 

ᠢᠲᠡᠭᠡᠯ ᠠᠯᠲᠠᠵᠤ ᠦᠷᠢ ᠠᠴᠠ ᠪᠠᠨ ᠵᠠᠶᠢᠯᠠᠪᠠᠯ 《ᠬᠠᠷ᠎ᠠ ᠲᠠᠩᠰᠠ》  ‌ᠤᠷᠤᠨ᠎ᠠ

2017-01-11 21:39
  542
  0
ᠦᠨᠡᠨ(ᠪᠤᠷᠤᠭᠤᠯᠤᠭᠰᠠᠨ ᠨᠡᠷ᠎ᠡ) ᠬᠤᠪᠢ ᠶᠢᠨ ᠠᠷᠠᠯᠵᠢᠶ᠎ᠠ ᠬᠢᠵᠤ ᠪᠠᠶᠢᠬᠤ ᠳᠠᠭᠠᠨ ᠪᠤᠰᠤᠳ ᠠᠴᠠ ᠠᠷᠪᠠᠨ ᠲᠦᠮᠡᠨ ᠲᠦᠭᠦᠷᠢᠭ᠌ ᠵᠢᠭᠡᠯᠡᠪᠡ᠃ ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ᠂ ᠵᠢᠭᠡᠯᠡᠯᠭᠡ ᠪᠠᠨ ᠪᠤᠴᠠᠭᠠᠭᠰᠠᠨ ᠦᠭᠡᠢ ᠪᠤᠯᠬᠤᠷ ᠦᠷᠢ ᠶᠢᠨ ᠡᠵᠡᠨ ᠨᠢ ᠰᠢᠬᠦᠬᠦ ᠬᠤᠷᠢᠶᠠᠨ ᠳᠤ ᠵᠠᠭᠠᠯᠳᠤᠵᠤ᠂ ᠦᠨᠡᠨ ᠢ ᠦᠷᠢ ᠪᠠᠨ ᠪᠤᠴᠠᠭᠠᠬᠤ ᠶᠢ ᠱᠠᠭᠠᠷᠳᠠᠪᠠ᠃ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠨᠢ ᠦᠨᠡᠨ ᠢ ᠰᠢᠬᠦᠨ ᠲᠠᠰᠤᠯᠤᠯᠲᠠ ᠶᠢᠨ ᠪᠢᠴᠢᠭ᠌ ᠬᠠᠤᠯᠢ ᠴᠠᠭᠠᠵᠠ ᠶᠢᠨ ᠬᠦᠴᠦᠨ ᠲᠠᠢ ᠪᠤᠯᠤᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠲᠤᠲᠤᠷ᠎ᠠ‌ ᠦᠷᠢ ᠪᠠᠨ ᠪᠤᠴᠠᠭᠠᠬᠤ ᠭᠡᠷᠡᠭᠲᠡᠢ ᠭᠡᠵᠤ ᠰᠢᠭᠦᠨ ᠲᠡᠰᠤᠯᠪᠠ᠃ ᠭᠡᠲᠡᠯ᠎ᠡ ᠦᠨᠡᠨ ᠰᠢᠬᠦᠨ ᠲᠠᠰᠤᠯᠤᠯᠲᠠ ᠶᠢᠨ ᠪᠢᠴᠢᠭ᠌ ᠤᠨ ᠲᠤᠭᠲᠠᠭᠠᠭᠰᠠᠨ ᠬᠤᠭᠤᠴᠠᠭᠠᠨ ᠳᠤ ᠦᠷᠢ ᠪᠠᠨ ᠪᠤᠴᠠᠭᠠᠭᠰᠠᠨ ᠦᠭᠡᠢ ᠮᠦᠷᠲᠡᠭᠡᠨ ᠦᠷᠢ ᠠᠴᠠ ᠪᠠᠨ ᠵᠠᠶᠢᠯᠠᠵᠤ᠂ ᠭᠠᠳᠠᠭᠰᠢ ᠭᠠᠷᠴᠤ ᠬᠦᠴᠦᠨ ᠤ ᠠᠵᠢᠯ ᠬᠢᠬᠦ ᠪᠠᠷ ᠶᠠᠪᠤᠵᠠᠢ᠃ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠬᠡᠷᠡᠭᠵᠢᠬᠦᠯᠬᠦ ᠲᠤᠪᠴᠢᠶ᠎ᠠ ᠨᠢ ᠬᠡᠷᠡᠭᠵᠢᠭᠦᠯᠦᠭᠲᠡᠭᠴᠢ ᠦᠨᠡᠨ ᠢ 《ᠢᠲᠡᠭᠡᠯ ᠠᠯᠳᠠᠭᠰᠠᠨ ᠬᠡᠷᠡᠭᠵᠢᠬᠦᠯᠦᠭᠳᠡᠭᠴᠢ》 ᠶᠢᠨ 《ᠬᠠᠷ᠎ᠠ ᠲᠠᠩᠰᠠ》 ᠶᠢᠨ ᠨᠡᠷᠡᠰ ᠤᠨ ᠪᠦᠷᠢᠳᠭᠡᠯ ᠳᠤ ᠤᠷᠤᠭᠤᠯᠵᠤ᠂ ᠶᠡᠬᠡ ᠵᠠᠷᠤᠯᠭ᠎ᠠ ᠭᠠᠷᠭᠠᠬᠤ᠂ ᠨᠢᠰᠬᠡᠯ ᠤᠨ ᠲᠠᠰᠤᠯᠪᠤᠷᠢ ᠠᠪᠬᠤ᠂ ᠭᠠᠯᠲᠤ ᠲᠡᠷᠭᠡᠨ ᠤ ᠵᠦᠭᠡᠯᠡᠨ ᠤᠷᠤ ᠶᠢᠨ ᠲᠠᠰᠤᠯᠪᠤᠷᠢ ᠬᠤᠳᠠᠯᠳᠤᠨ ᠠᠪᠬᠤ ᠵᠡᠷᠭᠡ ᠶᠢ ᠬᠢᠵᠠᠭᠠᠷᠯᠠᠪᠠ᠃ ᠡᠬᠦᠨ ᠡᠴᠡ ᠪᠤᠯᠵᠤ 2016 ᠤᠨ ᠤ 11ᠰᠡᠷ᠎ᠠ ᠳᠤ ᠦᠨᠡᠨ ᠬᠦᠬᠡᠬᠤᠲᠠ ᠠᠴᠠ ᠮᠤᠩᠭ᠋ᠤᠯ ᠤᠯᠤᠰ ᠤᠨ ᠤᠯᠠᠭᠠᠨᠪᠠᠭᠠᠲᠤᠷ ᠲᠤ ᠬᠦᠷᠬᠦ ᠨᠢᠰᠬᠡᠯ ᠤᠨ ᠲᠠᠰᠤᠯᠪᠤᠷᠢ ᠠᠪᠬᠤ ᠭᠡᠳ ᠠᠪᠴᠤ ᠲᠡᠶᠢᠯᠤᠭ᠍ᠰᠠᠨ ᠦᠭᠡᠢ ᠮᠦᠷᠲᠠᠭᠡᠨ ᠠᠵᠢᠯᠯᠠᠵᠤ ᠪᠠᠶᠢᠭ᠎ᠠ ᠺᠤᠮᠫᠠᠨᠢ ᠶᠢᠨ ᠢᠶᠠᠨ ᠤᠳᠤᠷᠢᠳᠤᠯᠭ᠎ᠠ ᠳᠠᠭᠠᠨ ᠴᠤ ᠵᠢᠮᠡᠯᠡᠭᠲᠡᠵᠤ ᠲᠦᠷ ᠴᠠᠭ ‍ᠤᠨ‌ᠠᠵᠢᠯ  ᠢᠶᠠᠨ ᠴᠦ ᠠᠯᠳᠠᠭᠰᠠᠨ ᠪᠠ ᠰᠡᠭᠦᠯ ᠳᠤ ᠪᠡᠨ ᠢᠲᠡᠭᠡᠯ ᠠᠯᠳᠠᠵᠤ ᠨᠢᠭᠤᠷ  ᠢᠶᠡᠨ ᠪᠠᠷᠠᠭᠰᠠᠨ ᠠᠴᠠ ᠬᠠᠮᠢᠭ᠎ᠠ ᠤᠴᠢᠵᠤ ᠶᠠᠭᠤ ᠬᠢᠭ᠍ᠰᠡᠨ ᠴᠤ ᠬᠠᠳᠠᠭᠠᠰᠤ ᠮᠦᠷᠬᠦᠵᠤ᠂ ᠠᠷᠭ᠎ᠠ ᠪᠤᠰᠤ ᠰᠢᠬᠦᠬᠦ ᠬᠤᠷᠢᠶ᠎ᠠ ᠳᠤ ᠬᠦᠷᠴᠤ ᠦᠷᠢ ᠪᠠᠨ ᠪᠤᠴᠠᠭᠠᠭᠰᠠᠨ ᠮᠦᠷᠲᠡᠭᠡᠨ 《ᠬᠠᠷ᠎ᠠ ᠲᠠᠩᠰᠠ》ᠡᠴᠠ ‌‍ ᠨᠡᠷ᠎ᠡ ᠶᠢ ᠨᠢ ᠭᠠᠷᠭᠠᠵᠦ ᠦᠭ᠍ᠭᠦ ᠶᠢ ᠭᠤᠶᠤᠴᠢᠯᠠᠪᠠ᠃ ᠰᠢᠬᠦᠬᠦ ᠬᠤᠷᠢᠶ᠎ᠠ ᠲᠠᠭᠦᠨ ᠤ ᠦᠷᠢ ᠪᠠᠨ ᠪᠤᠴᠠᠭᠠᠵᠤ᠂ ᠭᠡᠮᠰᠢᠨ ᠤᠬᠠᠭᠠᠷᠠᠭᠰᠠᠨ ᠪᠠᠶᠢᠲᠠᠯ ᠢ ᠦᠨᠳᠤᠰᠤᠯᠡᠵᠤ᠂ 《ᠢᠲᠡᠭᠡᠯ ᠠᠯᠳᠠᠭᠰᠠᠨ ᠬᠡᠷᠡᠭᠵᠢᠬᠦᠯᠦᠭᠳᠡᠭᠴᠢ 》 ᠶᠢᠨ《ᠬᠠᠷ᠎ᠠ ᠲᠠᠩᠰᠠ》  ᠠᠴᠠ ᠭᠠᠷᠭᠠᠵᠤ ᠦᠭᠴᠡᠢ᠃

  ᠲᠡᠭᠡᠪᠠᠯ ‌ᠢᠲᠡᠭᠡᠯ ᠠᠯᠳᠠᠭᠰᠠᠨ ᠬᠡᠷᠡᠭᠵᠢᠭᠦᠯᠦᠭᠳᠡᠭᠴᠢᠳ ᠲᠤ ᠶᠠᠮᠠᠷ ᠠᠷᠭ᠎ᠠ ᠬᠡᠮᠵᠢᠶ᠎ᠡ ᠠᠪᠴᠦ ᠪᠠᠶᠢᠬᠤ ᠪᠤᠢ︖

  ᠨᠢᠬᠡ᠂ ᠰᠢᠬᠦᠬᠦ ᠬᠤᠷᠢᠶ᠎ᠠ ᠡᠴᠡ ‌ᠢᠲᠡᠭᠡᠯ ᠠᠯᠳᠠᠭᠰᠠᠳ ᠤᠨ ᠴᠤᠷ ᠤᠨ ᠭᠠᠭᠴᠠ ᠰᠠᠭᠤᠬᠤ ᠭᠡᠷ ᠢ ᠬᠢᠮᠳᠠᠷᠠᠭᠤᠯᠤᠨ ᠬᠤᠳᠠᠯᠳᠤᠵᠤ ᠪᠤᠯᠤᠨ᠎ᠠ᠃

