 

ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠴᠠᠭᠠᠨ ᠰᠠᠷ᠎ᠠ ᠳᠤ ᠵᠤᠷᠢᠭᠤᠯᠤᠭᠰᠠᠨ ᠳᠤᠯᠤᠭᠠᠨ ᠰᠠᠨᠠᠭᠤᠯᠭ᠎ᠠ

2020-01-10 22:00
  283
  0


                   ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠤᠤ ᠸᠧᠨ ᠵᠢᠶᠦ᠋ᠨ


  2020 ᠤᠨ ᠤ ᠴᠠᠭᠠᠨ ᠰᠠᠷ᠎ᠠ ᠤᠢᠢᠷᠠᠳᠴᠤ᠂ ᠤᠯᠠᠨ ᠲᠦᠮᠡᠨ ᠤ ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠦᠩᠭᠡᠷᠡᠭᠦᠯᠬᠦ ᠳᠤ ᠵᠤᠷᠢᠭᠤᠯᠤᠨ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠲᠦᠷᠦᠭᠦᠬᠡᠨ ᠴᠠᠭᠠᠨ ᠰᠠᠷ᠎ᠠ ᠶᠢᠨ ᠬᠡᠷᠡᠭᠯᠡᠭᠡᠨ ᠤ ᠲᠤᠬᠠᠢ ᠲᠤᠯᠤᠭᠠᠨ ᠲᠠᠯ᠎ᠠ ᠶᠢᠨ ᠰᠠᠨᠠᠭᠤᠯᠭ᠎ᠠ ᠨᠡᠶᠢᠳᠡᠯᠡᠵᠠᠢ᠃

  ᠠᠮᠢ ᠪᠡᠶ᠎ᠠ ᠡᠳ᠋ ᠬᠦᠷᠦᠩᠭᠡ ᠶᠢᠨ ᠠᠮᠤᠷ ᠲᠦᠪᠰᠢᠨ ᠪᠤᠯᠤᠨ ᠬᠤᠪᠢ ᠶᠢᠨ ᠨᠢᠭᠤᠴᠠ ᠪᠠᠨ ᠬᠠᠮᠠᠭᠠᠯᠠᠬᠤ ᠬᠡᠷᠡᠭᠳᠠᠢ
  ᠴᠠᠭᠠᠨ ᠰᠠᠷ᠎ᠠ ᠶᠢᠨ ᠬᠤᠭᠤᠴᠠᠭᠠᠨ ᠳᠤ᠂ ᠭᠠᠳᠠᠭᠰᠢ ᠶᠠᠪᠤᠵᠤ ᠵᠢᠭᠤᠯᠴᠢᠯᠠᠬᠤ᠂ ᠪᠠᠷᠠᠭ᠎ᠠ ᠬᠤᠳᠠᠯᠳᠤᠨ ᠠᠪᠬᠤ ᠡᠰᠡᠭᠦᠯ᠎ᠠ ᠬᠤᠭᠤᠯᠠᠨ ᠤ ᠭᠠᠵᠠᠷ ᠲᠤ ᠢᠳᠡᠵᠤ ᠤᠤᠭᠤᠬᠤ ᠳᠠᠭᠠᠨ ᠴᠦᠮ ᠦᠪᠡᠷ ᠤᠨ ᠠᠮᠢ ᠪᠡᠶ᠎ᠠ ᠪᠠ ᠡᠳ᠋ ᠬᠦᠷᠦᠩᠭᠡ ᠶᠢᠨ ᠠᠮᠤᠷ ᠲᠦᠪᠰᠢᠨ ᠢᠶᠠᠨ ᠰᠠᠶᠢᠳᠦᠷ ᠬᠠᠮᠠᠭᠠᠯᠠᠬᠤ ᠬᠡᠷᠡᠭᠳᠠᠢ᠃ ᠰᠦᠯᠵᠢᠶᠡᠨ ᠳᠡᠭᠡᠷ᠎ᠠ ᠲᠤᠭᠠᠴᠠᠭ᠎ᠠ ᠬᠢᠬᠦ ᠳᠡᠭᠡᠨ ᠬᠤᠪᠢ ᠶᠢᠨ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠦᠭᠴᠤ ᠪᠤᠯᠬᠤ ᠦᠭᠡᠢ᠂ ᠮᠡᠷᠭᠡᠨ ᠴᠤᠬᠤᠷ ᠢ ᠬᠠᠮᠢᠶ᠎ᠠ ᠬᠠᠶᠢᠳᠠᠭ ᠦᠭᠡᠢ ᠰᠢᠷᠪᠢᠭᠡᠳ ᠯᠡ ᠪᠠᠶᠢᠵᠤ ᠪᠤᠯᠬᠤ ᠦᠭᠡᠢ᠂ ᠬᠤᠪᠢ ᠶᠢᠨ ᠨᠢᠭᠤᠴᠠ ᠪᠠᠨ ᠰᠠᠶᠢᠳᠦᠷ ᠬᠠᠮᠠᠭᠠᠯᠠᠵᠤ᠂ ︽ᠱᠠᠩᠨᠠᠯ ᠤᠯᠤᠭᠰᠠᠨ︾ ᠭᠡᠬᠦ ᠮᠡᠳᠦ ᠶᠢᠨ ︽ᠲᠩᠷᠢ ᠠᠴᠠ ᠱᠠᠯᠪᠢᠩ ᠤᠨᠠᠬᠤ︾ ᠶᠠᠪᠤᠳᠠᠯ ᠢ ᠬᠢᠯᠪᠠᠷᠬᠠᠨ ᠢᠶᠠᠷ ᠢᠳᠡᠭᠡᠵᠤ ᠪᠤᠯᠬᠤ ᠦᠭᠡᠢ᠃ ᠰᠦᠯᠵᠢᠶ᠎ᠠ ᠪᠠᠷ ᠲᠡᠷᠭᠡᠨ ᠤ ᠪᠢᠯᠧᠲ᠂ ᠡᠭᠦᠳᠡᠨ ᠪᠢᠯᠧᠲ ᠵᠡᠷᠭᠡ ᠶᠢ ᠬᠤᠳᠠᠯᠳᠤᠨ ᠠᠪᠬᠤ ᠳᠠᠭᠠᠨ ᠰᠦᠯᠵᠢᠶᠡᠨ ᠤ ᠦᠨᠡᠨ ᠬᠠᠭᠤᠷᠮᠠᠭ ᠢ ᠠᠩᠬᠠᠷᠴᠤ᠂ ︽ᠪᠢᠯᠧᠲ ᠰᠠᠷᠢᠭᠠᠯᠠᠭᠴᠢ︾ ᠠᠴᠠ ᠪᠢᠯᠧᠲ ᠬᠤᠳᠠᠯᠳᠤᠨ ᠠᠪᠬᠤ ᠦᠭᠡᠢ ᠪᠠᠶᠢᠵᠤ᠂ ᠮᠡᠬᠡᠯᠡᠭᠳᠡᠬᠦ ᠠᠴᠠ ᠬᠢᠴᠢᠶᠡᠬᠦ ᠬᠡᠷᠡᠭᠳᠠᠢ᠃
  ᠮᠦᠰᠦ ᠴᠠᠰᠤᠨ ᠳᠤ ᠲᠠᠰᠢᠵᠤ ᠴᠠᠨᠠᠯᠠᠬᠤ ᠭᠠᠵᠠᠷ ᠢᠶᠠᠷ ᠨᠠᠭᠠᠳᠬᠤ ᠳᠠᠭᠠᠨ ᠡᠷᠬᠡᠪᠰᠢ ᠡᠵᠡᠩᠨᠡᠯᠳᠡ ᠶᠢᠨ ᠦᠨᠡᠮᠯᠡᠯ ᠪᠦᠷᠢᠨ ᠭᠦᠢᠴᠡᠳ ᠠᠮᠤᠷ ᠲᠦᠪᠰᠢᠨ ᠭᠠᠵᠠᠷ ᠢ ᠰᠤᠩᠭᠤᠵᠤ᠂ ᠠᠮᠤᠷ ᠲᠦᠪᠰᠢᠨ ᠢ ᠬᠠᠮᠠᠭᠠᠯᠠᠬᠤ ᠲᠦᠬᠦᠭᠡᠷᠤᠮᠵᠢ ᠶᠢᠨ ᠪᠠᠶᠢᠳᠠᠯ ᠢ ᠰᠠᠶᠢᠳᠤᠷ ᠠᠩᠬᠠᠷᠴᠤ᠂ ᠵᠤᠬᠢᠬᠤ ᠬᠡᠮᠵᠢᠶᠠᠨ ᠤ ᠳᠠᠭᠠᠳᠬᠠᠯ ᠠᠪᠴᠤ᠂ ᠭᠡᠷᠡᠴᠢ ᠪᠠᠷᠢᠮᠳᠠ ᠪᠠᠨ ᠰᠠᠶᠢᠳᠦᠷ ᠬᠠᠳᠠᠭᠠᠯᠠᠬᠤ ᠬᠡᠷᠡᠭᠳᠠᠢ᠃ ᠬᠤᠸᠠᠷ ᠫᠤᠤᠵᠢᠩ ᠤᠨ ᠵᠦᠢᠯᠡᠰ ᠬᠤᠳᠠᠯᠳᠤᠨ ᠠᠪᠬᠤ ᠳᠠᠭᠠᠨ ᠠᠮᠤᠷ ᠲᠦᠪᠰᠢᠨ᠂ ᠪᠤᠬᠢᠷᠳᠤᠯ ᠦᠭᠡᠢ ᠪᠠᠶᠢᠬᠤ ᠶᠢ ᠴᠢᠬᠤᠯᠠᠴᠢᠯᠠᠵᠤ᠂ ᠵᠤᠬᠢᠬᠤ ᠬᠡᠮᠵᠢᠶ᠎ᠠ ᠪᠠᠷ ᠢᠶᠠᠨ ᠠᠪᠴᠤ᠂ ᠠᠮᠦᠷ ᠲᠦᠪᠰᠢᠨ ᠢᠶᠠᠷ ᠵᠦᠭᠡᠭᠡᠪᠤᠷᠢᠯᠡᠵᠤ ᠬᠠᠳᠠᠭᠠᠯᠠᠨ᠂ ᠫᠤᠤᠵᠢᠩ ᠳᠠᠯᠪᠢᠬᠤ ᠶᠢ ᠴᠠᠭᠠᠵᠠᠯᠠᠵᠤ ᠬᠢᠵᠠᠭᠠᠷᠯᠠᠬᠤ ᠲᠤᠭᠳᠠᠭᠠᠯ ᠢ ᠰᠠᠶᠢᠳᠦᠷ ᠵᠢᠷᠤᠮᠯᠠᠬᠤ ᠬᠡᠷᠡᠭᠳᠠᠢ᠃

  ᠴᠠᠭᠠᠨ ᠰᠠᠷ᠎ᠠ ᠶᠢᠨ ᠪᠠᠷᠠᠭ᠎ᠠ ᠪᠠᠨ ᠡᠵᠡᠩᠨᠡᠯᠳᠡ ᠶᠢᠨ ᠦᠨᠡᠮᠯᠡᠯ ᠪᠦᠷᠢᠨ ᠭᠦᠢᠴᠡᠳ ᠳᠡᠯᠭᠡᠭᠦᠷ ᠠᠴᠠ ᠠᠪᠤᠭᠠᠷᠠᠢ
  ᠴᠠᠭᠠᠨ ᠰᠠᠷ᠎ᠠ ᠶᠢᠨ ᠪᠠᠷᠠᠭ᠎ᠠ ᠪᠠᠨ ᠡᠵᠡᠩᠨᠡᠯᠳᠡ ᠶᠢᠨ ᠦᠨᠡᠮᠯᠡᠯ ᠪᠦᠷᠢᠨ ᠭᠦᠢᠴᠡᠳ ᠳᠡᠯᠭᠡᠭᠦᠷ ᠠᠴᠠ ᠠᠪᠴᠤ᠂ ᠦᠢᠯᠡᠳᠪᠦᠷᠢᠯᠡᠭᠰᠡᠨ ᠡᠳᠦᠷ ᠰᠠᠷ᠎ᠠ ᠪᠤᠯᠤᠨ ᠴᠢᠨᠠᠷ ᠢ ᠪᠠᠳᠤᠯᠠᠬᠤ ᠬᠤᠭᠤᠴᠠᠭ᠎ᠠ ᠶᠢ ᠠᠩᠬᠠᠷᠴᠤ᠂ ᠰᠦᠯᠵᠢᠶᠡᠨ ᠳᠡᠭᠡᠷ᠎ᠠ ᠠᠴᠠ ᠪᠠᠷᠠᠭ᠎ᠠ ᠬᠤᠳᠠᠯᠳᠤᠨ ᠠᠪᠬᠤ ᠳᠠᠭᠠᠨ ᠴᠤ ᠡᠵᠡᠩᠨᠡᠯᠳᠡ ᠶᠢᠨ ᠦᠨᠡᠮᠯᠡᠯ ᠪᠦᠷᠢᠨ ᠭᠦᠢᠴᠡᠳ ᠤᠯᠠᠨ ᠳᠤ ᠮᠡᠳᠡᠷᠡᠭᠳᠡᠭᠰᠡᠨ ᠢᠳᠡᠭᠡᠮᠵᠢᠳᠠᠢ ᠰᠦᠯᠵᠢᠶᠡᠨ ᠤ ᠲᠠᠪᠴᠠᠩ ᠢ ᠰᠤᠩᠭᠤᠵᠤ᠂ ︽ᠳᠤᠯᠤᠭᠠᠨ ᠡᠳᠦᠷ ᠲᠤ ᠰᠢᠯᠳᠠᠭ ᠦᠭᠡᠢ ᠪᠠᠷ ᠪᠠᠷᠠᠭ᠎ᠠ ᠪᠠᠨ ᠪᠤᠴᠠᠭᠠᠬᠤ︾ ᠡᠷᠬᠡ ᠪᠠᠨ ᠵᠤᠬᠢᠰᠳᠠᠢ ᠬᠡᠷᠡᠭᠯᠡᠵᠦ᠂ ᠲᠠᠸᠠᠷ ᠤᠨ ᠴᠢᠨᠠᠷ ᠴᠢᠨᠰᠠᠭ᠎ᠠ ᠪᠠ ᠦᠨ᠎ᠠ ᠬᠠᠩᠰᠢ ᠶᠢ ᠨᠠᠷᠢᠨ ᠰᠤᠳᠤᠯᠤᠨ ᠪᠠᠶᠢᠴᠠᠭᠠᠵᠤ᠂ ᠬᠤᠳᠠᠯᠳᠤᠭᠠᠴᠢᠳ ᠤᠨ ᠤᠬᠠᠭᠤᠯᠭ᠎ᠠ ᠪᠠ ᠦᠳᠦᠭᠡᠯᠭᠡ ᠶᠢ ᠬᠢᠯᠪᠠᠷᠬᠠᠨ ᠢᠶᠠᠷ ᠢᠳᠡᠭᠡᠬᠦ ᠦᠭᠡᠢ ᠪᠠᠶᠢᠵᠤ᠂ ᠬᠢᠮᠳᠠ ᠪᠠᠷ ᠬᠤᠳᠠᠯᠳᠤᠵᠤ ᠪᠠᠶᠢᠭ᠎ᠠ ᠲᠠᠸᠠᠷ ᠤᠨ ᠬᠢᠮᠳᠠᠷᠠᠭᠰᠠᠨ ᠰᠢᠯᠳᠠᠭᠠᠨ ᠢ ᠨᠢ ᠨᠠᠷᠢᠨ ᠤᠢᠢᠯᠠᠭᠠᠬᠤ ᠬᠡᠷᠡᠭᠳᠠᠢ᠃ ᠬᠤᠳᠠᠯᠳᠤᠭᠠᠴᠢᠳ ᠤᠨ ᠶᠤᠰᠤ ᠪᠤᠰᠤ ᠪᠠᠷ ᠵᠠᠬᠢᠶᠠᠯᠠᠭ᠎ᠠ ᠶᠢ ᠬᠦᠴᠦᠨ ᠦᠭᠡᠢ ᠪᠤᠯᠭᠠᠬᠤ ᠠᠵᠢᠯᠯᠠᠭ᠎ᠠ ᠶᠢ ᠰᠡᠷᠭᠡᠶᠢᠯᠡᠵᠤ᠂ ᠵᠠᠬᠢᠶᠠᠯᠠᠭ᠎ᠠ ᠶᠢᠨ ᠳᠠᠩᠰᠠ᠂ ᠦᠢᠯᠡᠴᠢᠯᠡᠭᠡᠨ ᠤ ᠬᠦᠮᠦᠰ ᠯᠦᠭᠡ ᠶᠢᠨ ᠶᠠᠷᠢᠯᠴᠠᠭ᠎ᠠ ᠵᠡᠷᠭᠡ ᠬᠤᠯᠪᠤᠭᠳᠠᠯ ᠭᠡᠷᠡᠴᠢ ᠪᠠᠷᠢᠮᠳᠠ ᠪᠠᠨ ᠰᠠᠶᠢᠳᠤᠷ ᠬᠠᠳᠠᠭᠠᠯᠠᠬᠤ ᠬᠡᠷᠡᠭᠳᠠᠢ᠃

  ᠪᠢᠳᠡᠭᠦᠨ ᠤ ᠬᠤᠭᠤᠯᠠ ᠵᠠᠬᠢᠶᠠᠯᠠᠬᠤ ᠳᠠᠭᠠᠨ ᠬᠤᠭᠤᠯᠠᠨ ᠤ ᠭᠠᠵᠠᠷ ᠢ ᠰᠠᠶᠢᠳᠤᠷ ᠰᠤᠩᠭᠤᠵᠤ ᠨᠠᠷᠢᠨ ᠵᠦᠢᠯᠡᠰ ᠢᠶᠠᠨ ᠳᠤᠳᠤᠷᠬᠠᠢᠢᠯᠠᠬᠤ ᠬᠡᠷᠡᠭᠳᠠᠢ
  ᠤᠯᠠᠨ ᠲᠦᠮᠡᠨ ᠪᠢᠳᠡᠭᠦᠨ ᠤ ᠬᠤᠭᠤᠯᠠ ᠶᠢ ᠤᠷᠢᠳᠴᠢᠯᠠᠨ ᠵᠠᠬᠢᠶᠠᠯᠠᠬᠤ ᠪᠤᠶᠤ ᠬᠤᠭᠤᠯᠠᠨ ᠤ ᠭᠠᠵᠠᠷ ᠲᠤ ᠤᠴᠢᠵᠤ ᠬᠤᠭᠤᠯᠠ ᠢᠳᠡᠬᠦ ᠳᠡᠭᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠠᠴᠠ ᠦᠨᠡᠯᠡᠭᠰᠡᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠨᠢ B ᠳᠡᠰ ᠠᠴᠠ ᠳᠡᠭᠡᠭᠰᠢᠬᠢ ᠬᠤᠭᠤᠯᠠᠨ ᠤ ᠭᠠᠵᠠᠷ ᠢ ᠰᠤᠩᠭᠤᠬᠤ ᠬᠡᠷᠡᠭᠳᠠᠢ᠃ ᠠᠯᠢ ᠴᠢᠳᠠᠬᠤ ᠪᠠᠷ ᠬᠤᠭᠤᠯᠠᠨ ᠤ ᠭᠠᠵᠠᠷ ᠲᠤ ᠬᠦᠷᠴᠤ ᠤᠷᠢᠳᠴᠢᠯᠡᠨ ᠪᠠᠶᠢᠴᠠᠭᠠᠨ ᠦᠵᠡᠬᠦ ᠶᠢᠨ ᠬᠠᠮᠳᠤ ᠪᠢᠴᠢᠭ ᠤᠨ ᠭᠡᠷ᠎ᠠ ᠲᠤᠭᠳᠠᠵᠤ᠂ ᠨᠠᠷᠢᠨ ᠵᠦᠢᠯᠡᠰ ᠢᠶᠠᠨ ᠲᠤᠳᠤᠷᠬᠠᠢᠢᠯᠠᠵᠤ᠂ ᠬᠤᠭᠤᠯᠠ ᠪᠠ ᠦᠢᠯᠡᠴᠢᠯᠡᠭᠡᠨ ᠤ ᠠᠭᠤᠯᠭ᠎ᠠ ᠶᠢ ᠳᠤᠳᠤᠷᠬᠠᠢ ᠤᠢᠢᠯᠠᠭᠠᠬᠤ ᠬᠡᠷᠡᠭᠳᠠᠢ᠃ ᠬᠤᠭᠤᠯᠠᠨ ᠤ ᠭᠠᠵᠠᠷ ᠤᠨ ᠲᠤᠭᠳᠠᠭᠠᠭᠰᠠᠨ ᠤᠨᠴᠠᠭᠠᠢ ᠠᠭᠤᠯᠭ᠎ᠠ ᠶᠢ ᠤᠷᠢᠳ ᠢᠶᠠᠷ ᠳᠤᠳᠤᠷᠬᠠᠢ ᠤᠢᠢᠯᠠᠭᠠᠬᠤ ᠬᠡᠷᠡᠭᠳᠠᠢ᠃

