-
2142029
ᠮᠠᠨ ᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮᠵᠢᠯ
2019-11-17 17:45
318
0
ᠮᠠᠨ ᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮᠵᠢᠯ ᠪᠠᠷᠢᠮᠵᠢᠶᠠᠵᠢᠯ ᠤᠨ ᠠᠵᠢᠯ ᠲᠤᠪᠤᠶᠢᠮ᠎ᠠ ᠠᠮᠵᠢᠯᠳᠠ ᠤᠯᠪᠠ
ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ ᠦᠨᠲᠤᠰᠤᠲᠠᠨ ᠤ ᠬᠡᠷᠡᠭ ᠡᠷᠬᠢᠯᠡᠬᠦ ᠵᠦᠪᠯᠡᠯ ᠠᠴᠠ ᠤᠢᠢᠯᠠᠭᠠᠭᠰᠠᠨ ᠢᠶᠠᠷ᠂ ︽ᠠᠷᠪᠠᠨ ᠭᠤᠷᠪᠠᠲᠤᠭᠠᠷ ᠲᠠᠪᠤᠨ ᠵᠢᠯ ᠤᠨ ᠲᠦᠯᠦᠪᠵᠢᠬᠦᠯᠬᠡ︾ ᠠᠴᠠ ᠨᠠᠭᠠᠰᠢ᠂ ᠮᠠᠨ ᠤ ᠤᠷᠤᠨ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ︿ᠠᠷᠪᠠᠨ ᠭᠤᠷᠪᠠᠲᠤᠭᠠᠷ ᠲᠠᠪᠤᠨ ᠵᠢᠯ ᠤᠨ ᠲᠦᠯᠦᠪᠵᠢᠬᠦᠯᠬᠡ﹀︾ ᠶᠢ ᠲᠤᠭᠤᠰᠢᠳᠠᠢ ᠨᠠᠶᠢᠲᠠᠪᠤᠷᠢᠵᠢᠭᠤᠯᠵᠤ᠂ ︽ᠠᠷᠪᠠᠨ ᠭᠤᠷᠪᠠᠲᠤᠭᠠᠷ ᠲᠠᠪᠤᠨ ᠵᠢᠯ ᠤᠨ ᠲᠦᠯᠦᠪᠵᠢᠬᠦᠯᠬᠡ︾ ᠶᠢᠨ ᠬᠤᠭᠤᠴᠠᠭᠠᠨ ᠤ ᠡᠯ᠎ᠠ ᠵᠦᠢᠯ ᠤᠨ ᠠᠵᠢᠯ ᠤᠨ ᠡᠬᠦᠷᠬᠡ ᠶᠢ ᠰᠤᠲᠤᠯᠤᠨ ᠪᠠᠶᠢᠷᠢᠯᠠᠭᠤᠯᠵᠤ᠂ ᠡᠯ᠎ᠠ ᠲᠠᠯ᠎ᠠ ᠶᠢᠨ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮᠵᠢᠯ ᠪᠠᠷᠢᠮᠵᠢᠶᠠᠵᠢᠯ ᠤᠨ ᠠᠵᠢᠯ ᠲᠤᠪᠤᠶᠢᠮ᠎ᠠ ᠠᠮᠵᠢᠯᠳᠠ ᠤᠯᠪᠠ᠃