  ᠬᠤᠶᠠᠷ᠂ ᠰᠢᠬᠦᠬᠦ ᠬᠤᠷᠢᠶ᠎ᠠ ᠢᠲᠡᠭᠡᠯ ᠠᠯᠳᠠᠭᠰᠠᠳ  ᠤᠨ ᠨᠧᠲ ᠤᠨ ᠲᠠᠩᠰᠠ ᠪᠠᠷ ᠲᠠᠮᠵᠢᠨ ᠤᠯᠬᠤ ᠵᠤᠭᠤᠰ ᠮᠦᠩᠭᠦ ᠶᠢ ᠨᠢ ᠴᠦᠮ ᠪᠠᠶᠢᠴᠠᠭᠠᠨ ᠪᠢᠳᠡᠭᠦᠮᠵᠢᠯᠡᠬᠦ᠂ ᠴᠡᠪᠳᠡᠭᠯᠡᠬᠦ᠂ ᠰᠢᠯᠵᠢᠭᠦᠯᠦᠨ ᠠᠪᠬᠤ ᠡᠳ᠋ ᠭᠦᠷᠦᠩᠭᠡ ᠶᠢᠡ ᠬᠡᠪᠴᠢᠶᠠᠨ ᠳᠤ ᠤᠷᠤᠭᠤᠯᠬᠤ ᠂ ᠰᠤᠯᠢᠯᠴᠠᠭ᠎ᠠ ᠬᠢᠬᠦ ᠶᠢ ᠬᠢᠵᠠᠭᠠᠷᠯᠠᠵᠤ ᠪᠤᠯᠤᠨ᠎ᠠ᠃

  ᠭᠤᠷᠪᠠ᠂ ᠰᠢᠬᠦᠬᠦ ᠬᠤᠷᠢᠶ᠎ᠠ ᠨᠧᠲ ᠢᠶᠡᠷ ᠳᠠᠮᠵᠢᠨ ᠢᠲᠡᠭᠡᠯ ᠠᠯᠳᠠᠭᠰᠠᠳ ᠤᠨ ᠪᠦᠬᠦ ᠤᠯᠤᠰ  ᠤᠨ ᠬᠡᠪᠴᠢᠶᠡᠨ ᠳᠠᠬᠢ ᠮᠦᠩᠭᠦᠨ ᠬᠦᠢᠯᠭᠡᠭᠡᠨ ᠤ ᠪᠠᠩᠭᠢ ᠳᠤ ᠪᠠᠶᠢᠭ᠎ᠠ ᠬᠠᠳᠠᠭᠠᠯᠠᠮᠵᠢ ᠶᠢ ᠪᠠᠶᠢᠴᠠᠭᠠᠨ ᠪᠢᠳᠡᠭᠦᠮᠵᠢᠯᠡᠬᠦ᠂ ᠴᠡᠪᠳᠡᠭᠯᠡᠬᠦ᠂ ᠰᠢᠯᠵᠢᠭᠦᠯᠦᠨ ᠠᠪᠴᠤ ᠪᠤᠯᠬᠤ ᠪᠦᠭᠡᠳ ᠭᠡᠷ ᠪᠠᠶᠢᠰᠢᠩ᠂ ᠮᠠᠰᠢᠨ ᠲᠡᠷᠭᠡ ᠵᠡᠷᠭᠡ ᠶᠢ  ᠨᠢ ᠴᠤ ᠪᠠᠶᠢᠴᠠᠭᠠᠨ ᠭᠠᠷᠭᠠᠬᠤ᠂ ᠲᠠᠷᠤᠵᠤ ᠬᠤᠴᠤᠷᠭᠠᠬᠤ᠂ ᠴᠡᠪᠳᠡᠭᠯᠡᠬᠦ ᠠᠯᠪᠠᠳᠠᠬᠤ ᠠᠷᠭ᠎ᠠ ᠬᠡᠮᠵᠢᠶ᠎ᠡ ᠠᠪᠴᠤ ᠪᠤᠯᠤᠨ᠎ᠠ ᠃

  ᠳᠦᠷᠪᠡ᠂ ᠢᠲᠡᠭᠡᠯ ᠠᠯᠲᠠᠭᠰᠠᠳ ᠤᠨ ᠮᠦᠩᠭᠦᠨ ᠬᠦᠢᠯᠭᠡᠭᠡ᠂ ᠪᠠᠭ᠎ᠠ ᠲᠤᠭᠠᠨ ᠤ ᠵᠢᠭᠡᠯᠡᠯᠭᠡ᠂ ᠢᠲᠡᠭᠡᠮᠵᠢ ᠶᠢᠨ ᠺᠠᠷᠲ᠂ P2P᠂ ᠠᠷᠢᠬᠢᠨ ᠮᠤᠬᠤᠯᠠᠭ᠂ ᠭᠡᠷ ᠲᠦᠷᠢᠶᠡᠰᠦᠯᠡᠬᠦ ᠵᠡᠷᠭᠡ  ᠳᠤ ᠨᠧᠲ ᠢ ᠠᠰᠢᠭᠯᠠᠨ ᠮᠦᠩᠭᠦ ᠵᠠᠷᠤᠴᠠᠭᠤᠯᠬᠤ ᠶᠢ ᠴᠠᠭᠠᠵᠠᠯᠠᠬᠤ ᠶᠢᠨ ᠬᠠᠮᠲᠤ ᠲᠡᠲᠡᠨ ᠤ ᠵᠢᠭᠡᠯᠡᠯᠭᠡ ᠵᠢᠭᠡᠯᠡᠬᠦ᠂ ᠪᠡᠯᠡ ᠲᠤᠬᠢᠷᠠᠭᠤᠯᠭ᠎ᠠ ᠳᠤ ᠤᠷᠤᠯᠴᠠᠬᠤ ᠪᠠ ᠲᠤᠤ ᠪᠤᠤ ᠪᠤᠶᠤ ᠲᠢᠶᠠᠨ ᠮᠤᠤ ᠲᠠᠪᠴᠠᠩ ᠢᠶᠠᠷ ᠲᠠᠮᠵᠢᠨ ᠨᠢᠰᠭᠡᠯ  ᠤᠨ ᠪᠢᠯᠧᠲ᠂ ᠭᠠᠯᠲᠤ ᠲᠡᠷᠭᠡᠨ ᠤ ᠵᠦᠭᠡᠯᠡᠨ ᠤᠷᠤ᠂ ᠲᠠᠭᠠᠳᠬᠠᠯ ᠤᠨ ᠪᠤᠳᠠᠰ  ᠬᠤᠲᠠᠯᠳᠤᠨ ᠠᠪᠬᠤ ᠶᠢ ᠴᠠᠭᠠᠵᠠᠯᠠᠬᠤ᠂ ᠭᠤᠷᠪᠠᠨ ᠤᠲᠤ ᠠᠴᠠ ᠲᠡᠭᠡᠭ᠍ᠰᠢᠬᠢ ᠵᠤᠴᠢᠳ ᠪᠠᠭᠤᠲᠠᠯ ᠳᠤ ᠰᠠᠭᠤᠬᠤ ᠪᠠ ᠨᠧᠲ ᠢᠶᠡᠷ ᠲᠠᠮᠵᠢᠨ ᠡᠯᠧᠺᠲ᠋ᠷᠤᠨ ᠠᠷᠠᠯᠵᠢᠶ᠎ᠡ ᠬᠢᠵᠤ ᠶᠡᠭᠡ ᠪᠠᠷ ᠪᠦᠷᠢᠯᠭᠡᠬᠦ ᠢᠢ ᠴᠠᠭᠠᠵᠠᠯᠠᠵᠤ ᠪᠤᠯᠤᠨ᠎ᠠ᠃