  ᠵᠢᠭᠤᠯᠴᠢᠯᠠᠬᠤ ᠪᠠᠷ ᠶᠠᠪᠤᠬᠤ ᠳᠠᠭᠠᠨ ᠵᠠᠮ ᠱᠤᠭᠤᠮ ᠢᠶᠠᠨ ᠤᠨᠤᠪᠴᠢᠳᠠᠢ ᠰᠤᠩᠭᠤᠵᠦ ᠬᠢᠮᠳᠠ ᠦᠨ᠎ᠠ ᠶᠢᠨ ᠤᠨᠠᠭᠤᠯᠢ ᠳᠤ ᠤᠷᠤᠬᠤ ᠶᠢ ᠰᠡᠷᠡᠮᠵᠢᠯᠡᠬᠦ ᠬᠡᠷᠡᠭᠳᠡᠢ
  ᠴᠠᠭᠠᠨ ᠰᠠᠷ᠎ᠠ ᠪᠠᠷ ᠵᠢᠭᠤᠯᠴᠢᠯᠠᠬᠤ ᠬᠡᠷᠡᠭᠯᠡᠭᠴᠢᠳ ᠮᠠᠨᠢ ᠡᠷᠬᠡᠪᠰᠢ ᠡᠵᠡᠩᠨᠡᠯᠳᠡ ᠶᠢᠨ ᠦᠨᠡᠮᠯᠡᠯ ᠪᠦᠷᠢᠨ ᠭᠦᠢᠴᠡᠳ ᠵᠢᠭᠤᠯᠴᠢᠯᠠᠯ ᠤᠨ ᠬᠤᠷᠢᠶ᠎ᠠ ᠶᠢ ᠰᠤᠩᠭᠤᠵᠦ᠂ ᠵᠢᠭᠤᠯᠴᠢᠯᠠᠯ ᠬᠢᠬᠦ ᠵᠠᠮ ᠱᠤᠭᠤᠮ ᠢᠶᠠᠨ ᠤᠨᠤᠪᠴᠢᠳᠠᠢ ᠰᠤᠩᠭᠤᠨ᠂ ᠵᠢᠭᠤᠯᠴᠢᠯᠡᠯ ᠬᠢᠬᠦ ᠬᠡᠷ᠎ᠠ ᠳᠤᠬᠢᠷᠠᠯᠴᠠᠵᠦ᠂ ᠬᠢᠮᠳᠠ ᠦᠨ᠎ᠠ ᠶᠢᠨ ᠤᠨᠠᠭᠤᠯᠢ ᠶᠢ ᠴᠢᠩᠭ᠎ᠠ ᠰᠡᠷᠡᠮᠵᠢᠯᠡᠵᠦ᠂ ᠵᠢᠭᠤᠯᠴᠢᠯᠡᠯ ᠤᠨ ᠦᠵᠡᠮᠵᠢ ᠶᠢᠨ ᠤᠷᠤᠨ᠂ ᠬᠤᠨᠤᠬ ᠬᠤᠭᠤᠯᠠ ᠶᠢᠨ ᠳᠠᠯᠠᠪᠤᠷ ᠵᠢᠴᠢ ᠳᠡᠯᠬᠡᠬᠦᠷ ᠲᠤ ᠤᠷᠤᠵᠦ ᠪᠠᠷᠠᠭ᠎ᠠ ᠬᠤᠳᠠᠯᠳᠤᠨ ᠠᠪᠬᠤ ᠵᠡᠷᠬᠡ ᠤᠴᠢᠷ ᠶᠠᠪᠤᠳᠠᠯ ᠢ ᠬᠡᠷ᠎ᠠ ᠳᠡᠭᠡᠨ ᠲᠤᠳᠤᠷᠬᠠᠢ ᠪᠢᠴᠢᠵᠦ᠂ ᠬᠤᠳᠠᠯᠳᠤᠭᠠᠴᠢᠨ ᠤ ᠵᠦᠢᠯ ᠵᠢᠰᠦᠮ ᠤᠨ ᠤᠬᠠᠭᠤᠯᠭ᠎ᠠ ᠦᠳᠦᠬᠡᠯᠬᠡ ᠶᠢ ᠬᠢᠯᠪᠡᠷᠬᠠᠨ ᠢᠳᠡᠬᠡᠬᠦ ᠦᠭᠡᠢ ᠪᠠᠶᠢᠵᠤ᠂ ᠮᠡᠬᠡᠯᠡᠭᠳᠡᠬᠦ ᠠᠴᠠ ᠪᠤᠯᠭᠤᠮᠵᠢᠯᠠᠬᠤ ᠬᠡᠷᠡᠭᠳᠡᠢ᠃ ᠬᠡᠷᠡᠭᠯᠡᠭᠴᠢᠳ ᠬᠡᠷᠪᠡ ᠦᠢᠯᠡᠴᠢᠯᠡᠭᠡᠨ ᠤ ᠳᠠᠪᠴᠠᠩ ᠢᠶᠠᠷ ᠳᠠᠮᠵᠢᠨ ᠵᠢᠭᠤᠯᠴᠢᠯᠠᠯ ᠤᠨ ᠪᠦᠲᠦᠭᠡᠭᠳᠡᠭᠦᠨ ᠰᠤᠩᠭᠤᠨ ᠠᠪᠬᠤ ᠳᠤ ᠡᠷᠬᠡᠪᠰᠢ ᠳᠠᠪᠴᠠᠩ ᠤᠨ ᠬᠦᠢᠴᠡᠳᠬᠡᠬᠦ ᠶᠤᠰᠤᠳᠠᠢ ᠡᠬᠦᠷᠬᠡ ᠬᠠᠷᠢᠭᠤᠴᠠᠯᠭ᠎ᠠ ᠶᠢ ᠨᠢ ᠰᠠᠶᠢᠳᠦᠷ ᠤᠢᠢᠯᠠᠭᠠᠵᠤ᠂ ᠵᠠᠬᠢᠶᠠᠯᠠᠭ᠎ᠠ ᠶᠢᠨ ᠳᠠᠨᠩᠰᠠ᠂ ᠵᠤᠭᠤᠬᠳᠠᠬᠰᠠᠨ ᠳᠡᠮᠳᠡᠭᠯᠡᠯ ᠢᠶᠠᠨ ᠰᠠᠶᠢᠳᠤᠷ ᠬᠠᠳᠠᠭᠠᠯᠠᠵᠦ᠂ ᠳᠠᠪᠴᠠᠩ ᠨᠢ ᠬᠠᠷᠢᠭᠤᠴᠠᠯᠭ᠎ᠠ ᠪᠠᠨ ᠳᠦᠯᠬᠢᠬᠦ ᠠᠴᠠ ᠪᠤᠯᠵᠦ ᠮᠡᠳᠡᠬᠦ ᠬᠤᠬᠢᠷᠠᠯ ᠢ ᠰᠡᠷᠬᠡᠶᠢᠯᠡᠬᠦ ᠬᠡᠷᠡᠭᠳᠡᠢ᠃

  ᠬᠡᠷ ᠴᠡᠪᠡᠷᠯᠡᠭᠴᠢ ᠰᠤᠩᠭᠤᠬᠤ ᠳᠠᠭᠠᠨ ᠡᠷᠬᠡᠪᠰᠢ ᠦᠨᠡᠮᠯᠡᠯ ᠪᠦᠷᠢᠨ ᠭᠦᠢᠴᠡᠳ ᠠᠵᠦ ᠠᠬᠤᠢᠢᠯᠡᠯ ᠢ ᠡᠩ ᠳᠡᠷᠢᠬᠦᠨ ᠳᠤ ᠰᠤᠩᠭᠤᠵᠦ᠂ ᠬᠦᠳᠡᠯᠮᠤᠷᠢ ᠦᠢᠯᠡᠴᠢᠯᠡᠭᠡᠨ ᠤ ᠵᠦᠪᠯᠡᠯᠴᠡᠬᠡᠷ ᠳᠤᠬᠢᠷᠠᠯᠴᠠᠬᠤ ᠬᠡᠷᠡᠭᠳᠡᠢ
  ᠴᠠᠭᠠᠨ ᠰᠠᠷ᠎ᠠ ᠪᠤᠯᠬᠤ ᠠᠴᠠ ᠡᠮᠤᠨ᠎ᠠ᠂ ᠬᠡᠷ ᠴᠡᠪᠡᠷᠯᠡᠬᠦ ᠦᠢᠯᠡᠴᠢᠯᠡᠭᠡ ᠬᠠᠯᠠᠮᠰᠢᠯ ᠪᠤᠯᠳᠠᠭ᠃ ᠬᠡᠷᠡᠭᠯᠡᠭᠴᠢᠳ ᠮᠠᠨᠢ ᠬᠡᠷ ᠴᠡᠪᠡᠷᠯᠡᠬᠦ ᠦᠢᠯᠡᠴᠢᠯᠡᠭᠡ ᠶᠢ ᠰᠤᠩᠭᠤᠬᠤ ᠳᠠᠭᠠᠨ ᠡᠷᠬᠡᠪᠰᠢ ᠦᠨᠡᠮᠯᠡᠯ ᠪᠦᠷᠢᠨ ᠭᠦᠢᠴᠡᠳ ᠠᠵᠦ ᠠᠬᠤᠢᠢᠯᠡᠯ ᠢ ᠰᠤᠩᠭᠤᠵᠦ᠂ ᠬᠦᠳᠡᠯᠮᠤᠷᠢ ᠦᠢᠯᠡᠴᠢᠯᠡᠬᠡᠨ ᠤ ᠵᠦᠪᠯᠡᠯᠴᠡᠬᠡᠷ ᠳᠤᠬᠢᠷᠠᠯᠴᠠᠵᠦ᠂ ᠬᠦᠢᠴᠡᠳᠬᠡᠬᠦ ᠴᠠᠭ ᠬᠤᠭᠤᠴᠠᠭ᠎ᠠ᠂ ᠦᠢᠯᠡᠴᠢᠯᠡᠬᠡᠨ ᠤ ᠠᠭᠤᠯᠭ᠎ᠠ᠂ ᠦᠢᠯᠡᠴᠢᠯᠡᠬᠡᠨ ᠤ ᠵᠠᠷᠤᠳᠠᠯ ᠪᠠ ᠠᠮᠠᠷᠠᠯᠳᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠤ ᠤᠨᠴᠠᠭᠠᠢ ᠴᠠᠬ ᠦᠶ᠎ᠠ ᠳᠠᠬᠢ ᠵᠠᠷᠤᠳᠠᠯ ᠮᠦᠩᠬᠦ ᠵᠡᠷᠬᠡ ᠳᠠᠯ᠎ᠠ ᠪᠠᠷ ᠳᠤᠳᠤᠷᠬᠠᠢ ᠪᠤᠯᠵᠤᠭ᠎ᠠ ᠬᠢᠬᠦ ᠬᠡᠷᠡᠭᠳᠡᠢ᠃ ᠡᠭᠦᠨ ᠤ ᠬᠠᠮᠳᠤ ᠬᠡᠷ ᠲᠤ ᠢᠷᠡᠵᠦ ᠦᠢᠯᠡᠴᠢᠯᠡᠬᠦ ᠬᠡᠷ ᠴᠡᠪᠡᠷᠯᠡᠭᠴᠢ ᠶᠢᠨ ᠡᠷᠡᠬᠦᠯ ᠮᠡᠨᠳᠦ ᠶᠢᠨ ᠦᠨᠡᠮᠯᠡᠯ ᠵᠡᠷᠬᠡ ᠶᠢ ᠨᠢ ᠯᠠᠪᠯᠠᠨ ᠦᠵᠡᠬᠦ ᠶᠢ ᠠᠩᠬᠠᠷᠤᠯ ᠳᠠᠭᠠᠨ ᠠᠪᠤᠭᠠᠷᠠᠢ᠃

