-
2251010
ᠬᠥᠬᠡᠬᠤᠲᠠ ᠶᠢᠨ ᠠᠵᠢᠯ ᠦᠢᠯᠡᠰ ᠤᠨ ᠨᠢᠭᠡᠴᠡ 379 ᠠᠵᠢᠯᠲᠠᠨ ᠡᠯᠰᠡᠬᠦ ᠪᠠᠷ ᠪᠤᠢ
2019-11-06 19:01
127
0
ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠲᠠᠢ ᠪᠠᠷ᠂ ᠬᠥᠬᠡᠬᠤᠲᠠ ᠪᠣᠳᠠᠲᠤ ᠬᠡᠷᠡᠭᠴᠡᠭᠡ ᠪᠠᠨ ᠦᠨᠳᠦᠰᠦᠯᠡᠨ ᠨᠡᠶᠢᠭᠡᠮ ᠲᠡᠭᠡᠷ᠎ᠡ ᠠᠴᠠ 379 ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠢᠯᠡ ᠪᠠᠷ ᠡᠯᠰᠡᠬᠦ ᠪᠠᠷ ᠪᠤᠢ᠃ ᠠᠯᠪᠠᠨ ᠵᠠᠷᠯᠠᠯ ᠨᠢ ᠲᠤᠤᠷᠠᠬᠢ ᠮᠡᠲᠦ᠄
ᠨᠢᠭᠡ᠂ ᠨᠡᠷ᠎ᠡ ᠮᠡᠳᠡᠭᠦᠯᠬᠦ ᠨᠥᠬᠦᠴᠡᠯ
ᠨᠡᠷ᠎ᠡ ᠮᠡᠳᠡᠭᠦᠯᠬᠦ ᠨᠥᠬᠦᠴᠡᠯ ᠢ ︽ᠬᠥᠬᠡᠬᠤᠲᠠ ᠶᠢᠨ 2019 ᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠲᠣᠪᠴᠢ ᠳᠦᠷᠢᠮ︾ ︵ᠳᠣᠷᠣᠭᠰᠢ ︽ᠲᠣᠪᠴᠢ ᠳᠦᠷᠢᠮ︾ ᠭᠡᠵᠦ ᠲᠣᠪᠴᠢᠯᠠᠨ᠎ᠠ︶ ᠪᠣᠯᠤᠨ ︽ᠬᠥᠬᠡᠬᠤᠲᠠ ᠶᠢᠨ 2019 ᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ︵ᠳᠣᠷᠣᠭᠰᠢ ︽ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠭᠡᠵᠦ ᠲᠣᠪᠴᠢᠯᠠᠨ᠎ᠠ︶ ᠠᠴᠠ ᠦᠵᠡᠭᠡᠷᠡᠶ᠃
︽ᠲᠣᠪᠴᠢ ᠳᠦᠷᠢᠮ︾᠂ ︽ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠶᠢ 2019 ᠤᠨ ᠤ 11 ᠰᠠᠷ᠎ᠠ ᠶᠢᠨ 10 ᠤ ᠡᠳᠦᠷ ᠬᠥᠬᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠦ ᠯᠠᠪᠯᠠᠵᠦ ᠦᠵᠡᠵᠦ ᠪᠤᠯᠤᠨ᠎ᠠ᠃
ᠬᠤᠶᠠᠷ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ
︵1︶ ︽ᠲᠥᠷᠥᠯ ᠵᠦᠶ᠋ᠯ ᠤᠨ ᠠᠵᠢᠯᠲᠠᠨ ᠤ ᠠᠵᠢᠯ ᠤᠨ ᠪᠠᠶᠢᠷᠢ︾᠂ ︽ᠮᠣᠩᠭᠤᠯ ᠬᠢᠲᠠᠳ ᠬᠡᠯᠡᠨ ᠳᠤ ᠴᠠᠭᠠᠷᠠᠬᠰᠠᠨ ᠬᠥᠮᠦᠰ ︵ᠮᠣᠩᠭᠤᠯ ᠢᠶᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ︶ ᠤᠨ ᠠᠵᠢᠯ ᠤᠨ ᠪᠠᠶᠢᠷᠢ︾ ᠳᠤ ᠨᠡᠷ᠎ᠡ ᠮᠡᠳᠡᠭᠦᠯᠬᠦ ᠴᠠᠭ᠄ 2019 ᠤᠨ ᠤ 11 ᠰᠠᠷ᠎ᠠ ᠶᠢᠨ 11 ᠤ ᠡᠳᠦᠷ ᠤᠨ 9 ᠴᠠᠭ — 11 ᠰᠠᠷ᠎ᠠ ᠶᠢᠨ 14 ᠤ ᠡᠳᠦᠷ ᠤᠨ 17 ᠴᠠᠭ᠃
︵2︶ ︽ᠡᠩ ᠤᠨ ᠠᠵᠢᠯ ᠤᠨ ᠪᠠᠶᠢᠷᠢ︾ ᠳᠤ ᠨᠡᠷ᠎ᠡ ᠮᠡᠳᠡᠭᠦᠯᠬᠦ ᠴᠠᠭ᠄ 2019 ᠤᠨ ᠤ 11 ᠰᠠᠷ᠎ᠠ ᠶᠢᠨ 20 ᠤ ᠡᠳᠦᠷ ᠤᠨ 9 ᠴᠠᠭ — 11 ᠰᠠᠷ᠎ᠠ ᠶᠢᠨ 23 ᠤ ᠡᠳᠦᠷ ᠤᠨ 17 ᠴᠠᠭ᠃
ᠭᠤᠷᠪᠠ᠂ ᠨᠡᠷ᠎ᠡ ᠮᠡᠳᠡᠭᠦᠯᠬᠦ ᠵᠢᠴᠢ ᠪᠠᠶᠢᠴᠠᠭᠠᠨ ᠯᠠᠪᠯᠠᠬᠤ ᠰᠦᠯᠵᠢᠶ᠎ᠡ
ᠬᠥᠬᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ
ᠰᠦᠯᠵᠢᠶᠡᠨ ᠤ ᠬᠠᠶ᠋ᠢᠭ᠄ http://www.hhpta.org.cn
ᠳᠥᠷᠪᠡ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠳᠠᠰᠦ
ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄
︵0471︶ 3987339 / 3987336
ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠤᠲᠠᠰᠤ᠄
︵0471︶ 4606265
ᠬᠥᠬᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠢᠯᠭᠠᠯᠲᠠ ᠶᠢᠨ ᠠᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ
2019 ᠤᠨ ᠤ 11 ᠰᠠᠷ᠎ᠠ ᠶᠢᠨ 4 ᠤ ᠡᠳᠦᠷ