ᠰᠠᠭᠤᠷᠢᠨ ᠲᠠᠭᠡᠷ᠎ᠠ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠯᠠᠮᠵᠢᠯᠠᠯ ᠳᠤ ᠰᠢᠨ᠎ᠠ ᠶᠢ ᠡᠬᠦᠳᠬᠦ᠂ ᠰᠤᠯᠢᠯᠴᠠᠭ᠎ᠠ ᠶᠢ ᠠᠬᠢᠭᠤᠯᠬᠤ᠂ ᠰᠠᠭᠤᠷᠢ ᠪᠥᠳᠥᠭᠡᠨ ᠪᠠᠶᠢᠭᠤᠯᠤᠯᠳᠠ ᠶᠢ ᠲᠥᠷᠭᠡᠳᠭᠡᠬᠦ᠂ ᠴᠢᠳᠠᠪᠤᠷᠢᠳᠠᠨ ᠢ ᠬᠥᠮᠥᠵᠢᠬᠦᠯᠬᠦ ᠵᠡᠷᠭᠡ ᠲᠠᠯ᠎ᠠ ᠪᠠᠷ ᠴᠢᠩᠭᠠᠳᠬᠠᠬᠤ ᠶᠢᠨ ᠲᠠᠭᠠᠤ ᠮᠤᠩᠭᠤᠯ ᠪᠥᠭᠡ ᠶᠢᠨ ᠤᠯᠠᠮᠵᠢᠯᠠᠯ ᠪᠠ ᠲᠥᠷᠢᠮᠵᠢᠯ ᠳᠤ ᠨᠠᠩ ᠨᠠᠷᠢᠯᠢᠬ ᠪᠤᠳᠠᠳᠠᠢ ᠲᠥᠯᠥᠪᠵᠢᠬᠦᠯᠭᠡ ᠪᠠᠶᠢᠷᠢᠯᠠᠭᠤᠯᠤᠯᠳᠠ ᠬᠢᠬᠦ ᠳᠤ ᠬᠥᠷᠪᠠᠯ᠂ ᠮᠤᠩᠭᠤᠯ ᠪᠥᠬᠡ ᠶᠢᠨ ᠥᠢᠯᠡᠰ ᠤᠨ ᠨᠠᠩ ᠰᠠᠷᠠᠭᠤᠯ ᠲᠠᠷᠳᠠᠩ ᠢᠷᠡᠭᠡᠳᠤᠢ ᠶᠢ ᠴᠤᠬᠴᠠᠯᠠᠬᠤ ᠨᠢ ᠲᠠᠮᠵᠢᠬ ᠥᠬᠡᠢ᠃   ᠵᠣᠬᠢᠶᠠᠭᠴᠢ᠄  ᠥᠷᠭᠡᠨ   



  
     
     