

ᠨᠠᠢᠮᠠᠨ ᠶᠡᠭᠡ ᠬᠠᠷᠠᠯᠳᠡ

2016-03-06 06:17
  278
  0
  2016 ᠤᠨ ᠤ ᠲᠤᠮᠳᠠᠳᠤ ᠤᠯᠤᠰ ᠤᠨ ᠠᠵᠥ ᠠᠬᠤᠢ ᠶᠢᠨ ᠬᠠᠨᠳᠤᠰᠢ ᠶᠢ ᠬᠦᠳᠦᠯᠥᠨ ᠲᠠᠭᠠᠭᠤᠯᠤᠨ᠎ᠠ


︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠳᠡ ᠶᠢᠨ ᠤᠨ ᠳᠤ᠂ ᠲᠤᠮᠳᠠᠳᠤ ᠤᠯᠤᠰ ᠤᠨ ᠠᠵᠥ ᠠᠬᠤᠢ ᠪᠦᠳᠦᠴᠡ ᠶᠢᠨ ᠲᠤᠬᠢᠷᠠᠭᠤᠯᠤᠯᠳᠠ ᠶᠢᠨ ᠦᠷᠢᠰᠦᠯᠳᠦᠬᠡᠨ ᠢ ᠦᠩᠬᠡᠷᠡᠬᠡᠬᠦ ᠪᠦᠭᠡᠳ ᠠᠷᠭ᠎ᠠ ᠬᠡᠯᠪᠡᠷᠢ ᠪᠠᠨ ᠬᠤᠪᠢᠷᠠᠭᠤᠯᠵᠥ ᠲᠡᠰ ᠲᠡᠪᠰᠢᠭᠦᠯᠬᠦ ᠠᠵᠠ ᠲᠤᠬᠢᠶᠠᠯ ᠢ ᠴᠦ ᠤᠬᠳᠤᠨ ᠠᠪᠬᠤ ᠪᠤᠯᠤᠨ᠎ᠠ᠃ ᠰᠢᠨ᠎ᠡ ᠬᠠᠭᠤᠴᠢᠨ ᠬᠦᠳᠡᠯᠬᠡᠬᠦ ᠬᠦᠴᠦᠨ ᠤ ᠰᠤᠯᠢᠭᠳᠠᠯ ᠤᠨ ᠲᠡᠤᠬᠡ ᠶᠢᠨ ᠵᠠᠩᠬᠢᠯᠠᠭ᠎ᠠ ᠶᠢᠨ ᠦᠶ᠎ᠡ ᠳᠤ᠂ ᠲᠤᠮᠳᠠᠳᠤ ᠤᠯᠤᠰ ᠤᠨ ᠠᠵᠥ ᠠᠬᠤᠢ ᠶᠠᠮᠠᠷᠰᠢᠦ ᠬᠦᠭᠵᠢᠯᠳᠡ ᠶᠢ ᠪᠡᠶᠡᠯᠡᠬᠦᠯᠬᠦ ᠪᠤᠯ︖ 5 ᠤ ᠡᠳᠤᠷ ᠬᠤᠷᠠᠯᠳᠤᠭᠰᠠᠠ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠲᠡᠭᠡᠷ᠎ᠡ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠵᠡᠷᠬᠡ ᠳᠤ ᠠᠵᠥ ᠠᠬᠤᠢ ᠶᠢᠨ ᠬᠦᠭᠵᠢᠯᠳᠡ ᠶᠢᠨ ᠠᠯᠢ ᠤᠯᠠᠨ ᠵᠢᠱᠢᠭᠰᠡᠡ ᠬᠠᠷᠠᠯᠳᠡ ᠶᠢ ᠲᠤᠷᠠᠳᠴᠠᠢ᠃ ᠡᠳᠡᠭᠡᠷ ᠬᠠᠷᠠᠯᠳᠡ ᠨᠢ 2016 ᠤᠨ ᠤ ᠲᠤᠮᠳᠠᠳᠤ ᠤᠯᠤᠰ ᠤᠨ ᠠᠵᠥ ᠠᠬᠤᠢ ᠶᠢᠨ ᠬᠠᠨᠳᠤᠰᠢ ᠶᠢ ᠬᠦᠳᠦᠯᠥᠨ ᠲᠠᠭᠠᠭᠤᠯᠬᠤ ᠪᠤᠯᠤᠨ᠎ᠠ᠃    
︹ ᠬᠠᠷᠠᠯᠳᠡ ᠨᠢᠬᠡ ︺GDP ᠶᠢᠨ ᠨᠡᠮᠡᠭᠳᠡᠯ ᠢ 6.5% — 7% ᠤᠨ ᠬᠤᠭᠤᠷᠤᠨᠳᠤ ᠪᠠᠶᠢᠯᠭᠠᠬᠤ᠄ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠰᠠᠶᠢᠨ ᠡᠬᠢᠯᠡᠯᠳᠡ ᠲᠠᠢ ᠪᠤᠯᠭᠠᠨ᠎ᠠ    ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ 2016 ᠤᠨ ᠤ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ︵GDP︶ ᠤᠨ ᠨᠡᠮᠡᠭᠳᠡᠯ ᠤᠨ ᠵᠢᠱᠢᠭᠰᠡᠡ ᠬᠠᠷᠠᠯᠳᠠ ᠶᠢ 6.5% — 7% ᠤᠨ ᠬᠤᠭᠤᠷᠤᠨᠳᠤ ᠪᠠᠶᠢᠯᠭᠠᠨ᠎ᠠ ᠬᠡᠵᠥ ᠲᠤᠷᠠᠳᠪᠠ᠃ ᠨᠢᠳᠤᠨᠤᠨ ᠤ ᠬᠠᠷᠠᠯᠳᠡ ᠪᠤᠯ 7% ᠰᠢᠬᠠᠮ ᠪᠤᠯᠤᠨ᠎ᠠ᠃ ᠢᠯᠡᠳᠬᠡᠯ ᠳᠤ᠂ ᠡᠨᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠡ ᠲᠠᠢ ᠵᠤᠯᠭᠠᠭᠤᠯᠬᠤ ᠶᠢ ᠪᠤᠳᠤᠯᠬᠢᠯᠠᠵᠥ᠂ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠬᠡᠷᠡᠭᠴᠡᠭᠡ ᠶᠢ ᠪᠤᠳᠤᠯᠬᠢᠯᠠᠭᠰᠠᠠ ᠪᠦᠭᠡᠳ ᠵᠠᠬ᠎ᠠ ᠲᠡᠯᠭᠡᠬᠦᠷ ᠤᠨ ᠵᠢᠱᠢᠯᠳᠡ ᠶᠢ ᠲᠤᠭᠳᠠᠭᠤᠨ ᠪᠠᠶᠢᠯᠭᠠᠬᠤ ᠪᠠ ᠬᠦᠳᠦᠯᠥᠨ ᠲᠠᠭᠠᠭᠤᠯᠬᠤ ᠳᠤ ᠠᠰᠢᠬᠳᠠᠢ ᠶᠤᠮ ᠬᠡᠵᠥ ᠲᠠᠶᠢᠯᠪᠤᠷᠢᠯᠠᠭᠰᠠᠠ ᠪᠠᠶᠢᠨ᠎ᠠ᠃   
 ︹ ᠬᠠᠷᠠᠯᠳᠡ ᠬᠤᠶᠠᠷ ︺ 1000 ᠲᠦᠮᠡ ᠠᠴᠠ ᠲᠡᠭᠡᠭᠰᠢᠬᠢ ᠬᠦᠮᠥᠨ ᠳᠤ ᠰᠢᠨ᠎ᠡ ᠪᠠᠷ ᠠᠵᠢᠯ ᠤᠯᠭᠤᠬᠤ᠄ ᠨᠡᠯᠢᠶᠡᠳ ᠬᠦᠢᠴᠡᠳ ᠠᠵᠢᠯ ᠤᠯᠭᠤᠯᠳᠠ ᠶᠢ ᠪᠡᠶᠡᠯᠡᠬᠦᠯᠥᠨ᠎ᠡ ᠢᠯᠡᠳᠬᠡᠯ ᠳᠤ᠂ 2016 ᠤᠨ ᠳᠤ ᠬᠤᠳᠠ ᠪᠠᠯᠭᠠᠰᠤᠨ ᠤ 1000 ᠲᠦᠮᠡ ᠠᠴᠠ ᠲᠡᠭᠡᠭᠰᠢᠬᠢ ᠬᠦᠮᠥᠨ ᠳᠤ ᠰᠢᠨ᠎ᠡ ᠪᠠᠷ ᠠᠵᠢᠯ ᠤᠯᠭᠤᠨ᠎ᠠ ᠬᠡᠵᠥ ᠲᠤᠷᠠᠳᠪᠠ᠃    
︹ ᠬᠠᠷᠠᠯᠳᠡ ᠭᠤᠷᠪᠠ ︺ ᠤᠯᠠᠭᠠᠨ ᠲᠤᠭ᠎ᠠ ᠶᠢᠨ ᠨᠤᠷᠮ᠎ᠠ ᠶᠢ 3% ᠪᠤᠯᠭᠠᠨ ᠨᠡᠮᠡᠭᠳᠡᠭᠦᠯᠬᠦ᠄ ᠭᠠᠶᠢᠯᠢ ᠶᠢ ᠬᠠᠰᠤᠵᠥ ᠰᠦᠢᠳᠭᠡᠯ ᠢ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ᠎ᠠ ᠢᠯᠡᠳᠭᠡᠯ ᠤᠨ ᠲᠤᠬᠢᠷᠠᠭᠤᠯᠤᠯᠳᠠ ᠶᠢ ᠦᠨᠳᠦᠰᠦᠯᠡᠪᠡᠯ᠂ 2016 ᠤᠨ ᠤ ᠡᠳ᠋ ᠤᠨ ᠵᠠᠰᠠᠭ ᠤᠨ ᠤᠯᠠᠭᠠᠨ ᠲᠤᠭ᠎ᠠ ᠶᠢ ᠨᠢᠳᠤᠨᠤᠨ ᠤ ᠬᠢ ᠠᠴᠠ 5600 ᠳ᠋ᠦᠩᠰᠢᠭᠤᠷ ᠲᠦᠬᠦᠷᠢᠭ ᠨᠡᠮᠡᠭᠳᠡᠬᠦᠯᠵᠥ᠂ ᠤᠯᠠᠭᠠᠨ ᠲᠤᠭ᠎ᠠ ᠶᠢᠨ ᠨᠤᠷᠮ᠎ᠠ ᠶᠢ 3% ᠪᠤᠯᠭᠠᠨ ᠲᠡᠭᠡᠭᠰᠢᠯᠡᠬᠦᠯᠥᠨ᠎ᠡ᠃    
︹ ᠬᠠᠷᠠᠯᠳᠡ ᠲᠦᠷᠪᠡ ︺M2 ᠢ 13% ᠰᠢᠬᠠᠮ ᠨᠡᠮᠡᠭᠳᠡᠬᠦᠯᠬᠦ᠄ ᠲᠤᠭᠳᠠᠭᠤᠨ ᠢᠶᠠᠷ ᠨᠡᠮᠡᠭᠳᠡᠬᠦᠯᠬᠦ ᠳᠤ ᠵᠤᠭᠤᠰᠤᠨ ᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠎ᠠ ᠢᠯᠡᠳᠬᠡᠯ ᠳᠤ᠂ ᠡᠨᠡ ᠵᠢᠯ ᠲᠡᠯᠬᠡᠷᠡᠩᠬᠦᠢ ᠤᠳᠬ᠎ᠠ ᠶᠢᠨ ᠵᠤᠭᠤᠰ M2 ᠢ ᠵᠢᠱᠢᠯᠳᠡ ᠪᠠᠷ 13 % ᠰᠢᠬᠠᠮ ᠨᠡᠮᠡᠭᠳᠡᠬᠦᠯᠥᠨ᠎ᠡ ᠬᠡᠵᠥ ᠲᠤᠷᠠᠳᠪᠠ᠃ ᠡᠨᠡ ᠨᠢ ᠨᠢᠳᠤᠨᠤᠨ ᠤ ᠬᠠᠷᠠᠯᠳᠡ ᠠᠴᠠ ᠵᠠᠭᠤᠨ ᠤ ᠬᠠᠷᠢᠴᠠᠯ ᠢᠶᠠᠷ 1 ᠬᠤᠪᠢ ᠦᠨᠳᠤᠷ ᠪᠤᠯᠵᠥ᠂ ᠨᠢᠳᠤᠨᠤᠨ ᠤ ᠪᠤᠳᠠᠳᠠᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.3 ᠬᠤᠪᠢ ᠲᠤᠤᠷ᠎ᠠ ᠪᠤᠯᠪᠠ᠃   
︹ ᠬᠠᠷᠠᠯᠳᠡ ᠲᠠᠪᠤ ︺ ᠨᠢᠬᠡᠴᠢ ᠡᠨᠧᠷᠬᠢ ᠶᠢᠨ ᠬᠤᠷᠤᠭᠳᠠᠯ ᠢ 3.4% ᠠᠴᠠ ᠲᠡᠭᠡᠭᠰᠢ ᠪᠠᠭᠤᠷᠠᠭᠤᠯᠬᠤ᠄ ᠪᠤᠬᠢᠷᠳᠤᠯ ᠦᠭᠡᠢ ᠬᠦᠭᠵᠢᠯᠳᠡ ᠶᠢ ᠪᠤᠳᠠᠳᠠᠢ ᠨᠠᠶᠢᠳᠠᠪᠤᠷᠢᠵᠢᠭᠤᠯᠤᠨ᠎ᠠ ᠢᠯᠡᠳᠬᠡᠯ ᠳᠤ᠂ 2016 ᠤᠨ ᠳᠤ ᠨᠢᠬᠡᠴᠢ GDP ᠶᠢᠨ ᠡᠨᠧᠷᠬᠢ ᠶᠢᠨ ᠬᠤᠷᠤᠭᠳᠠᠯ ᠢ 3.4% ᠠᠴᠠ ᠲᠡᠭᠡᠭᠰᠢ ᠪᠠᠭᠤᠷᠠᠭᠤᠯᠤᠨ᠎ᠠ ᠬᠡᠵᠥ ᠲᠤᠷᠠᠳᠴᠠᠢ᠃    
︹ ᠬᠠᠷᠠᠯᠳᠡ ᠵᠢᠷᠭᠤᠭ᠎ᠠ ︺ 1000 ᠲᠦᠮᠡ ᠠᠴᠠ ᠲᠡᠭᠡᠭᠰᠢᠬᠢ ᠬᠦᠮᠥᠨ ᠢ ᠶᠠᠳᠠᠭᠤ ᠠᠴᠠ ᠠᠩᠬᠢᠵᠢᠷᠠᠭᠤᠯᠬᠤ᠄ ᠶᠠᠳᠠᠭᠤ ᠠᠴᠠ ᠠᠩᠬᠢᠵᠢᠷᠠᠭᠤᠯᠵᠥ ᠪᠤᠭᠤᠮᠳᠠ ᠰᠢᠪᠳᠤᠯᠬᠤ ᠠᠵᠢᠯ ᠤᠨ ᠤᠨᠢᠨ ᠲᠡᠭᠡᠷ᠎ᠡ ᠨᠢ ᠬᠦᠴᠦᠯᠡᠨ᠎ᠠ    ᠢᠯᠡᠳᠬᠡᠯ ᠳᠤ᠂ 2016 ᠤᠨ ᠳᠤ ᠬᠦᠳᠡᠭᠡ ᠲᠤᠰᠬᠤᠨ ᠤ 1000 ᠲᠦᠮᠡ ᠠᠴᠠ ᠲᠡᠭᠡᠭᠰᠢᠬᠢ ᠶᠠᠳᠠᠭᠤ ᠬᠦᠴᠢᠷᠳᠡᠯᠳᠡᠢ ᠬᠦᠮᠥᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠶᠢ ᠪᠡᠶᠡᠯᠡᠬᠦᠯᠥᠨ᠎ᠡ ᠬᠡᠵᠥ ᠲᠤᠷᠠᠳᠪᠠ᠃    ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ ᠳᠤ ᠡᠬᠢᠯᠡᠯᠳᠡ ᠶᠢᠨ ᠤᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠲᠦᠢᠯ ᠤᠨ ᠬᠦᠨᠳᠤ ᠶᠤᠮ᠃ 2015 ᠤᠨ ᠳᠤ ᠪᠦᠬᠦ ᠤᠯᠤᠰ ᠤᠨ ᠶᠠᠳᠠᠭᠤ ᠬᠦᠴᠢᠷᠳᠡᠯᠳᠡᠢ ᠬᠦᠮᠥᠨ ᠠᠮᠠ ᠲᠡᠭᠡᠷ᠎ᠡ ᠵᠢᠯ ᠤᠨ ᠬᠢ ᠠᠴᠠ 1442 ᠲᠦᠮᠡ ᠪᠠᠭᠠᠰᠤᠭᠰᠠᠠ ᠤ ᠲᠠᠷᠠᠭ᠎ᠠ᠂ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠡᠢ ᠬᠦᠮᠤᠨ ᠠᠮᠠ ᠪᠠᠰᠠ 5575 ᠲᠦᠮᠡ ᠦᠯᠡᠳᠡᠵᠥ ᠪᠠᠶᠢᠨ᠎ᠠ᠃    
︹ ᠬᠠᠷᠠᠯᠳᠡ ᠲᠤᠯᠤᠭ᠎ᠠ ︺ CPI ᠤᠨ ᠨᠡᠮᠡᠭᠳᠡᠯ ᠤᠨ ᠬᠡᠮᠵᠢᠶ᠎ᠡ ᠶᠢ 3% ᠰᠢᠬᠠᠮ ᠪᠠᠶᠢᠯᠭᠠᠬᠤ᠄ ᠪᠠᠷᠠᠭᠠᠨ ᠤ ᠦᠨ᠎ᠡ ᠶᠢᠨ ᠶᠡᠷᠤᠩᠬᠡᠢ ᠲᠦᠪᠰᠢᠨ ᠢ ᠦᠨᠳᠦᠰᠦᠨ ᠳᠡᠭᠡᠨ ᠲᠤᠭᠳᠠᠭᠤᠨ ᠪᠤᠯᠭᠠᠨ᠎ᠠ ᠪᠠᠷᠠᠭᠠᠨ ᠤ ᠦᠨ᠎ᠡ ᠶᠢᠨ ᠡᠵᠡᠮᠰᠢᠯ ᠲᠤᠬᠢᠷᠠᠭᠤᠯᠭ᠎ᠠ ᠶᠢᠨ ᠬᠠᠷᠠᠯᠳᠡ ᠶᠢᠨ ᠲᠠᠯ᠎ᠠ ᠪᠠᠷ᠂ ᠢᠯᠡᠳᠬᠡᠯ ᠳᠤ᠂ 2016 ᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠶᠢᠨ ᠨᠡᠮᠡᠭᠳᠡᠯ ᠤᠨ ᠬᠡᠮᠵᠢᠶ᠎ᠡ ᠶᠢ 3% ᠰᠢᠬᠠᠮ ᠪᠠᠶᠢᠯᠭᠠᠨ᠎ᠠ ᠬᠡᠵᠥ ᠲᠤᠷᠠᠳᠪᠠ᠃ ᠡᠨᠡᠬᠦ ᠬᠠᠷᠠᠯᠳᠡ ᠨᠢ ᠨᠢᠳᠤᠨᠤᠨ ᠤ ᠬᠠᠷᠠᠯᠳᠡ ᠲᠠᠢ ᠠᠳᠠᠯᠢ ᠪᠤᠢ᠂ ᠨᠢᠳᠤᠨᠤᠨ ᠤ ᠪᠤᠳᠠᠳᠠᠢ ᠨᠡᠮᠡᠭᠳᠡᠯ ᠤᠨ ᠬᠡᠮᠵᠢᠶ᠎ᠡ 1.4% ᠳᠤ ᠬᠦᠷᠴᠠᠢ᠃    
︹ ᠬᠠᠷᠠᠯᠳᠡ ᠨᠠᠢᠮᠠ ︺ ᠭᠠᠳᠠᠭᠠᠳᠤ ᠤᠷᠤᠭᠤᠯᠤᠯᠳᠠ ᠭᠠᠷᠭᠠᠯᠳᠡ ᠶᠢ ᠲᠤᠭᠳᠠᠭᠤᠨ ᠢᠶᠠᠷ ᠰᠠᠶᠢᠵᠢᠷᠠᠭᠤᠯᠬᠤ᠄ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠦ ᠪᠠᠶᠢᠭᠠᠳ ᠠᠰᠢᠭ ᠦᠭᠡᠢ ᠭᠠᠳᠠᠭᠠᠳᠤ ᠤᠷᠴᠢᠨ ᠲᠤᠭᠤᠷᠢᠨ ᠢ ᠠᠷᠭᠠᠴᠠᠨ᠎ᠠ    ᠦᠩᠭᠡᠷᠡᠭᠰᠡᠡ ᠵᠢᠯ ᠤᠨ ᠬᠢ ᠲᠠᠢ ᠠᠳᠠᠯᠢ ᠦᠭᠡᠢ ᠨᠢ ᠭᠡᠪᠡᠯ᠂ ᠡᠨᠡ ᠵᠢᠯ ᠤᠨ ᠢᠯᠡᠳᠭᠡᠯ ᠳᠤ ᠭᠠᠳᠠᠭᠠᠳᠤ ᠤᠷᠤᠭᠤᠯᠤᠯᠳᠠ ᠭᠠᠷᠭᠠᠯᠳᠡ ᠶᠢᠨ ᠨᠡᠮᠡᠭᠳᠡᠯ ᠤᠨ ᠬᠠᠷᠠᠯᠳᠡ ᠳᠤ ᠪᠤᠳᠠᠳᠠᠢ ᠲᠤᠭ᠎ᠠ ᠲᠤᠷᠠᠳᠤᠭᠰᠠᠠ ᠦᠭᠡᠢ᠂ ᠬᠠᠷᠢᠨ ︽ ᠭᠠᠳᠠᠭᠠᠳᠤ ᠤᠷᠤᠭᠤᠯᠤᠯᠳᠠ ᠭᠠᠷᠭᠠᠯᠳᠡ ᠶᠢ ᠲᠤᠭᠳᠠᠭᠤᠨ ᠢᠶᠠᠷ ᠰᠠᠶᠢᠵᠢᠷᠠᠭᠤᠯᠤᠨ᠎ᠠ︾ ᠬᠡᠵᠥ ᠲᠤᠷᠠᠳᠴᠠᠢ᠃



  
     
     