-
2142401
︽2019 ᠦᠪᠤᠷ ᠮᠤᠩᠭᠤᠯ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾
2019-11-13 14:50
291
0
︽2019 ᠦᠪᠤᠷ ᠮᠤᠩᠭᠤᠯ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠦᠪᠤᠷ ᠮᠤᠩᠭᠤᠯ ᠤᠨ ᠦᠵᠡᠰᠬᠦᠯᠡᠩ ᠤᠨ ᠤᠷᠳᠤᠨ ᠳᠤ ᠶᠠᠪᠤᠭᠳᠠᠪᠠ
11 ᠰᠠᠷ᠎ᠠ ᠶᠢᠨ 7 ᠤ ᠡᠳᠤᠷ᠂ ᠲᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠰᠤᠶᠤᠯ ᠢ ᠪᠠᠳᠠᠷᠠᠭᠤᠯᠵᠥ᠂ ᠰᠤᠶᠤᠯ ᠪᠤᠯᠤᠨ ᠵᠢᠭᠤᠯᠴᠢᠯᠠᠯ ᠤᠨ ᠠᠵᠥ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠶᠢᠨ ᠲᠦᠯᠥᠬᠡ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠤᠯᠤᠨ ᠵᠢᠭᠤᠯᠴᠢᠯᠠᠯ ᠤᠨ ᠲᠢᠩᠬᠢᠮ ᠤᠨ ᠭᠤᠤᠯᠯᠠᠨ ᠡᠷᠬᠢᠯᠡᠭᠰᠡᠡ ︽2019 ᠦᠪᠤᠷ ᠮᠤᠩᠭᠤᠯ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠦᠪᠤᠷ ᠮᠤᠩᠭᠤᠯ ᠤᠨ ᠦᠵᠡᠰᠬᠦᠯᠡᠩ ᠤᠨ ᠤᠷᠳᠤᠨ ᠳᠤ ᠶᠠᠪᠤᠭᠳᠠᠪᠠ᠃ ᠤᠷᠤᠯᠳᠤᠭᠠᠨ ᠨᠢ ᠦᠪᠯᠡᠨ ᠤᠯᠠᠮᠵᠢᠯᠠᠬᠤ᠂ ᠰᠢᠨ᠎ᠡ ᠶᠢ ᠡᠬᠦᠳᠬᠦ᠂ ᠪᠤᠬᠢᠷᠳᠤᠯ ᠦᠬᠡᠢ ᠪᠠᠶᠢᠬᠤ᠂ ᠬᠠᠮᠳᠤ ᠪᠠᠷ ᠡᠳ᠋ᠯᠡᠬᠦ ᠪᠠᠷ ᠭᠤᠤᠯ ᠰᠡᠳᠤᠪ ᠪᠤᠯᠭᠠᠵᠥ᠂ ᠠᠷᠪᠠᠨ ᠲᠠᠪᠤᠨ ᠲᠦᠷᠦᠯ ᠤᠨ 2700 ᠭᠠᠷᠤᠢ ᠵᠦᠢᠯ ᠤᠨ ᠤᠷᠤᠯᠳᠤᠭᠠᠨ ᠳᠤ ᠤᠷᠤᠯᠴᠠᠭᠰᠠᠠ ᠪᠦᠳᠦᠬᠡᠯ ᠪᠤᠯᠤᠨ ᠰᠢᠨ᠎ᠡ ᠡᠬᠦᠳᠦᠯᠳᠡ ᠶᠢᠨ ᠪᠦᠳᠦᠬᠡᠯ ᠳᠤ ᠰᠢᠯᠭᠠᠷᠠᠭᠤᠯᠤᠯᠳᠡ ᠬᠢᠵᠠᠢ᠂ ᠲᠤᠬᠠᠢ ᠶᠢᠨ ᠲᠠᠯᠠᠪᠠᠢ ᠳᠤ ᠡᠯ᠎ᠡ ᠠᠶᠢᠮᠠᠭ ᠬᠤᠳᠠ ᠶᠢᠨ ᠦᠵᠡᠰᠬᠦᠯᠡᠩ ᠤᠨ ᠲᠤᠭᠤᠷᠢᠭ ᠭᠠᠷᠭᠠᠵᠥ᠂ 200 ᠰᠤᠶᠤᠯ ᠪᠤᠯᠤᠨ ᠵᠢᠭᠤᠯᠴᠢᠯᠠᠯ ᠤᠨ ᠠᠵᠥ ᠠᠬᠤᠢᠢᠯᠠᠯ ᠨᠡᠶᠢᠳᠡ 10000 ᠭᠠᠷᠤᠢ ᠵᠦᠢᠯ ᠤᠨ ᠦᠢᠯᠡᠳᠬᠦᠨ ᠢ ᠲᠡᠯᠬᠡᠨ ᠦᠵᠡᠬᠦᠯᠵᠡᠢ᠂ ᠦᠵᠡᠰᠬᠦᠯᠡᠩ ᠨᠢ 4 ᠡᠳᠤᠷ ᠶᠠᠪᠤᠭᠳᠠᠵᠠᠢ᠃
ᠰᠤᠷᠪᠤᠯᠵᠢᠯᠠᠬᠴᠢ ᠸᠠᠩ ᠯᠸᠢ ᠴᠧᠩ ᠶᠢᠩ ᠵᠢᠶᠦ᠋ᠨ ᠰᠡᠬᠦᠳᠡᠷᠯᠡᠪᠡ