  ᠢᠳᠡᠬᠡᠮᠵᠢᠳᠡᠢ ᠡᠰᠡᠬᠦ ᠶᠢ ᠨᠢ ᠤᠢᠢᠯᠠᠭᠠᠵᠤ᠂ ᠤᠷᠢᠳᠴᠢᠯᠠᠭᠠᠳ ᠲᠤᠭᠠᠴᠠᠭ᠎ᠠ ᠬᠢᠬᠦ ᠳᠡᠭᠡᠨ ᠬᠢᠴᠢᠶᠡᠮᠵᠢ ᠲᠠᠢ ᠪᠠᠶᠢᠭᠠᠷᠠᠢ
  ᠤᠢᠢᠷ᠎ᠠ ᠶᠢᠨ ᠵᠢᠯ ᠠᠴᠠ ᠤᠷᠢᠳᠴᠢᠯᠠᠭᠠᠳ ᠲᠤᠭᠠᠴᠠᠭ᠎ᠠ ᠬᠢᠭᠰᠡᠨ ᠤ ᠳᠠᠷᠠᠭᠠᠬᠢ ᠬᠡᠷᠡᠭᠯᠡᠬᠡᠨ ᠤ ᠵᠢᠭᠤᠷᠠᠯᠳᠤᠭᠠᠨ ᠲᠠᠰᠤᠷᠠᠯᠳᠠ ᠦᠭᠡᠢ ᠭᠠᠷᠴᠦ ᠪᠤᠢ᠃ ᠬᠡᠷᠡᠭᠯᠡᠭᠴᠢᠳ ᠮᠠᠨᠢ ᠵᠢᠰᠦ ᠭᠤᠶᠤᠯᠠᠬᠤ ᠦᠰᠦ ᠵᠠᠰᠠᠬᠤ᠂ ᠪᠠᠶ᠎ᠠ ᠪᠠᠨ ᠴᠢᠬᠢᠷᠠᠬᠵᠢᠭᠤᠯᠬᠤ᠂ ᠳᠡᠷᠬᠡ ᠤᠬᠢᠶᠠᠬᠤ ᠵᠡᠷᠬᠡ ᠤᠷᠢᠳᠴᠢᠯᠡᠨ ᠵᠤᠭᠤᠰ ᠢ ᠨᠢ ᠪᠤᠳᠤᠵᠦ ᠦᠭᠬᠦ ᠬᠡᠷᠡᠭᠯᠡᠭᠡ ᠬᠢᠬᠦ ᠳᠡᠭᠡᠨ ᠡᠷᠬᠡᠪᠰᠢ ᠠᠵᠦ ᠠᠬᠤᠢᠢᠯᠡᠯ ᠤᠨ ᠢᠳᠡᠬᠡᠮᠵᠢ ᠪᠤᠯᠤᠨ ᠡᠵᠡᠩᠨᠡᠯᠳᠡ ᠶᠢᠨ ᠪᠠᠶᠢᠳᠠᠯ ᠢ ᠨᠢ ᠪᠦᠬᠦ ᠳᠠᠯ᠎ᠠ ᠪᠠᠷ ᠤᠢᠢᠯᠠᠭᠠᠨ ᠮᠡᠳᠡᠵᠦ᠂ ᠬᠡᠷᠡᠭᠯᠡᠭᠴᠢᠳ ᠤᠨ ᠦᠨᠡᠯᠡᠯᠳᠡ ᠶᠢ ᠭᠤᠤᠯᠳᠠᠯᠭ᠎ᠠ ᠲᠠᠢ ᠠᠩᠬᠠᠷᠤᠯ ᠳᠠᠭᠠᠨ ᠠᠪᠴᠦ᠂ ᠮᠦᠩᠭᠦ ᠪᠠᠨ ᠬᠤᠮᠢᠵᠦ ᠠᠪᠤᠭᠠᠳ ᠭᠤᠳ ᠳᠤᠳᠠᠭᠠᠬᠤ ᠪᠠᠶᠢᠳᠠᠯ ᠤᠯᠠᠨᠳᠠ ᠡᠬᠦᠰᠴᠤ ᠪᠠᠶᠢᠭ᠎ᠠ ᠠᠵᠢᠯ ᠳᠦᠷᠦᠯ ᠠᠵᠤ ᠠᠬᠤᠢᠢᠯᠠᠯ ᠤᠨ ᠮᠡᠬᠡᠯᠡᠯ ᠳᠤ ᠤᠨᠠᠬᠤ ᠠᠴᠠ ᠪᠤᠯᠭᠤᠮᠵᠢᠯᠠᠬᠤ ᠬᠡᠷᠡᠭᠳᠡᠢ᠃ ᠤᠬᠠᠭᠠᠯᠢᠭ ᠬᠡᠷᠡᠭᠯᠡᠭᠡ ᠬᠢᠵᠦ᠂ ᠬᠡᠷᠡᠭᠴᠡᠭᠡ ᠪᠠᠨ ᠦᠨᠳᠦᠰᠦᠯᠡᠨ ᠮᠦᠩᠬᠦ ᠭᠠᠷᠭᠠᠬᠤ ᠶᠢ ᠪᠠᠷᠢᠮᠳᠠᠯᠠᠵᠦ᠂ ᠰᠤᠬᠤᠷ ᠪᠠᠯᠠᠢ ᠪᠠᠷ ᠠᠶᠠᠳᠠᠨ ᠳᠠᠭᠠᠬᠤ ᠶᠢ ᠴᠡᠬᠡᠷᠯᠡᠨ᠂ ᠶᠡᠬᠡᠪᠡᠷ ᠬᠢᠮᠳᠠᠷᠠᠭᠤᠯᠬᠤ ᠤᠬᠠᠭᠤᠯᠭ᠎ᠠ ᠶᠢ ᠬᠢᠯᠪᠡᠷᠬᠠᠨ ᠢᠳᠡᠬᠡᠬᠦ ᠦᠬᠡᠢ ᠪᠠᠶᠢᠵᠦ᠂ ᠮᠠᠭᠤ ᠰᠠᠨᠠᠭ᠎ᠠ ᠲᠠᠢ ᠬᠤᠳᠠᠯᠳᠤᠭᠠᠴᠢᠳ ᠤᠨ ᠮᠦᠩᠬᠦ ᠪᠠᠨ ᠬᠤᠮᠢᠵᠤ ᠠᠪᠤᠭᠠᠳ ᠭᠤᠳ ᠳᠤᠳᠠᠭᠠᠬᠤ ᠶᠢ ᠰᠡᠷᠡᠮᠵᠢᠯᠡᠬᠦ ᠬᠡᠷᠡᠭᠳᠡᠢ᠃