  ᠲᠠᠪᠤ᠂ ᠢᠲᠡᠭᠡᠯ ᠠᠯᠳᠠᠭᠰᠠᠳ  ᠤᠨ ᠶᠠᠮᠠᠷ ᠨᠢᠭᠡᠨ ᠠᠵᠤ ᠠᠬᠤᠶᠢᠯᠠᠯ᠂ ᠺᠤᠮᠫᠠᠨᠢ  ᠳᠤ ᠲᠠᠭᠠᠭᠠᠮᠠᠯ ᠂ ᠬᠡᠷᠡᠭ ᠮᠡᠳᠡᠭᠴᠢ᠂ ᠲᠡᠭᠡᠳᠤ ᠲᠡᠰ ᠤᠨ ᠨᠤᠶᠠᠨ ᠵᠡᠷᠭᠡ ᠲᠤᠰᠢᠶᠠᠯ ᠢ ᠬᠠᠷᠢᠭᠤᠴᠠᠬᠤ ᠶᠢ ᠬᠢᠵᠠᠭᠠᠷᠯᠠᠵᠤ ᠪᠤᠯᠤᠨ᠎ᠠ᠃

  ᠵᠢᠷᠭᠤᠭ᠎ᠠ᠂ ᠢᠲᠡᠭᠡᠯ ᠠᠯᠳᠠᠭᠰᠠᠳ ᠤᠨ ᠨᠡᠷ᠎ᠡ ᠲᠡᠭᠡᠷ᠎ᠡ ᠪᠠᠶᠢᠭ᠎ᠠ ᠲᠡᠷᠭᠡ ᠶᠢᠨ ᠬᠤᠷᠳᠤᠨ ᠤ ᠵᠠᠮ ᠳ᠋ᠦ ᠭᠠᠷᠬᠤ ᠶᠢ ᠬᠢᠵᠠᠭᠠᠷᠯᠠᠵᠤ ᠪᠤᠯᠤᠨ᠎ᠠ᠃

  ᠳᠤᠯᠤᠭ᠎ᠠ᠂ ᠢᠲᠡᠭᠡᠯ ᠠᠯᠳᠠᠭᠰᠠᠳ  ᠤᠨ ᠤᠰᠤᠨ ᠵᠠᠮ ᠢᠶᠠᠷ ᠶᠠᠪᠤᠵᠤ ᠰᠠᠭᠤᠬᠤ ᠶᠢ ᠬᠢᠵᠠᠭᠠᠷᠯᠠᠵᠤ ᠪᠤᠯᠤᠨ᠎ᠠ ᠃

  ᠨᠠᠶ᠋ᠮᠠ᠂ ᠢᠲᠡᠭᠡᠯ ᠠᠯᠳᠠᠭᠰᠠᠳ ᠶᠡᠭᠡᠪᠡᠷ ᠵᠠᠷᠤᠯᠭ᠎ᠠ ᠭᠠᠷᠭᠠᠵᠤ᠂ ᠬᠤᠭᠤᠯᠠᠨ ᠭᠡᠷ᠂ ᠪᠠᠭᠠᠷ ᠂ ᠭᠤᠯᠹ ᠪᠦᠮᠪᠦᠭᠡ ᠶᠢᠨ ᠲᠠᠯᠠᠪᠠᠢ ᠵᠡᠷᠭᠡ ᠪᠠᠷ ᠤᠷᠤᠬᠤ ᠶᠢ ᠬᠢᠵᠠᠭᠠᠷᠯᠠᠬᠤ ᠪᠤᠶᠤ ᠲᠡᠲᠡᠨ ᠤ ᠦᠨ᠎ᠡ  ᠲᠠᠢ ᠭᠡᠷ ᠪᠠᠶᠢᠰᠢᠩ ᠬᠤᠳᠠᠯᠳᠤᠨ ᠠᠪᠬᠤ ᠪᠠ ᠶᠡᠬᠡᠪᠡᠷ ᠵᠠᠰᠠᠵᠤ ᠴᠢᠮᠡᠬᠦ ᠶᠢ ᠴᠠᠭᠠᠵᠠᠯᠠᠵᠤ ᠪᠤᠯᠤᠨ᠎ᠠ᠃