ᠰᠢᠨ᠎ᠠ ᠦᠭᠡ ᠨᠠᠷᠠ ᠲᠤᠮᠢᠶ᠎ᠠ ᠶᠢᠨ ᠠᠵᠢᠯ ᠤᠨ ᠲᠠᠯ᠎ᠠ ᠪᠠᠷ᠂ ᠨᠠᠢᠮᠠᠨ ᠮᠤᠵᠢ ᠤᠷᠤᠨ ᠤ ᠬᠦᠷᠢᠶ᠎ᠠ ᠬᠡᠪᠴᠢᠶᠠᠨ ᠳᠤ ︽ᠮᠤᠩᠭᠤᠯ ᠬᠡᠯᠠᠨ ᠤ ᠨᠠᠷᠠ ᠲᠤᠮᠢᠶᠠᠨ ᠤ ᠠᠯᠪᠠᠨ ᠮᠠᠲᠡᠭᠡ︾ ᠶᠢ 11 ᠬᠤᠭᠤᠴᠠᠭ᠎ᠠ ᠨᠠᠶᠢᠲᠠᠯᠠᠵᠠᠢ︔ ︽ᠮᠤᠩᠭᠤᠯ ᠬᠡᠯᠡᠠ ᠤ ᠲᠤᠯᠢ ᠪᠢᠴᠢᠭ ᠨᠠᠶᠢᠷᠠᠭᠤᠯᠤᠨ ᠲᠤᠭᠤᠷᠪᠢᠬᠤ ᠠᠵᠢᠯ ᠤᠨ ᠵᠠᠷᠴᠢᠮ ᠬᠢᠭᠡᠳ ᠠᠷᠭ᠎ᠠ ᠬᠡᠮᠵᠢᠶ᠎ᠠ︾᠂ ︽ᠮᠤᠩᠭᠤᠯ ᠬᠡᠯᠡᠠ ᠤ ᠨᠠᠷᠠ ᠲᠤᠮᠢᠶᠠᠨ ᠤ ᠡᠩ ᠤᠨ ᠵᠠᠷᠴᠢᠮ ᠬᠢᠭᠡᠳ ᠠᠷᠭ᠎ᠠ ᠬᠡᠮᠵᠢᠶ᠎ᠠ︾ ᠵᠡᠷᠬᠡ ᠬᠠᠮᠢᠶ᠎ᠠ ᠪᠦᠬᠦᠢ ᠪᠠᠷᠢᠮᠵᠢᠶ᠎ᠠ ᠶᠢᠨ ᠲᠤᠰᠬᠠᠢ ᠮᠡᠷᠬᠡᠵᠢᠯᠳᠠᠨ ᠤ ᠦᠨᠡᠯᠠᠯᠳᠠ ᠵᠢᠴᠢ ᠵᠠᠰᠠᠪᠤᠷᠢ ᠤᠷᠤᠭᠤᠯᠬᠤ ᠠᠵᠢᠯᠯᠠᠭ᠎ᠠ ᠦᠷᠨᠢᠬᠦᠯᠪᠠ᠃
ᠪᠠᠷᠢᠮᠵᠢᠶ᠎ᠠ ᠠᠪᠢᠶᠠᠨ ᠤ ᠠᠵᠢᠯ ᠤᠨ ᠲᠠᠯ᠎ᠠ ᠪᠠᠷ᠂ ᠪᠠᠷᠢᠮᠵᠢᠶ᠎ᠠ ᠠᠪᠢᠶᠠᠨ ᠤ ᠪᠤᠯᠪᠠᠰᠤᠷᠠᠯ ᠰᠤᠷᠢᠯᠳᠠ ᠶᠢᠨ ᠠᠩᠬᠢ ᠶᠢ 82 ᠬᠤᠭᠤᠴᠠᠭ᠎ᠠ ᠡᠷᠬᠢᠯᠠᠵᠤ᠂ 1.1 ᠲᠦᠮᠠ ᠭᠠᠷᠤᠢ ᠬᠦᠮᠤᠨ ᠪᠤᠯᠪᠠᠰᠤᠷᠠᠯ ᠰᠤᠷᠢᠯᠲᠠ ᠳᠤ ᠤᠷᠤᠯᠴᠠᠵᠠᠢ︔ ᠪᠦᠬᠦ ᠤᠷᠤᠨ ᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠦᠪᠰᠢᠨ ᠤ ᠰᠤᠷᠢᠯᠲᠠ ᠶᠢᠨ ᠪᠤᠯᠪᠠᠰᠤᠷᠠᠯ ᠤᠨ ᠠᠩᠬᠢ ᠶᠢ 2 ᠬᠤᠭᠤᠴᠠᠭ᠎ᠠ ᠡᠷᠬᠢᠯᠠᠵᠤ᠂ ᠡᠯ᠎ᠠ ᠰᠤᠷᠢᠯᠲᠠ ᠶᠢᠨ ᠦᠷᠲᠡᠭᠡ ᠴᠡᠭ ᠤᠨ 100 ᠭᠠᠷᠤᠢ ᠬᠦᠮᠤᠨ ᠪᠤᠯᠪᠠᠰᠤᠷᠠᠯ ᠳᠤ ᠤᠷᠤᠯᠴᠠᠵᠠᠢ︔ ᠲᠤᠮᠲᠠᠲᠤ ᠤᠯᠤᠰ ᠤᠨ ᠮᠤᠩᠭᠤᠯ ᠬᠡᠯᠠᠨ ᠤ ᠪᠠᠷᠢᠮᠵᠢᠶ᠎ᠠ ᠠᠪᠢᠶ᠎ᠠ ᠶᠢ ᠲᠤᠭᠲᠠᠭᠠᠭᠰᠠᠨ 40 ᠵᠢᠯ ᠤᠨ ᠤᠢ ᠶᠢ ᠪᠠᠯᠬᠡᠯᠡᠬᠦ ᠰᠢᠷᠢᠰ ᠠᠵᠢᠯᠯᠠᠭ᠎ᠠ ᠡᠷᠬᠢᠯᠡᠵᠤ᠂ ᠮᠤᠩᠭᠤᠯ ᠬᠡᠯᠠᠨ ᠤ ᠠᠪᠢᠶᠠᠨ ᠤ ᠲᠤᠰᠬᠠᠢ ᠰᠠᠲᠤᠪᠲᠤ ᠤᠬᠠᠭᠤᠯᠭ᠎ᠠ ᠶᠢᠨ ᠹᠢᠯᠢᠮ ᠤᠢᠢᠯᠡᠳᠴᠠᠢ︔ ︽ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠦᠪᠰᠢᠨ ᠤ ᠰᠤᠷᠢᠯᠲᠠ ᠶᠢᠨ ᠬᠦᠲᠤᠯᠪᠤᠷᠢ︾ ᠳᠤ ᠵᠠᠰᠠᠪᠤᠷᠢ ᠤᠷᠤᠭᠤᠯᠬᠤ ᠠᠵᠢᠯ ᠢ ᠦᠷᠨᠢᠬᠦᠯᠵᠠᠢ︔ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠠᠷᠠᠭᠤᠨ ᠤᠷᠤᠨ ᠤ ᠪᠤᠯᠪᠠᠰᠤᠷᠠᠯ ᠤᠨ ᠰᠤᠷᠢᠯᠲᠠ ᠶᠢᠨ ᠰᠠᠭᠤᠷᠢᠨ︾᠂ ︽ᠮᠤᠩᠭᠤᠯ ᠬᠡᠯᠠᠨ ᠤ ᠪᠠᠷᠢᠮᠵᠢᠶ᠎ᠠ ᠠᠪᠢᠶᠠᠨ ᠤ ᠲᠦᠪᠰᠢᠨ ᠤ ᠪᠤᠯᠪᠠᠰᠤᠷᠠᠯ ᠤᠨ ᠰᠤᠷᠢᠯᠲᠠ ᠶᠢᠨ ︵ᠵᠡᠬᠦᠨ ᠤᠷᠤᠨ︶ ᠰᠠᠭᠤᠷᠢᠨ︾᠂ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠡᠪᠯᠡᠯ ᠤᠨ ᠰᠤᠷᠭᠠᠭᠤᠯᠢ ᠶᠢᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠯ ᠤᠨ ᠰᠤᠷᠢᠯᠲᠠ ᠶᠢᠨ ᠦᠷᠲᠡᠭᠡ︾᠂ ︽ᠦᠪᠤᠷ ᠮᠤᠩᠭᠤᠯ ᠤᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠯ ᠤᠨ ᠰᠤᠷᠢᠯᠲᠠ ᠶᠢᠨ ᠠᠵᠢᠯ ᠤᠨ ᠦᠷᠲᠡᠭᠡ︾ ᠵᠡᠷᠭᠡ ᠶᠢ ᠪᠠᠶᠢᠭᠤᠯᠪᠠ︔ ᠤᠯᠤᠰ ᠤᠨ ᠦᠬᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ︽ᠮᠤᠩᠭᠤᠯ ᠬᠡᠯᠠᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠯ ᠤᠨ ᠰᠤᠷᠢᠯᠲᠠ ᠶᠢᠨ ᠠᠵᠢᠯ ᠤᠨ ᠪᠠᠶᠢᠴᠠᠭᠠᠠ ᠰᠤᠲᠤᠯᠤᠯᠲᠠ︾ ᠶᠢᠨ ᠰᠠᠲᠤᠪ ᠢ ᠪᠠᠶᠠᠯᠡᠬᠦᠯᠪᠠ᠃
ᠵᠦᠪ ᠪᠢᠴᠢᠯᠬᠡ ᠶᠢᠨ ᠠᠵᠢᠯ ᠤᠨ ᠲᠠᠯ᠎ᠠ ᠪᠠᠷ᠂ ᠦᠪᠠᠷᠲᠠᠬᠡᠨ ᠵᠠᠰᠠᠬᠤ ᠤᠷᠤᠨ ᠤ ᠰᠤᠨᠢᠨ ᠮᠠᠲᠡᠭᠡ ᠬᠡᠪᠯᠡᠯ ᠤᠨ ᠲᠤᠪᠴᠢᠶ᠎ᠠ ᠲᠠᠢ ᠬᠠᠮᠲᠤᠷᠠᠨ᠂ ︽ᠮᠤᠩᠭᠤᠯ ᠵᠦᠪ ᠪᠢᠴᠢᠯᠬᠡ ᠶᠢᠨ ᠲᠤᠯᠢ︾ ᠶᠢ ᠵᠠᠰᠠᠪᠤᠷᠢ ᠤᠷᠤᠭᠤᠯᠬᠤ ᠺᠤᠮᠢᠰ ᠢ ᠵᠤᠬᠢᠶᠠᠨ ᠪᠠᠶᠢᠭᠤᠯᠵᠤ᠂ ᠤᠷᠢᠳ ᠬᠤᠵᠢᠳ 9 ᠤᠲᠠᠭ᠎ᠠ ᠵᠠᠰᠠᠪᠤᠷᠢ ᠤᠷᠤᠭᠤᠯᠬᠤ ᠺᠤᠮᠢᠰ ᠤᠨ ᠪᠦᠬᠦ ᠬᠡᠰᠢᠬᠦᠳ ᠤᠨ ᠬᠤᠷᠠᠯ ᠪᠠ 14 ᠤᠲᠠᠭ᠎ᠠ ᠰᠤᠲᠤᠯᠤᠨ ᠶᠠᠷᠢᠯᠴᠠᠬᠤ ᠬᠤᠷᠠᠯ ᠬᠤᠷᠠᠯᠲᠤᠭᠤᠯᠵᠤ᠂ ︽ᠮᠤᠩᠭᠤᠯ ᠵᠦᠪ ᠪᠢᠴᠢᠯᠬᠡ ᠶᠢᠨ ᠲᠤᠯᠢ︾ ᠳᠤ ᠨᠠᠷᠢᠨ ᠬᠢᠨᠠᠮᠠᠭᠠᠢ ᠵᠠᠰᠠᠪᠤᠷᠢ ᠤᠷᠤᠭᠤᠯᠵᠠᠢ︔ ᠡᠯ᠎ᠠ ᠠᠶᠢᠮᠠᠬ ᠬᠤᠲᠠ ᠶᠢᠨ ᠬᠢᠨ ᠮᠤᠩᠭᠤᠯ ᠦᠬᠡ ᠬᠡᠯᠡ ᠦᠰᠦᠭ ᠪᠢᠴᠢᠭ ᠢ ᠲᠦᠷᠢᠮᠵᠢᠬᠦᠯᠤᠨ ᠬᠡᠷᠡᠭᠯᠡᠬᠦ ᠵᠢᠴᠢ ︽ᠮᠤᠩᠭᠤᠯ ᠵᠦᠪ ᠪᠢᠴᠢᠯᠬᠡ ᠶᠢᠨ ᠲᠤᠯᠢ︾ ᠳᠤ ᠵᠠᠰᠠᠪᠤᠷᠢ ᠤᠷᠤᠭᠤᠯᠬᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠤᠷᠢᠳ ᠬᠤᠵᠢᠳ 46 