  ᠨᠠᠰᠤᠳᠠᠶᠢᠴᠤᠳ ᠮᠡᠬᠡᠯᠡᠭᠳᠡᠬᠦ ᠠᠴᠠ ᠬᠢᠴᠢᠶᠡᠬᠦ ᠬᠡᠷᠡᠭᠳᠡᠢ
  2020 ᠤᠨ ᠤ 1 ᠰᠠᠷ᠎ᠠ ᠠᠴᠠ ᠡᠬᠢᠯᠡᠨ᠂ ᠡᠷᠡᠭᠦᠯᠵᠢᠯ ᠤᠨ ᠢᠳᠡᠬᠡᠨ ᠤ ᠰᠡᠷᠡᠮᠵᠢᠯᠡᠬᠦᠯᠦᠯ ᠦᠭᠬᠦ ᠦᠬᠡ ᠨᠢ ᠳᠠᠸᠠᠷ ᠤᠨ ᠬᠠᠮᠤᠬ ᠤᠨ ᠪᠠᠭ᠎ᠠ ᠪᠤᠭᠤᠳᠠᠯ ᠤᠨ ᠭᠤᠤᠯ ᠪᠤᠯᠬᠤ ᠨᠢᠭᠤᠷ ᠳᠠᠯ᠎ᠠ ᠶᠢᠨ ᠡᠵᠡᠯᠡᠬᠦᠨ ᠤ 20% ᠠᠴᠠ ᠪᠠᠭ᠎ᠠ ᠪᠠᠶᠢᠵᠦ ᠪᠤᠯᠬᠤ ᠦᠬᠡᠢ ᠪᠤᠯᠵᠠᠢ᠃ ᠦᠷ᠎ᠠ ᠬᠡᠤᠬᠡᠳ ᠪᠤᠯᠤᠬᠰᠠᠳ ᠨᠠᠰᠤᠳᠠᠨ ᠳᠠᠭᠠᠨ ᠡᠷᠡᠭᠦᠯᠵᠢᠯ ᠤᠨ ᠢᠳᠡᠬᠡᠨ ᠤᠮᠳᠠᠭᠠᠨ ᠬᠤᠳᠠᠯᠳᠤᠨ ᠠᠪᠴᠦ ᠦᠭᠬᠦ ᠳᠡᠭᠡᠨ ᠡᠷᠬᠡᠪᠰᠢ ︽ᠡᠷᠡᠭᠦᠯᠵᠢᠯ ᠤᠨ ᠡᠳ᠋ ᠪᠤᠯ ᠡᠮ ᠤᠨ ᠵᠦᠢᠯᠡᠰ ᠢ ᠤᠷᠤᠯᠠᠵᠦ ᠪᠤᠯᠬᠤ ᠦᠬᠡᠢ︾ ᠬᠡᠰᠡᠨ ᠰᠡᠷᠡᠮᠵᠢᠯᠡᠬᠦᠯᠦᠯ ᠤᠨ ᠦᠬᠡ ᠶᠢ ᠰᠠᠶᠢᠳᠤᠷ ᠴᠡᠭᠡᠵᠢᠯᠡᠵᠦ᠂ ᠡᠷᠡᠬᠦᠯᠵᠢᠯ ᠤᠨ ᠡᠳ᠋ ᠤᠨ ᠦᠰᠬᠡᠭᠡᠨ ᠳᠦᠰᠬᠡᠭᠡᠨ ᠲᠠᠢ ᠤᠬᠠᠭᠤᠯᠭ᠎ᠠ ᠳᠤ ᠬᠠᠭᠤᠷᠳᠠᠬᠳᠠᠬᠤ ᠠᠴᠠ ᠪᠤᠯᠭᠤᠮᠵᠢᠯᠠᠬᠤ ᠬᠡᠷᠡᠭᠳᠡᠢ᠃ ᠵᠠᠷᠢᠮ ᠡᠵᠡᠩᠨᠡᠭᠴᠢ ᠪᠤᠯ ᠠᠮᠠᠷᠠᠯᠳᠠ ᠪᠠᠶᠠᠷ ᠳᠤᠷᠠᠰᠬᠠᠯ ᠤᠨ ᠡᠳᠦᠷ ᠢ ᠠᠰᠢᠬᠯᠠᠨ ᠡᠯᠳᠡᠪ ᠤᠨ ᠨᠠᠷ᠎ᠠ ᠪᠠᠷ ᠪᠤᠷᠤᠯᠠᠭᠤᠯᠭ᠎ᠠ ᠶᠢᠨ ᠤᠬᠠᠭᠤᠯᠭ᠎ᠠ ᠬᠢᠵᠦ᠂ ᠨᠠᠰᠤ ᠠᠬᠢᠬᠰᠠᠨ ᠬᠦᠮᠦᠰ ᠲᠤ ᠬᠠᠭᠤᠷᠮᠠᠬ ᠴᠢᠨᠠᠷ ᠮᠠᠭᠤᠳᠠᠢ ᠡᠳ᠋ ᠢᠶᠠᠨ ᠪᠤᠷᠤᠯᠠᠭᠤᠯᠳᠠᠭ ᠶᠤᠮ᠃



  
     
     