  ᠶᠢᠰᠤ᠂ ᠢᠲᠡᠭᠡᠯ ᠠᠯᠳᠠᠭᠰᠠᠳ ᠤᠨ ᠦᠷ᠎ᠠ ᠬᠡᠤᠬᠡᠳ  ᠤᠨ ᠬᠢᠨ ᠰᠤᠷᠤᠯᠭ᠎ᠠ ᠶᠢᠨ ᠵᠠᠷᠤᠳᠠᠯ  ᠤᠯᠠᠨ ᠶᠡᠭᠡ ᠰᠤᠷᠭᠠᠭᠤᠯᠢ ᠳᠤ ᠶᠠᠪᠤᠬᠤ ᠶᠢ ᠴᠠᠭᠠᠵᠠᠯᠠᠵᠤ ᠪᠤᠯᠤᠨ᠎ᠠ᠃

  ᠠᠷᠪᠠ᠂ ᠢᠲᠡᠭᠡᠯ ᠠᠯᠳᠠᠭᠰᠠᠳ ᠤᠨ ᠬᠢᠯᠢ ᠠᠴᠠ ᠭᠠᠷᠬᠤ ᠶᠢ ᠴᠠᠭᠠᠵᠠᠯᠠᠵᠤ ᠪᠤᠯᠤᠨ᠎ᠠ᠃

  ᠠᠷᠪᠠᠨ ᠨᠢᠬᠡ᠂ ᠢᠲᠡᠭᠡᠯ ᠠᠯᠳᠠᠭᠰᠠᠳ ᠤᠨ ᠨᠠᠰᠤᠵᠢᠯ ᠤᠨ ᠲᠠᠭᠠᠳᠬᠠᠯ ᠢ ᠰᠢᠭᠤᠳ ᠰᠢᠬᠦᠬᠦ ᠬᠤᠷᠢᠶ᠎ᠠ ᠰᠢᠯᠵᠢᠬᠦᠯᠦᠨ ᠠᠪᠴᠤ ᠪᠤᠯᠤᠨ᠎ᠠ᠃

  ᠠᠷᠪᠠᠨ ᠬᠤᠶᠠᠷ᠂ ᠢᠲᠡᠭᠡᠯ ᠠᠯᠳᠠᠭᠰᠠᠳ  ᠢ ᠰᠢᠬᠦᠬᠦ ᠬᠤᠷᠢᠶ᠎ᠠ ᠶᠢᠨ ᠬᠠᠤᠯᠢ ᠴᠠᠭᠠᠵᠠ ᠶᠢᠨ ᠬᠦᠴᠦᠨ ᠲᠠᠢ ᠪᠤᠯᠤᠭᠰᠠᠨ ᠰᠢᠬᠦᠨ ᠲᠠᠰᠦᠯᠦᠯᠲᠠ᠂ ᠲᠠᠰᠤᠯᠤᠨ ᠲᠤᠭᠲᠠᠭᠠᠯᠲᠠ ᠢᠢ ᠦᠯᠦ ᠭᠡᠷᠡᠭᠵᠢᠭᠦᠯᠦᠭᠰᠡᠨ ᠶᠠᠯ᠎ᠠ ᠪᠠᠷ ᠬᠠᠮᠤᠭ ᠤᠨ ᠤᠯᠠᠨ ᠳ᠋ᠠᠭᠠᠨ7 ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠶᠢᠨ ᠬᠡᠷᠡᠭ ᠢᠶᠡᠷ ᠰᠢᠳᠭᠡᠵᠤ ᠪᠤᠯᠤᠨ᠎ᠠ᠃

  ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠤᠳᠬᠤᠨ



  
     
     