ᠤᠲᠠᠭ᠎ᠠ ᠬᠤᠷᠠᠯᠲᠤᠭᠤᠯᠵᠤ᠂ 21 ᠲᠤᠰᠬᠠᠢ ᠮᠡᠷᠬᠡᠵᠢᠯᠲᠠᠨ 4 ᠲᠤᠭᠤᠢᠢᠯᠠᠩ ᠬᠤᠪᠢᠶᠠᠵᠤ ᠨᠠᠢᠮᠠᠨ ᠮᠤᠵᠢ ᠤᠷᠤᠨ ᠳᠤ ︽ᠮᠤᠩᠭᠤᠯ ᠵᠦᠪ ᠪᠢᠴᠢᠯᠬᠡ ᠶᠢᠨ ᠲᠤᠯᠢ︾ ᠳᠤ ᠵᠠᠰᠠᠪᠤᠷᠢ ᠤᠷᠤᠭᠤᠯᠬᠤ ᠠᠵᠢᠯ ᠤᠨ ᠲᠤᠬᠠᠢ ᠰᠠᠨᠠᠯ ᠬᠤᠷᠢᠶᠠᠬᠤ ᠪᠠᠶᠢᠴᠠᠭᠠᠨ ᠰᠤᠲᠤᠯᠤᠯᠲᠠ ᠬᠢᠵᠠᠢ᠃
ᠡᠷᠲᠠᠮ ᠰᠢᠨᠵᠢᠯᠡᠬᠡᠨ ᠪᠠ ᠬᠠᠮᠢᠶᠠᠷᠤᠯᠲᠠ ᠶᠢᠨ ᠲᠠᠯ᠎ᠠ ᠪᠠᠷ᠂ ︽ᠮᠤᠩᠭᠤᠯ ᠤᠶᠤᠲᠠᠳ ᠤᠨ ᠮᠤᠩᠭᠤᠯ ᠬᠢᠲᠠᠳ ᠬᠤᠤᠰ ᠬᠡᠯᠡᠨ ᠤ ᠰᠤᠷᠭᠠᠨ ᠬᠦᠮᠤᠵᠢᠯ ᠵᠢᠴᠢ ᠦᠨᠲᠤᠰᠤᠲᠠᠨ ᠤ ᠰᠤᠶᠤᠯ ᠤᠨ ᠤᠯᠠᠮᠵᠢᠯᠠᠯ ᠤᠨ ᠰᠤᠳᠤᠯᠤᠯ︾ ᠵᠡᠷᠬᠡ 201 ᠰᠠᠲᠤᠪ ᠢ ᠲᠦᠷᠦᠯ ᠵᠦᠢᠯ ᠬᠤᠪᠢᠶᠠᠨ ᠪᠠᠯᠠ ᠮᠦᠡᠭᠬᠦᠨ ᠤ ᠲᠠᠮᠵᠢᠯᠭᠡ ᠦᠵᠡᠬᠦᠯᠪᠠ︔ 5 ᠬᠤᠭᠤᠴᠠᠭ᠎ᠠ ᠪᠦᠬᠦ ᠤᠷᠤᠨ ᠤ ᠮᠤᠩᠭᠤᠯ ᠬᠡᠯᠡ ᠦᠰᠦᠭ ᠪᠢᠴᠢᠭ ᠤᠨ ᠲᠦᠷᠢᠮᠵᠢᠯ ᠪᠠᠷᠢᠮᠵᠢᠶᠠᠵᠢᠯ ᠤᠨ ᠲᠠᠪᠳᠠᠨ ᠪᠤᠯᠪᠠᠰᠤᠷᠠᠭᠤᠯᠬᠤ ᠠᠩᠬᠢ ᠪᠠ 3 ᠬᠤᠭᠤᠴᠠᠭ᠎ᠠ ᠪᠦᠬᠦ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠰᠤᠳᠤᠯᠤᠯ ᠤᠨ ᠢᠲᠠᠷ ᠵᠠᠯᠠᠭᠤ ᠡᠷᠲᠠᠮᠲᠠᠳ ᠤᠨ ᠲᠠᠪᠳᠠᠨ ᠪᠤᠯᠪᠠᠰᠤᠷᠠᠭᠤᠯᠬᠤ ᠠᠩᠬᠢ ᠡᠷᠬᠢᠯᠡᠵᠤ᠂ ᠵᠠᠯᠠᠭᠤ ᠭᠤᠤᠯᠯᠠᠭᠴᠢ ᠴᠢᠲᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠨᠨ ᠪᠠᠶᠢᠨ᠎ᠠ᠃
ᠵᠣᠬᠢᠶᠠᠭᠴᠢ᠄ ᠪᠤᠤ ᠢᠤᠢ ᠶᠢᠩ